| | ︽ᠨᠠᠭᠠᠲᠤ ᠵᠠᠬ᠎ᠠ ᠶᠢᠨ ᠪᠠᠲᠤᠯᠠᠭ᠎ᠠ ᠶᠢ ᠤᠨᠢᠨ ᠳᠡᠭᠡᠷ᠎ᠡ ᠨᠢ ᠪᠠᠲᠤᠯᠠᠬᠤ︾ ᠶᠢ ᠪᠦᠬᠦ ᠲᠠᠯ᠎ᠠ ᠪᠠᠷ | ᠪᠡᠶᠡᠯᠡᠭᠦᠯᠬᠦ ᠶᠢᠨ ᠲᠥᠯᠥᠭᠡ᠂ ᠵᠢᠨᠢᠩ ᠲᠣᠭᠤᠷᠢᠭ ︽ᠬᠥᠮᠥᠨ ᠢᠶᠠᠷ ᠦᠨᠳᠦᠰᠦ ᠪᠣᠯᠭᠠᠬᠤ᠂ ᠠᠷᠠᠳ ᠤᠨ ᠲᠥᠯᠥᠭᠡ | ᠵᠠᠰᠠᠭ ᠪᠠᠷᠢᠬᠤ︾ ᠬᠥᠭᠵᠢᠯᠲᠡ ᠶᠢᠨ ᠣᠶᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠮᠢᠳᠤᠷᠠᠯ ᠤᠨ ᠨᠠᠭᠠᠲᠤ | ᠵᠠᠬ᠎ᠠ ᠶᠢᠨ ᠪᠠᠲᠤᠯᠠᠪᠤᠷᠢ ᠶᠢᠨ ᠠᠪᠤᠷᠠᠨ ᠲᠤᠰᠠᠯᠠᠬᠤ ᠪᠠᠷᠢᠮᠵᠢᠶ᠎ᠠ ᠶᠢ ᠵᠢᠯ ᠳᠠᠷᠠᠭᠠᠯᠠᠨ ᠳᠡᠭᠡᠭᠰᠢᠯᠡᠭᠦᠯᠬᠦ᠂ ᠠᠮᠢᠳᠤᠷᠠᠯ ᠤᠨ | ᠨᠠᠭᠠᠲᠤ ᠵᠠᠬ᠎ᠠ ᠶᠢᠨ ᠪᠠᠲᠤᠯᠠᠪᠤᠷᠢ ᠶᠢᠨ ᠬᠢᠨᠠᠨ ᠬᠠᠷᠭᠤᠭᠤᠯᠬᠤ ᠳᠦᠷᠢᠮ ᠢ ᠴᠢᠩᠳᠠᠯᠠᠬᠤ᠂ ᠬᠥᠳᠡᠭᠡ ᠲᠣᠰᠬᠤᠨ ᠤ | ᠠᠮᠢᠳᠤᠷᠠᠯ ᠤᠨ ᠨᠠᠭᠠᠲᠤ ᠵᠠᠬ᠎ᠠ ᠶᠢᠨ ᠪᠠᠲᠤᠯᠠᠪᠤᠷᠢ ᠶᠢᠨ ᠬᠢᠨᠠᠨ ᠪᠠᠶᠢᠴᠠᠭᠠᠬᠤ ᠲᠤᠰᠬᠠᠢ ᠵᠠᠰᠠᠯᠲᠠ ᠶᠢ ᠥᠷᠨᠢᠭᠦᠯᠬᠦ | ᠵᠡᠷᠭᠡ ᠤᠯᠠᠨ ᠵᠦᠢᠯ ᠤᠨ ᠠᠷᠭ᠎ᠠ ᠬᠡᠮᠵᠢᠶ᠎ᠡ ᠪᠠᠷ ᠳᠠᠮᠵᠢᠭᠤᠯᠤᠨ᠂ ᠠᠷᠠᠳ ᠤᠨ ᠠᠮᠢᠳᠤᠷᠠᠯ ᠤᠨ ᠪᠠᠲᠤᠯᠠᠪᠤᠷᠢ ᠶᠢᠨ | ᠬᠤᠷᠢᠭ᠎ᠠ ᠱᠤᠭᠤᠮ ᠢ ᠪᠠᠲᠤ ᠴᠢᠩᠭ᠎ᠠ ᠪᠠᠲᠤᠯᠠᠵᠤ᠂ ᠬᠦᠴᠢᠷᠳᠡᠯᠲᠡᠢ ᠤᠯᠠᠨ ᠲᠦᠮᠡᠨ ᠤ ᠦᠨᠳᠦᠰᠦᠨ ᠠᠮᠢᠳᠤᠷᠠᠯ ᠢ | ᠪᠦᠬᠦ ᠬᠦᠴᠦᠨ ᠢᠶᠠᠷ ᠢᠶᠠᠨ ᠪᠠᠲᠤᠯᠠᠪᠠ᠃ 1—4 ᠰᠠᠷ᠎ᠠ ᠳᠤ᠂ ᠵᠢᠨᠢᠩ ᠲᠣᠭᠤᠷᠢᠭ ᠤᠨ ᠬᠢᠨ ᠬᠤᠲᠠ ᠬᠥᠳᠡᠭᠡ ᠶᠢᠨ | ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ ᠪᠡᠯᠡ ᠮᠥᠩᠭᠦ ᠶᠢ ᠨᠡᠶᠢᠲᠡ 3302.09 ᠲᠦᠮᠡᠨ ᠲᠥᠭᠦᠷᠢᠭ | ᠲᠠᠷᠬᠠᠭᠠᠵᠤ᠂ ᠬᠤᠲᠠ ᠬᠥᠳᠡᠭᠡ ᠶᠢᠨ ᠨᠠᠭᠠᠲᠤ ᠵᠠᠬ᠎ᠠ ᠶᠢᠨ ᠠᠮᠢᠳᠤᠷᠠᠯ ᠤᠨ ᠪᠠᠲᠤᠯᠠᠭ᠎ᠠ ᠶᠢᠨ 42643 ᠡᠷᠦᠬᠡ ᠶᠢᠨ | 66592 ᠬᠥᠮᠥᠨ ᠤᠳᠠᠭ᠎ᠠ ᠳᠤ ᠠᠰᠢᠭ ᠬᠦᠷᠲᠡᠭᠡᠪᠡ᠃ ᠡᠭᠦᠨ ᠳᠤ᠂ ᠬᠤᠲᠠ ᠶᠢᠨ ᠠᠮᠢᠳᠤᠷᠠᠯ ᠤᠨ ᠨᠠᠭᠠᠲᠤ | ᠵᠠᠬ᠎ᠠ ᠶᠢᠨ ᠪᠠᠲᠤᠯᠠᠭ᠎ᠠ ᠭᠥᠷᠳᠡᠬᠦ ᠡᠲᠡᠭᠡᠳ 25639 ᠡᠷᠦᠬᠡ ᠶᠢᠨ 40789 ᠬᠥᠮᠥᠨ ᠤᠳᠠᠭ᠎ᠠ ᠳᠤ ᠬᠦᠷᠴᠦ᠂ | 1928. 84 ᠲᠦᠮᠡᠨ ᠲᠥᠭᠦᠷᠢᠭ ᠤᠨ ᠪᠡᠯᠡ ᠮᠥᠩᠭᠦ ᠲᠠᠷᠬᠠᠭᠠᠪᠠ︔ ᠬᠥᠳᠡᠭᠡ ᠲᠣᠰᠬᠤᠨ ᠤ ᠠᠮᠢᠳᠤᠷᠠᠯ ᠤᠨ | ᠨᠠᠭᠠᠲᠤ ᠵᠠᠬ᠎ᠠ ᠶᠢᠨ ᠪᠠᠲᠤᠯᠠᠭ᠎ᠠ ᠭᠥᠷᠳᠡᠬᠦ ᠡᠲᠡᠭᠡᠳ 17004 ᠡᠷᠦᠬᠡ ᠶᠢᠨ 25803 ᠬᠥᠮᠥᠨ ᠤᠳᠠᠭ᠎ᠠ ᠳᠤ | ᠬᠦᠷᠴᠦ᠂ 1373.25 ᠲᠦᠮᠡᠨ ᠲᠥᠭᠦᠷᠢᠭ ᠤᠨ ᠪᠡᠯᠡ ᠮᠥᠩᠭᠦ ᠲᠠᠷᠬᠠᠭᠠᠪᠠ᠃ | ᠤᠷᠴᠢᠭᠤᠯᠤᠭᠴᠢ᠄ ᠬᠦᠰᠡᠯ | | |