ᠴᠢ ᠹᠧᠢ ᠶᠦᠨ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠬᠤᠷᠠᠯ ᠵᠢᠴᠢ ᠣᠨᠣᠯ ᠰᠤᠷᠤᠯᠴᠠᠯᠭ᠎ᠠ ᠶᠢᠨ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠶᠢᠨ ᠬᠤᠷᠠᠯ ᠢ ᠬᠤᠷᠠᠯᠳᠤᠭᠤᠯᠵᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/4/23
    ᠲᠦᠷᠦᠭᠦᠬᠡᠨ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠬᠤᠷᠠᠯ ᠬᠤᠷᠠᠯᠳᠤᠭᠤᠯᠵᠤ᠂ ᠶᠡᠷᠦᠩᠬᠡᠢ ᠱᠦᠵᠢ ᠰᠢ ᠶᠢᠨ ᠫᠢᠩ ᠤᠨ ᠵᠥᠪ ᠣᠨᠣᠪᠴᠢᠲᠠᠶ ᠠᠵᠢᠯ ᠤᠨ ᠪᠦᠲᠦᠮᠵᠢ ᠶᠢᠨ ᠦᠵᠡᠯᠲᠡ ᠶᠢ ᠪᠤᠶ ᠪᠣᠯᠭᠠᠨ ᠦᠢᠯᠡᠳᠦᠯᠭᠡᠵᠢᠭᠦᠯᠬᠦ ᠲᠤᠬᠠᠢ ᠴᠢᠬᠤᠯᠠ ᠥᠭᠦᠯᠡᠯᠲᠡ᠂ ︽ᠪᠦᠬᠦ ᠨᠠᠮ ᠤᠨ ᠳᠣᠲᠣᠷ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠥᠪ ᠬᠤᠷᠢᠶᠠᠨ ᠤ ᠠᠯᠪᠠᠨ ᠲᠢᠩᠬᠢᠮ ᠤᠨ ᠮᠡᠳᠡᠭᠳᠡᠯ︾᠂ ᠵᠢᠴᠢ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠣᠯᠣᠨ ᠬᠤᠲᠠ ᠶᠢᠨ ᠨᠠᠮ ᠤᠨ ᠬᠤᠷᠢᠶ᠎ᠠ ᠶᠢᠨ ᠨᠠᠮ ᠤᠨ ᠪᠠᠶᠢᠭᠤᠯᠤᠯᠲᠠ ᠶᠢᠨ ᠠᠵᠢᠯ ᠤᠨ ᠤᠳᠤᠷᠢᠳᠬᠤ ᠳᠤᠭᠤᠶᠢᠯᠠᠩ ᠤᠨ ᠬᠤᠷᠠᠯ ᠤᠨ ᠵᠣᠷᠢᠭ ᠰᠠᠨᠠᠭ᠎ᠠ ᠶᠢ ᠤᠯᠠᠮᠵᠢᠯᠠᠨ ᠰᠤᠷᠤᠯᠴᠠᠵᠤ᠂ ︽ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠲᠤᠬᠠᠢ ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠠᠵᠢᠯ ᠤᠨ ᠲᠥᠰᠥᠯ︾ ᠪᠣᠯᠣᠨ ᠭᠤᠣᠯᠳᠠᠯᠭ᠎ᠠ ᠲᠠᠢ ᠵᠦᠢᠯᠡᠰ ᠤᠨ ᠨᠠᠷᠢᠨ ᠲᠠᠩᠰᠠ ᠶᠢ ᠬᠢᠨᠠᠨ ᠶᠠᠷᠢᠯᠴᠠᠵᠤ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠪᠠ᠃ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ᠂ ᠬᠤᠲᠠ ᠶᠢᠨ ᠵᠠᠰᠠᠭ ᠤᠨ ᠣᠷᠳᠣᠨ ᠤ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ ᠴᠢ ᠹᠧᠢ ᠶᠦᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠢ᠃    ᠬᠤᠷᠠᠯ ᠠᠴᠠ᠂ ᠵᠥᠪ ᠣᠨᠣᠪᠴᠢᠲᠠᠢ ᠠᠵᠢᠯ ᠤᠨ ᠪᠦᠲᠦᠮᠵᠢ ᠶᠢᠨ ᠦᠵᠡᠯᠲᠡ ᠶᠢ ᠪᠠᠲᠤ ᠪᠤᠢ ᠪᠣᠯᠭᠠᠬᠤ ᠪᠠ ᠦᠢᠯᠡᠳᠦᠯᠭᠡᠵᠢᠭᠦᠯᠵᠦ᠂ ︽ᠳᠥᠷᠪᠡ ᠶᠢ ᠦᠨᠳᠦᠰᠦᠨ ᠱᠠᠲᠤᠨ ᠳᠤ ᠪᠠᠭᠤᠯᠭᠠᠬᠤ︾ ᠠᠵᠢᠯ ᠤᠨ ᠳᠦᠷᠢᠮ ᠢ ᠭᠦᠨᠵᠡᠭᠡᠢ ᠦᠢᠯᠡᠳᠦᠯᠭᠡᠵᠢᠭᠦᠯᠵᠦ᠂ ᠢᠳᠡᠪᠬᠢᠲᠡᠢ ᠪᠠᠷ ᠬᠠᠷᠢᠭᠤᠴᠠᠯᠭ᠎ᠠ ᠡᠭᠦᠷᠭᠡᠯᠡᠨ ᠠᠵᠢᠯ ᠶᠠᠪᠤᠳᠠᠯ ᠬᠢᠵᠦ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠬᠡᠵᠦ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠵᠦ᠂ ᠦᠢᠯᠡᠳᠦᠯᠭᠡ᠂ ᠠᠷᠠᠳ ᠲᠦᠮᠡᠨ᠂ ᠲᠡᠦᠬᠡ ᠶᠢᠨ ᠰᠢᠯᠭᠠᠯᠲᠠ ᠶᠢ ᠳᠠᠭᠠᠭᠠᠵᠤ ᠳᠡᠶᠢᠯᠬᠦ ᠪᠣᠳᠠᠲᠤ ᠠᠮᠵᠢᠯᠲᠠ ᠶᠢ ᠴᠢᠷᠮᠠᠶᠢᠨ ᠡᠭᠦᠳᠬᠦ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢᠨ ᠴᠢᠬᠤᠯᠠ ᠠᠴᠢ ᠬᠤᠯᠪᠣᠭᠳᠠᠯ ᠢ ᠭᠦᠨᠵᠡᠭᠡᠢ ᠲᠠᠨᠢᠵᠤ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾ ᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠤᠨ ᠰᠤᠷᠤᠯᠴᠠᠵᠤ᠂ ︽ᠵᠢᠷᠭᠤᠭᠠᠨ ᠵᠦᠢᠯ ᠤᠨ ᠰᠠᠬᠢᠯᠭ᠎ᠠ ᠪᠠᠲᠤ︾ ᠶᠢᠨ ᠭᠤᠣᠯ ᠵᠣᠷᠢᠯᠲᠠ ᠴᠢᠬᠤᠯᠠ ᠠᠭᠤᠯᠭ᠎ᠠ ᠪᠠ ᠲᠣᠭᠲᠠᠭᠠᠯ ᠤᠨ ᠱᠠᠭᠠᠷᠳᠠᠯᠭ᠎ᠠ ᠶᠢ ᠣᠨᠣᠪᠴᠢᠲᠠᠢ ᠡᠵᠡᠮᠰᠢᠵᠦ᠂ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠲᠣᠳᠣᠷᠬᠠᠢ ᠪᠣᠯᠭᠠᠬᠤ᠂ ᠰᠠᠬᠢᠯᠭ᠎ᠠ ᠪᠠᠲᠤ ᠶᠢ ᠰᠠᠬᠢᠬᠤ ᠶᠢ ᠦᠨᠡᠨ ᠬᠦ ᠪᠡᠶᠡᠯᠡᠭᠦᠯᠬᠦ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠨᠠᠮ ᠤᠨ ᠲᠥᠪ ᠬᠤᠷᠢᠶ᠎ᠠ᠂ ᠥᠪᠡᠷᠲᠡᠭᠡᠨ ᠵᠠᠰᠠᠬᠤ ᠣᠷᠣᠨ ᠪᠠ ᠬᠤᠳᠠ ᠶᠢᠨ ᠨᠠᠮ ᠤᠨ ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ᠂ ᠭᠤᠣᠯ ᠠᠵᠢᠯ ᠢ ᠰᠠᠶᠢᠲᠤᠷ ᠬᠢᠬᠦ ᠲᠠᠢ ᠣᠷᠭᠠᠨᠢᠭ ᠢᠶᠠᠷ ᠤᠶᠠᠯᠳᠤᠭᠤᠯᠵᠤ᠂ ᠬᠤᠶᠠᠷ ᠲᠣᠮᠣ ᠶᠠᠪᠤᠳᠠᠯ ᠢ ᠰᠠᠶᠢᠲᠤᠷ ᠬᠢᠬᠦ ᠳᠤ ᠠᠩᠬᠠᠷᠤᠯ ᠢᠶᠠᠨ ᠲᠥᠪᠯᠡᠷᠡᠭᠦᠯᠵᠦ᠂ ︽ᠵᠢᠷᠭᠤᠭᠠᠨ ᠢᠨᠵᠧᠨᠧᠷᠢᠩ︾ ᠢ ᠭᠦᠨᠵᠡᠭᠡᠢ ᠬᠡᠷᠡᠭᠵᠢᠭᠦᠯᠵᠦ᠂ ᠡᠯ᠎ᠡ ᠵᠦᠢᠯ ᠤᠨ ᠭᠤᠣᠯᠳᠠᠯᠭ᠎ᠠ ᠲᠠᠢ ᠠᠵᠢᠯ ᠢ ᠪᠣᠳᠠᠲᠠᠢ ᠠᠳᠬᠤᠨ ᠰᠠᠶᠢᠲᠤᠷ ᠠᠳᠬᠤᠵᠤ᠂ ᠪᠦᠬᠦ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠠᠬᠢᠴᠠ ᠰᠢᠨ᠎ᠡ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ ᠵᠣᠬᠢᠶᠠᠨ ᠪᠠᠶᠢᠭᠤᠯᠤᠯᠲᠠ ᠶᠢᠨ ᠤᠳᠤᠷᠢᠳᠤᠯᠭ᠎ᠠ ᠪᠠᠨ ᠴᠢᠩᠭᠠᠳᠬᠠᠵᠤ᠂ ᠨᠠᠷᠢᠨ ᠬᠢᠨᠠᠮᠠᠭᠠᠢ ᠲᠥᠯᠥᠪᠵᠢᠭᠦᠯᠦᠨ ᠲᠣᠬᠢᠷᠠᠭᠤᠯᠵᠤ᠂ ᠴᠢᠩᠭ᠎ᠠ ᠬᠢᠨᠠᠨ ᠵᠢᠯᠤᠭᠤᠳᠴᠤ ᠨᠠᠶᠢᠳᠠᠪᠤᠷᠢᠵᠢᠭᠤᠯᠤᠨ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠭᠦᠨᠵᠡᠭᠡᠶᠢᠷᠡᠨ ᠪᠣᠳᠠᠲᠠᠶᠢᠵᠢᠬᠤ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃                                              ᠣᠷᠴᠢᠭᠤᠯᠤᠭᠴᠢ᠄ ᠭᠤᠸ᠎ᠠ                                              ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2