ᠤᠯᠠᠭᠠᠨᠴᠠᠪ ᠬᠤᠲᠠ ᠶᠢᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢ ᠤᠯᠠᠮ ᠨᠢᠭᠡ ᠠᠯᠬᠤᠮ ᠵᠢᠷᠤᠮᠵᠢᠭᠤᠯᠬᠤ ᠶᠢ ᠰᠠᠨᠠᠭᠤᠯᠬᠤ ᠰᠡᠷᠡᠮᠵᠢᠯᠡᠭᠦᠯᠬᠦ ᠵᠠᠬᠢᠳᠠᠯ
ᠨᠡᠶᠢᠲᠡᠯᠡᠭᠰᠡᠨ ᠴᠠᠭ᠄
2024/4/24
    ︽ᠲᠠᠪᠤᠨ ᠰᠠᠷ᠎ᠠ ᠶᠢᠨ ᠨᠢᠭᠡᠨ︾ ᠤ ᠠᠮᠠᠷᠠᠯᠲᠠ ᠶᠢᠨ ᠡᠳᠦᠷ ᠬᠦᠷᠴᠦ ᠢᠷᠡᠬᠦ ᠲᠠᠰᠢᠷᠠᠮ ᠢᠶᠠᠷ᠂ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠠᠵᠢᠯᠯᠠᠭ᠎ᠠ ᠶᠢ ᠤᠯᠠᠮ ᠨᠢᠭᠡ ᠠᠯᠬᠤᠮ ᠵᠢᠷᠤᠮᠵᠢᠭᠤᠯᠵᠤ᠂ ᠬᠡᠷᠡᠭᠯᠡᠭᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠵᠤ᠂ ᠵᠠᠬ᠎ᠠ ᠳᠡᠯᠭᠡᠭᠦᠷ ᠤᠨ ᠡᠷᠬᠡ ᠲᠡᠭᠰᠢ ᠪᠠᠷ ᠥᠷᠢᠰᠦᠯᠳᠦᠬᠦ ᠡᠮᠬᠢ ᠳᠢᠭᠯᠢᠮ ᠢ ᠦᠨᠡᠨᠬᠦ ᠬᠠᠮᠠᠭᠠᠯᠠᠵᠤ᠂ ︽ᠪᠡᠭᠡᠵᠢᠩ ᠠᠴᠠ ᠪᠠᠷᠠᠭᠤᠨᠰᠢ ᠨᠢᠭᠡ ᠠᠯᠬᠤᠪᠠᠯ ᠳᠠᠷᠤᠢ ᠤᠯᠠᠭᠠᠨᠴᠠᠪ︾ ᠪᠠ ︽ᠲᠠᠯ᠎ᠠ ᠨᠤᠲᠤᠭ ᠤᠨ ᠵᠤᠰᠠᠯᠠᠩ ᠤᠨ ᠬᠤᠲᠠ︾ ᠶᠢᠨ ᠨᠠᠷᠠᠲᠤ ᠳᠡᠮᠳᠡᠭᠳᠦ ᠶᠢ ᠪᠥᠬᠦ ᠲᠠᠯ᠎ᠠ ᠪᠠᠷ ᠤᠬᠠᠭᠤᠯᠬᠤ ᠶᠢᠨ ᠲᠤᠰᠠᠳᠠ᠂ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ︽ᠤᠯᠠᠭᠠᠨᠴᠠᠪ ᠬᠤᠲᠠ ᠶᠢᠨ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢ ᠤᠯᠠᠮ ᠨᠢᠭᠡ ᠠᠯᠬᠤᠮ ᠵᠢᠷᠤᠮᠵᠢᠭᠤᠯᠬᠤ ᠶᠢ ᠰᠠᠨᠠᠭᠤᠯᠬᠤ ᠰᠡᠷᠡᠮᠵᠢᠯᠡᠬᠦᠯᠬᠦ ᠵᠠᠬᠢᠳᠠᠯ︾ ᠢ ᠨᠡᠶᠢᠲᠡᠯᠡᠵᠦ᠂ ᠪᠥᠬᠦ ᠬᠤᠲᠠ ᠶᠢᠨ ᠥᠷᠭᠡᠨ ᠣᠯᠠᠨ ᠡᠵᠡᠩᠨᠡᠭᠴᠢᠳ ᠵᠢᠴᠢ ᠬᠠᠮᠢᠶ᠎ᠠ ᠪᠦᠬᠦᠢ ᠪᠠᠶᠢᠭᠤᠯᠭ᠎ᠠ ᠨᠢᠭᠡᠴᠢ ᠤᠳ ᠲᠤ ᠳᠣᠣᠷᠠᠬᠢ ᠮᠡᠲᠦ ᠰᠠᠨᠠᠭᠤᠯᠤᠶ᠎ᠠ᠄ ᠨᠢᠭᠡ᠂ ᠪᠡᠶ᠎ᠡ ᠪᠠᠨ ᠴᠢᠩᠭ᠎ᠠ ᠱᠠᠭᠠᠷᠳᠠᠵᠤ᠂ ᠢᠲᠡᠭᠡᠮᠵᠢᠲᠡᠢ ᠪᠠᠷ ᠡᠵᠡᠩᠨᠡᠬᠦ ᠬᠡᠷᠡᠭᠳᠡᠢ᠃     ᠡᠯ᠎ᠡ ᠬᠠᠮᠢᠶ᠎ᠠ ᠪᠦᠬᠦᠢ ᠡᠵᠡᠩᠨᠡᠭᠴᠢᠳ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠦᠨ᠎ᠡ ᠬᠠᠩᠰᠢ ᠶᠢᠨ ᠬᠠᠤᠯᠢ︾ ︽ᠦᠨ᠎ᠡ ᠬᠠᠩᠰᠢ ᠶᠢ ᠢᠯᠡ ᠲᠡᠮᠳᠡᠭᠯᠡᠬᠦ ᠪᠠ ᠦᠨ᠎ᠡ ᠬᠠᠩᠰᠢ ᠶᠢᠨ ᠮᠡᠬᠡᠯᠡᠯ ᠢ ᠴᠠᠭᠠᠵᠠᠯᠠᠬᠤ ᠲᠣᠭᠲᠠᠭᠠᠯ︾ ᠵᠡᠷᠭᠡ ᠬᠠᠤᠯᠢ ᠴᠠᠭᠠᠵᠠ ᠬᠠᠤᠯᠢ ᠲᠣᠭᠲᠠᠭᠠᠯ ᠢ ᠴᠢᠩᠭ᠎ᠠ ᠵᠢᠷᠤᠮᠯᠠᠵᠤ᠂ ᠲᠥᠪ ᠭᠤᠥᠯᠴᠢ᠂ ᠬᠠᠤᠯᠢ ᠶᠣᠰᠣᠨ ᠤ᠂ ᠦᠨᠡᠨᠴᠢ ᠰᠢᠳᠤᠷᠭᠤ᠂ ᠢᠲᠡᠭᠡᠮᠵᠢ ᠲᠠᠢ ᠪᠠᠶᠢᠬᠤ ᠵᠠᠷᠴᠢᠮ ᠢ ᠵᠢᠷᠤᠮᠯᠠᠵᠤ᠂ ᠥᠷᠭᠡᠨ ᠣᠯᠠᠨ ᠬᠡᠷᠡᠭᠯᠡᠭᠴᠢᠳ ᠲᠤ ᠦᠨ᠎ᠡ ᠬᠠᠩᠰᠢ ᠨᠢ ᠵᠦᠢ ᠵᠣᠬᠢᠰᠲᠠᠢ ᠲᠠᠸᠠᠷ ᠪᠠ ᠦᠢᠯᠡᠴᠢᠯᠡᠭᠡ ᠬᠠᠩᠭᠠᠵᠤ᠂ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠡᠮᠬᠢ ᠵᠢᠷᠤᠮ ᠪᠠ ᠣᠯᠠᠨ ᠨᠡᠶᠢᠲᠡ ᠶᠢᠨ ᠠᠰᠢᠭ ᠲᠤᠰᠠ ᠶᠢ ᠤᠬᠠᠮᠰᠠᠷ  ᠠᠴᠠ ᠪᠠᠨ ᠬᠠᠮᠠᠭᠠᠯᠠᠬᠤ ᠬᠡᠷᠡᠭᠲᠡᠢ᠃ ᠬᠤᠶᠠᠷ᠂ ᠦᠨ᠎ᠡ ᠬᠠᠩᠰᠢ ᠶᠢ ᠢᠯᠡ ᠪᠠᠶᠢᠯᠭᠠᠵᠤ᠂ ᠡᠵᠡᠩᠨᠡᠯᠲᠡ ᠶᠢ ᠵᠢᠷᠤᠮᠵᠢᠭᠤᠯᠬᠤ ᠬᠡᠷᠡᠭᠲᠡᠢ᠃     ᠡᠯ᠎ᠡ ᠬᠠᠮᠢᠶ᠎ᠠ ᠪᠦᠬᠦᠢ ᠡᠵᠡᠩᠨᠡᠭᠴᠢᠳ ᠲᠠᠸᠠᠷ ᠪᠠ ᠦᠢᠯᠡᠴᠢᠯᠡᠭᠡ᠂ ᠠᠵᠢᠯ ᠲᠥᠷᠥᠯ᠂ ᠣᠷᠣᠨ ᠪᠦᠰᠡ ᠵᠡᠷᠭᠡ ᠣᠨᠴᠠᠯᠢᠭ ᠢᠶᠠᠨ ᠦᠨᠳᠦᠰᠦᠯᠡᠨ᠂ ᠡᠵᠡᠩᠨᠡᠯᠲᠡ ᠶᠢᠨ ᠲᠠᠯᠠᠪᠤᠷ ᠤᠨ ᠢᠶᠠᠨ ᠢᠯᠡ ᠭᠠᠵᠠᠷ ᠲᠤ ᠲᠠᠸᠠᠷ ᠪᠠ ᠦᠢᠯᠡᠴᠢᠯᠡᠭᠡᠨ ᠤ ᠦᠨ᠎ᠡ ᠬᠠᠩᠰᠢ ᠶᠢ ᠨᠡᠶᠢᠲᠡᠯᠡᠵᠦ᠂ ᠦᠨᠡᠨ ᠪᠣᠳᠠᠲᠠᠢ ᠪᠥᠭᠡᠳ ᠣᠨᠣᠪᠴᠢᠲᠠᠶ᠂ ᠪᠠᠷᠠᠭᠠᠨ ᠤ ᠱᠣᠰᠢᠭ᠎ᠠ ᠲᠡᠮᠳᠡᠭ ᠢ ᠣᠷᠣᠨ ᠪᠠᠶᠢᠷᠢ ᠳᠤᠨᠢ ᠲᠠᠭᠠᠷᠠᠭᠤᠯᠵᠤ᠂ ᠢᠯᠡᠳᠬᠡᠮᠵᠢ ᠶᠢ ᠢᠯᠡ ᠪᠣᠯᠭᠠᠬᠤ ᠬᠡᠷᠡᠭᠲᠡᠢ᠃     ᠮᠡᠬᠡᠯᠡᠬᠦ ᠴᠢᠨᠠᠷᠲᠠᠢ ᠪᠠ ᠪᠤᠷᠤᠭᠤ ᠵᠦᠭ ᠬᠥᠲᠥᠯᠬᠦ ᠴᠢᠨᠠᠷᠲᠠᠢ ᠦᠭᠡ ᠬᠡᠯᠡ᠂ ᠦᠰᠦᠭ ᠪᠢᠴᠢᠭ᠂ ᠵᠢᠷᠤᠭ᠂ ᠬᠡᠮᠵᠢᠯᠲᠡ ᠶᠢᠨ ᠨᠢᠭᠡᠴᠢ ᠵᠡᠷᠭᠡ ᠬᠤᠳᠠᠯ ᠬᠠᠭᠤᠷᠮᠠᠭ ᠦᠨ᠎ᠡ ᠬᠠᠳᠠᠬᠤ᠂ ᠪᠠᠯᠠᠷᠬᠠᠢ ᠦᠨ᠎ᠡ ᠬᠠᠳᠠᠬᠤ ᠶᠢ ᠰᠡᠷᠭᠡᠶᠢᠯᠡᠬᠦ ᠬᠡᠷᠡᠭᠳᠡᠢ᠂ ᠬᠤᠳᠠᠯ ᠬᠠᠭᠤᠷᠮᠠᠭ ᠦᠨ᠎ᠡ ᠪᠠᠭᠤᠷᠠᠭᠤᠯᠬᠤ᠂ ᠬᠤᠳᠠᠯ ᠬᠠᠭᠤᠷᠮᠠᠭ ᠤᠭ ᠦᠨ᠎ᠡ ᠵᠣᠬᠢᠶᠠᠬᠤ᠂ ᠪᠤᠷᠤᠭᠤ ᠵᠦᠭ ᠬᠥᠲᠥᠯᠬᠦ ᠴᠢᠨᠠᠷᠲᠠᠢ ᠢᠯᠡᠳᠬᠡᠬᠦ ᠵᠡᠷᠭᠡ ᠪᠠᠷ ᠬᠡᠷᠡᠭᠯᠡᠭᠴᠢᠳ ᠢ ᠥᠳᠥᠭᠡᠨ ᠠᠷᠠᠯᠵᠢᠶᠠᠯᠠᠭᠤᠯᠵᠤ ᠪᠣᠯᠬᠤ ᠦᠭᠡᠢ᠂ ᠬᠠᠳᠠᠭᠰᠠᠨ ᠦᠨ᠎ᠡ ᠠᠴᠠ ᠥᠨᠳᠥᠷ ᠪᠤᠶᠤ ᠬᠠᠳᠠᠭᠰᠠᠨ ᠦᠨ᠎ᠡ ᠠᠴᠠ ᠭᠠᠳᠠᠨ᠎ᠠ ᠲᠣᠳᠣᠷᠬᠠᠶᠢᠯᠠᠭᠰᠠᠨ ᠦᠭᠡᠢ ᠰᠦᠢᠳᠬᠡᠯ ᠬᠤᠷᠢᠶᠠᠵᠤ ᠪᠣᠯᠬᠤ ᠦᠭᠡᠢ᠃ ᠭᠤᠷᠪᠠ᠂ ᠦᠨᠡᠨᠴᠢ ᠢᠲᠡᠭᠡᠮᠵᠢ ᠪᠠᠷ ᠦᠨᠳᠦᠰᠦ ᠪᠣᠯᠭᠠᠵᠤ᠂ ᠬᠠᠤᠯᠢ ᠶᠣᠰᠣᠭᠠᠷ ᠡᠵᠡᠩᠨᠡᠬᠦ ᠬᠡᠷᠡᠭᠳᠡᠢ᠃ ︵ᠨᠢᠭᠡ︶ ᠵᠢᠭᠤᠯᠴᠢᠯᠠᠯ ᠤᠨ ᠦᠵᠡᠮᠵᠢᠲᠦ ᠣᠷᠣᠨ ︵ᠴᠢᠭ᠋︶     ᠵᠠᠰᠠᠭ ᠤᠨ ᠣᠷᠳᠣᠨ ᠤ ᠬᠠᠮᠢᠶᠠᠷᠤᠯᠲᠠ ᠶᠢᠨ ᠦᠨ᠎ᠡ ᠬᠠᠩᠰᠢ ᠳᠤ ᠵᠢᠭᠰᠠᠭᠠᠨ ᠣᠷᠣᠭᠤᠯᠤᠭᠰᠠᠨ ᠡᠯ᠎ᠡ ᠵᠢᠭᠤᠯᠴᠢᠯᠠᠯ ᠤᠨ ᠦᠵᠡᠮᠵᠢ ᠶᠢᠨ ᠣᠷᠣᠨ ︵ᠴᠢᠭ᠋︶ ᠨᠢ ᠵᠠᠰᠠᠭ ᠤᠨ ᠣᠷᠳᠣᠨ ᠤ ᠦᠨ᠎ᠡ ᠬᠠᠩᠰᠢ ᠲᠣᠭᠲᠠᠭᠠᠬᠤ᠂ ᠵᠠᠰᠠᠭ ᠤᠨ ᠣᠷᠳᠣᠨ ᠤ ᠵᠢᠯᠤᠭᠤᠳᠬᠤ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢ ᠴᠢᠩᠭ᠎ᠠ ᠬᠡᠷᠡᠭᠵᠢᠭᠦᠯᠵᠦ᠂ ᠱᠠᠭᠠᠷᠳᠠᠯᠭ᠎ᠠ ᠶᠣᠰᠣᠭᠠᠷ ᠤᠨᠴᠠᠭᠠᠢ ᠬᠥᠮᠥᠰ ᠲᠤ ᠬᠠᠷᠠᠭᠠᠯᠵᠠᠯ ᠦᠵᠡᠭᠦᠯᠬᠦ ᠲᠥᠷᠥ ᠶᠢᠨ ᠪᠣᠳᠣᠯᠭ᠎ᠠ ᠶᠢ ᠰᠠᠶᠢᠲᠤᠷ ᠨᠠᠶᠢᠳᠠᠪᠤᠷᠢᠵᠢᠭᠤᠯᠬᠤ ᠬᠡᠷᠡᠭᠲᠡᠢ᠃ ᠵᠠᠬ᠎ᠠ ᠳᠡᠯᠭᠡᠭᠦᠷ ᠤᠨ ᠲᠣᠬᠢᠷᠠᠭᠤᠯᠤᠯᠲᠠ ᠶᠢᠨ ᠦᠨ᠎ᠡ ᠬᠠᠩᠰᠢ ᠶᠢ ᠬᠡᠷᠡᠭᠵᠢᠭᠦᠯᠵᠦ ᠪᠦᠬᠦᠢ ᠵᠢᠭᠤᠯᠴᠢᠯᠠᠯ ᠤᠨ ᠲᠣᠭᠤᠷᠢᠨ ᠦᠵᠡᠬᠦ ᠦᠵᠡᠮᠵᠢᠲᠦ ᠣᠷᠣᠨ ︵ᠴᠢᠭ᠋︶ ᠳᠤ ᠲᠣᠭᠲᠠᠭᠠᠯ ᠶᠣᠰᠣᠭᠠᠷ ᠤᠨᠴᠠᠭᠠᠢ ᠵᠢᠭᠤᠯᠴᠢᠯᠠᠭᠴᠢᠳ ᠲᠤ ᠪᠢᠯᠧᠲ ᠤᠨ ᠦᠨ᠎ᠡ ᠶᠢ ᠬᠠᠰᠤᠵᠤ ᠬᠡᠯᠲᠦᠷᠢᠭᠦᠯᠬᠦ ᠪᠤᠶᠤ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢᠨ ᠬᠠᠷᠠᠭᠠᠯᠵᠠᠯ ᠦᠵᠡᠭᠦᠯᠬᠦ ᠶᠢ ᠵᠣᠷᠢᠭᠵᠢᠭᠤᠯᠤᠨ᠎ᠠ᠃     ᠡᠩ ᠤᠨ ᠡᠭᠦᠳᠡᠨ ᠪᠢᠯᠧᠲ᠂ ᠣᠨᠴᠠᠭᠠᠶ ᠡᠭᠦᠳᠡᠨ ᠪᠢᠯᠧᠲ ᠪᠠ ᠬᠥᠷᠰᠢ ᠵᠡᠷᠭᠡᠯᠡᠳᠡᠭᠡ ᠡᠭᠦᠳᠡᠨ ᠪᠢᠯᠧᠲ ᠢ ᠬᠠᠮᠲᠤᠷᠠᠭᠤᠯᠤᠭᠠᠳ ᠬᠤᠯᠪᠣᠭᠠᠯᠠᠭᠰᠠᠨ ᠪᠢᠯᠧᠲ ᠪᠣᠯᠭᠠᠭᠰᠠᠨ ᠪᠠᠶᠢᠪᠠᠯ᠂ ᠬᠤᠯᠪᠣᠭᠠᠯᠠᠭᠰᠠᠨ ᠪᠢᠯᠧᠲ ᠤᠨ ᠦᠨ᠎ᠡ ᠨᠢ ᠡᠯ᠎ᠡ ᠵᠦᠢᠯ ᠤᠨ ᠡᠭᠦᠳᠡᠨ ᠪᠢᠯᠧᠲ ᠤᠨ ᠦᠨ᠎ᠡ ᠶᠢᠨ ᠨᠡᠶᠢᠯᠡᠪᠦᠷᠢ ᠠᠴᠠ ᠳᠣᠣᠷ᠎ᠠ ᠪᠠᠶᠢᠬᠤ ᠬᠡᠷᠡᠭᠲᠡᠢ᠃ ᠬᠤᠯᠪᠣᠭᠠᠯᠠᠭᠰᠠᠨ ᠪᠢᠯᠧᠲ ᠪᠣᠯᠣᠨ ᠡᠩ ᠤᠨ ᠪᠢᠯᠧᠲ ᠢ ᠵᠢᠭᠤᠯᠴᠢᠯᠠᠭᠴᠢᠳ ᠥᠪᠡᠷᠲᠡᠭᠡᠨ ᠰᠣᠩᠭᠤᠵᠤ ᠬᠤᠳᠠᠯᠳᠤᠨ ᠠᠪᠴᠦ ᠳᠡᠶᠢᠯᠦᠭᠰᠡᠨ ᠪᠠᠶᠢᠬᠤ ᠬᠡᠷᠡᠭᠲᠡᠢ᠂ ᠵᠢᠭᠤᠯᠴᠢᠯᠠᠭᠴᠢᠳ ᠲᠤ ᠠᠯᠪᠠᠳᠠᠯᠭ᠎ᠠ ᠪᠠᠷ ᠨᠡᠶᠢᠯᠡᠭᠦᠯᠦᠨ ᠪᠣᠷᠣᠯᠠᠭᠤᠯᠵᠤ ᠪᠣᠯᠬᠤ ᠦᠭᠡᠢ᠃ ᠦᠵᠡᠮᠵᠢ ᠶᠢᠨ ᠣᠷᠣᠨ ︵ᠴᠢᠭ᠋︶ ᠤ ᠳᠣᠲᠣᠷᠠᠬᠢ ᠲᠠᠲᠠᠭᠤᠷ ᠲᠡᠷᠭᠡ᠂ ᠲᠣᠭᠤᠷᠢᠨ ᠦᠵᠡᠬᠦ ᠲᠡᠷᠭᠡ᠂ ᠵᠤᠭᠠᠴᠠᠯ ᠤᠨ ᠣᠩᠭᠤᠴᠠ ᠵᠡᠷᠭᠡ ᠵᠠᠮ ᠲᠡᠭᠡᠭᠡᠪᠦᠷᠢ ᠶᠢᠨ ᠦᠢᠯᠡᠴᠢᠯᠡᠭᠡᠨ ᠤ ᠦᠨ᠎ᠡ ᠬᠠᠩᠰᠢ ᠶᠢ ᠠᠰ ᠲᠤᠨᠢ ᠢᠯᠡᠷᠬᠡᠶᠢᠯᠡᠵᠦ᠂ ᠠᠰ ᠲᠤᠨᠢ ᠪᠣᠷᠣᠯᠠᠭᠤᠯᠬᠤ ᠬᠡᠷᠡᠭᠲᠡᠢ᠂ ᠡᠭᠦᠳᠡᠨ ᠪᠢᠯᠧᠲ ᠯᠦᠭᠡ ᠨᠡᠶᠢᠯᠡᠭᠦᠯᠦᠨ ᠪᠣᠷᠣᠯᠠᠭᠤᠯᠵᠤ ᠪᠣᠯᠬᠤ ᠦᠭᠡᠢ᠃ ︵ᠬᠤᠶᠠᠷ︶ ᠡᠯ᠎ᠡ ᠢᠳᠡᠭᠡᠨ ᠤᠮᠳᠠᠭᠠᠨ ᠤ ᠦᠢᠯᠡᠰ ᠤᠨ ᠡᠵᠡᠩᠨᠡᠭᠴᠢ     ᠲᠣᠪᠶᠤᠭ᠂ ᠦᠨ᠎ᠡ ᠶᠢᠨ ᠱᠣᠰᠢᠭ᠎ᠠ ᠪᠤᠶᠤ ᠳᠡᠯᠭᠡᠭᠦᠷ ᠤᠨ ᠳᠣᠲᠣᠷᠠᠬᠢ ᠪᠤᠰᠤᠳ ᠨᠣᠭᠤᠭ᠎ᠠ ᠵᠠᠬᠢᠶᠠᠯᠠᠬᠤ ᠪᠠᠭᠠᠵᠢ ᠶᠢᠨ ᠠᠳᠠᠯᠢ ᠲᠦᠷᠦᠯ᠂ ᠠᠳᠠᠯᠢ ᠬᠡᠮᠵᠢᠶᠡᠨ ᠤ ᠨᠣᠭᠤᠭ᠎ᠠ ᠶᠢᠨ ᠵᠦᠢᠯ ᠳᠤ ᠡᠷᠬᠡᠪᠰᠢ ᠨᠢᠭᠡᠳᠦᠯᠲᠡᠢ ᠦᠨ᠎ᠡ ᠬᠠᠳᠠᠵᠤ᠂ ︽ᠬᠤᠶᠠᠷ ᠵᠦᠢᠯ ᠤᠨ ᠲᠣᠪᠶᠤᠭ︾ ᠭᠠᠷᠭᠠᠵᠤ ᠪᠣᠯᠬᠤ ᠦᠭᠡᠢ᠃ ᠢᠳᠡᠭᠡᠨ ᠤᠮᠳᠠᠭᠠᠨ ᠤ ᠳᠡᠯᠭᠡᠭᠦᠷ ᠲᠠᠬᠢ ᠮᠢᠬᠠᠨ ᠤ ᠵᠦᠢᠯ ᠂ ᠤᠨᠴᠠᠭᠠᠶᠢᠯᠠᠨ ᠬᠤᠨᠢᠨ ᠰᠢᠬᠦᠰᠦ᠂ ᠰᠢᠷᠠᠭᠰᠠᠨ ᠬᠤᠨᠢᠨ ᠭᠤᠶ᠎ᠠ ᠵᠡᠷᠭᠡ ᠦᠨ᠎ᠡ ᠬᠠᠩᠰᠢ ᠪᠠᠷ ᠨᠡᠯᠢᠶᠡᠳ ᠥᠨᠳᠥᠷ ᠢᠳᠡᠭᠡᠨ ᠢ ᠡᠷᠬᠡᠪᠰᠢ ︽ᠵᠢᠩ ᠪᠦᠷᠢ ᠳᠡᠭᠡᠨ ×× ᠲᠥᠭᠦᠷᠢᠭ︾ ᠮᠡᠳᠦ ᠪᠠᠷ ᠲᠣᠳᠣᠷᠬᠠᠢ ᠪᠥᠭᠡᠳ ᠵᠢᠷᠤᠮᠵᠢᠭᠤᠨ  ᠢᠯᠡᠳᠬᠡᠵᠦ᠂ ︽ᠴᠠᠭ ᠤᠯᠠᠷᠢᠯ ᠤᠨ ᠦᠨ᠎ᠡ︾ ᠵᠡᠷᠭᠡ ᠪᠠᠯᠠᠷᠬᠠᠢ ᠢᠯᠡᠳᠬᠡᠬᠦ ᠶᠢ ᠡᠷᠡᠰ ᠬᠤᠷᠢᠭᠯᠠᠬᠤ ᠬᠡᠷᠡᠭᠲᠡᠢ᠃ ︵ᠭᠤᠷᠪᠠ︶ ᠡᠯ᠎ᠡ ᠪᠠᠭᠤᠳᠠᠯ᠂ ᠠᠷᠠᠳ ᠤᠨ ᠪᠠᠭᠤᠳᠠᠯ ᠵᠡᠷᠭᠡ ᠶᠢᠨ ᠡᠵᠡᠩᠨᠡᠭᠴᠢ     ᠡᠯᠧᠺᠲᠷᠣᠨ ᠬᠤᠳᠠᠯᠳᠤᠭᠠᠨ ᠤ ᠲᠠᠪᠴᠠᠩ ᠮᠡᠳᠦ ᠶᠢᠨ ᠠᠷᠭ᠎ᠠ ᠵᠠᠮ ᠢᠶᠠᠷ ᠲᠠᠸᠠᠷ ᠪᠣᠷᠣᠯᠠᠭᠤᠯᠬᠤ ᠪᠤᠶᠤ ᠦᠢᠯᠡᠴᠢᠯᠡᠭᠡ ᠬᠠᠩᠭᠠᠬᠤ ᠳᠠᠭᠠᠨ ᠥᠰᠥᠭ ᠪᠢᠴᠢᠭ᠂ ᠵᠢᠷᠤᠭ ᠳᠦᠷᠰᠦ ᠵᠡᠷᠭᠡ ᠠᠷᠭ᠎ᠠ ᠮᠠᠶ᠋ᠢᠭ ᠢᠶᠠᠷ ᠦᠨ᠎ᠡ ᠬᠠᠩᠰᠢ  ᠶᠢ ᠢᠯᠡ ᠪᠠᠷ ᠬᠠᠳᠠᠵᠤ᠂ ᠦᠨ᠎ᠡ ᠬᠠᠩᠰᠢ ᠶᠢᠨ ᠠᠮᠠᠯᠠᠯᠲᠠ ᠪᠠᠨ ᠦᠨᠡᠨᠬᠦ ᠭᠦᠢᠴᠡᠳᠬᠡᠬᠦ ᠬᠡᠷᠡᠭᠲᠡᠢ᠂ ᠡᠯᠧᠺᠲᠷᠣᠨ ᠬᠤᠳᠠᠯᠳᠤᠭᠠᠨ ᠤ ᠲᠠᠪᠴᠠᠩ ᠵᠡᠷᠭᠡ ᠠᠷᠭ᠎ᠠ ᠵᠠᠮ ᠢᠶᠠᠷ ᠥᠷᠥᠭᠡ ᠵᠠᠬᠢᠶᠠᠯᠠᠬᠤ ᠳᠤ ᠵᠠᠬᠢᠶᠠᠯᠠᠭ᠎ᠠ ᠨᠢ ᠬᠦᠴᠦᠨ ᠲᠠᠢ ᠪᠣᠯᠤᠭᠰᠠᠨ ᠪᠠᠶᠢᠳᠠᠯ ᠳᠣᠣᠷ᠎ᠠ ᠭᠠᠭᠴᠠ ᠲᠠᠯ᠎ᠠ ᠠᠴᠠ ᠭᠡᠷ᠎ᠡ ᠶᠢ ᠡᠪᠳᠡᠬᠦ ᠪᠤᠶᠤ ᠳᠤᠷ᠎ᠠ ᠪᠠᠷ ᠢᠶᠠᠨ ᠦᠨ᠎ᠡ ᠬᠠᠩᠰᠢ ᠶᠢ ᠥᠰᠬᠡᠵᠦ ᠪᠣᠯᠬᠤ ᠦᠭᠡᠢ᠂ ᠬᠡᠷᠡᠭᠯᠡᠭᠴᠢᠳ ᠢ ᠪᠤᠷᠤᠭᠤ ᠪᠠᠷ ᠬᠥᠲᠥᠯᠥᠨ ᠮᠡᠬᠡᠯᠡᠵᠦ ᠪᠣᠯᠬᠤ ᠤᠶᠢᠭᠡᠢ᠃ ︵ᠳᠥᠷᠪᠡ︶ ᠡᠯ᠎ᠡ ᠬᠤᠳᠠᠯᠳᠤᠭᠠᠨ ᠤ ᠲᠠᠯᠠᠪᠤᠷ᠂ ᠵᠠᠬ᠎ᠠ ᠳᠡᠯᠭᠡᠭᠦᠷ ᠤᠨ ᠵᠢᠵᠢᠭᠯᠡᠨ ᠬᠤᠳᠠᠯᠳᠤᠬᠤ ᠨᠢᠭᠡᠴᠢ ᠵᠢᠴᠢ ᠨᠡᠶᠢᠭᠡᠮ ᠲᠣᠭᠤᠷᠢᠭ ᠤᠨ ᠬᠠᠮᠲᠤ ᠪᠠᠷ ᠬᠤᠳᠠᠯᠳᠤᠨ ᠠᠪᠬᠤ᠂ ᠭᠠᠳᠠᠭᠰᠢ ᠬᠤᠳᠠᠯᠳᠤᠬᠤ ᠵᠡᠷᠭᠡ ᠡᠯᠧᠺᠲᠷᠣᠨ ᠬᠤᠳᠠᠯᠳᠤᠭᠠᠨ ᠤ ᠲᠠᠪᠴᠠᠩ     ᠢᠯᠡ ᠲᠣᠳᠣ᠂ ᠡᠷᠬᠡ ᠲᠡᠭᠰᠢ ᠪᠠ ᠦᠨᠡᠨᠴᠢ ᠢᠲᠡᠭᠡᠮᠵᠢᠲᠡᠢ ᠡᠵᠡᠩᠨᠡᠯᠲᠡ ᠶᠢᠨ ᠵᠠᠷᠴᠢᠮ ᠢ ᠵᠢᠷᠤᠮᠯᠠᠵᠤ᠂ ᠦᠨ᠎ᠡ ᠪᠠᠭᠤᠷᠠᠭᠤᠯᠬᠤ᠂ ᠲᠡᠮᠳᠡᠭᠲᠦ ᠪᠤᠴᠠᠭᠠᠬᠤ ᠵᠡᠷᠭᠡ ᠬᠠᠷᠠᠭᠠᠯᠵᠠᠯ ᠲᠠᠢ ᠪᠠᠷ ᠪᠣᠷᠤᠯᠠᠭᠤᠯᠭ᠎ᠠ ᠠᠬᠢᠭᠤᠯᠬᠤ ᠠᠵᠢᠯᠯᠠᠭ᠎ᠠ ᠶᠢ ᠤᠬᠠᠮᠰᠠᠷ ᠠᠴᠠ ᠪᠠᠨ ᠵᠢᠷᠤᠮᠵᠢᠭᠤᠯᠬᠤ ᠬᠡᠷᠡᠭᠲᠡᠢ᠃ ᠲᠠᠸᠠᠷ ᠢ ᠦᠨ᠎ᠡ ᠪᠠᠭᠤᠷᠠᠭᠤᠯᠤᠨ ᠪᠣᠷᠣᠯᠠᠭᠤᠯᠬᠤ ᠳᠤ ᠡᠷᠬᠡᠪᠰᠢ ᠦᠨ᠎ᠡ ᠪᠠᠭᠤᠷᠠᠭᠤᠯᠬᠤ ᠠᠴᠠ ᠡᠮᠦᠨᠡᠬᠢ ᠳᠤᠯᠤᠭᠠᠨ ᠡᠳᠦᠷ ᠤᠨ ᠳᠣᠲᠣᠷ᠎ᠠ ᠪᠣᠳᠠᠲᠠᠢ ᠪᠣᠷᠣᠯᠠᠭᠤᠯᠤᠭᠰᠠᠨ ᠬᠤᠯᠪᠣᠭᠳᠠᠯ ᠪᠦᠬᠦᠢ ᠮᠠᠲ᠋ᠧᠷᠢᠶᠠᠯ ᠢ ᠦᠯᠡᠳᠡᠭᠡᠵᠦ᠂ ᠬᠢᠨᠠᠨ ᠪᠠᠶᠢᠴᠠᠭᠠᠬᠤ ᠳᠤ ᠪᠡᠯᠡᠳᠬᠡᠵᠦ᠂ ᠦᠨ᠎ᠡ ᠬᠠᠩᠰᠢ ᠶᠢᠨ ᠮᠡᠬᠡᠯᠡᠯ ᠢ ᠴᠢᠩᠭ᠎ᠠ ᠴᠠᠭᠠᠵᠠᠯᠠᠬᠤ ᠬᠡᠷᠡᠭᠲᠡᠢ᠃     ᠤᠯᠠᠭᠠᠨᠴᠠᠪ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠠᠴᠠ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠦᠨ᠎ᠡ ᠬᠠᠩᠰᠢ ᠶᠢᠨ ᠦᠶᠯᠡ ᠠᠵᠢᠯᠯᠠᠭ᠎ᠠ ᠳᠤ ᠴᠢᠭᠯᠡᠬᠦᠯᠦᠭᠰᠡᠨ ᠬᠢᠨᠠᠯᠲᠠ ᠬᠠᠮᠢᠶᠠᠷᠤᠯᠲᠠ ᠪᠠᠨ ᠦᠷᠭᠦᠯᠵᠢᠯᠡᠨ ᠴᠢᠩᠭᠠᠳᠬᠠᠵᠤ᠂ ᠣᠯᠠᠨ ᠲᠦᠮᠡᠨ ᠤ ᠦᠨ᠎ᠡ ᠬᠠᠩᠰᠢ ᠶᠢᠨ ᠵᠠᠭᠠᠯᠳᠤᠯᠭ᠎ᠠ ᠢᠯᠡᠴᠢᠯᠡᠨ ᠮᠡᠳᠡᠭᠦᠯᠦᠯᠲᠡ ᠶᠢ ᠴᠠᠭ ᠲᠤᠬᠠᠢ ᠳᠤᠨᠢ ᠭᠥᠯᠢᠶᠡᠨ ᠠᠪᠴᠤ ᠰᠢᠢᠳᠪᠦᠷᠢᠯᠡᠨ᠎ᠡ᠃ ᠰᠠᠨᠠᠭᠤᠯᠵᠤ ᠰᠡᠷᠡᠮᠵᠢᠯᠡᠭᠦᠯᠦᠭᠰᠡᠨ ᠪᠣᠯᠪᠠᠴᠤ ᠮᠥᠨ ᠵᠢᠷᠤᠮᠵᠢᠭᠠᠳᠤᠢ᠂ ᠣᠯᠠᠨ ᠲᠦᠮᠡᠨ ᠤ ᠲᠤᠰᠬᠠᠯ ᠴᠢᠩᠭ᠎ᠠ ᠪᠠᠶᠢᠭ᠎ᠠ ᠦᠨ᠎ᠡ ᠬᠠᠩᠰᠢ ᠶᠢᠨ ᠲᠠᠯ᠎ᠠ ᠪᠠᠷ ᠬᠢ ᠬᠠᠤᠯᠢ ᠠᠴᠠ ᠵᠥᠷᠢᠴᠡᠭᠰᠡᠨ ᠠᠰᠠᠭᠤᠳᠠᠯ   ᠢ ᠪᠠᠶᠢᠴᠠᠭᠠᠨ ᠲᠣᠳᠣᠯᠠᠮᠠᠭᠴᠠ ᠬᠠᠤᠯᠢ ᠶᠣᠰᠣᠭᠠᠷ ᠴᠢᠩᠭ᠎ᠠ ᠰᠢᠢᠳᠪᠦᠷᠢᠯᠡᠵᠦ᠂ ᠦᠢᠯᠡ ᠪᠠᠶᠢᠳᠠᠯ ᠨᠢ ᠬᠠᠷ᠎ᠠ ᠬᠤᠣᠷᠲᠠᠢ᠂ ᠰᠢᠨᠵᠢ ᠴᠢᠨᠠᠷ ᠨᠢ ᠬᠦᠨᠳᠦ ᠨᠣᠴᠢᠲᠠᠢ᠂ ᠨᠥᠯᠥᠭᠡ ᠶᠡᠬᠡᠲᠡᠢ ᠬᠠᠤᠯᠢ ᠠᠴᠠ ᠵᠥᠷᠢᠴᠡᠭᠰᠡᠨ ᠬᠡᠷᠡᠭ   ᠢ ᠢᠯᠡ ᠪᠠᠷ ᠢᠯᠡᠴᠢᠯᠡᠨ᠎ᠡ᠃     ᠤᠯᠠᠭᠠᠨᠴᠠᠪ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ ᠨᠡᠶᠢᠭᠡᠮ ᠤᠨ ᠡᠯ᠎ᠡ ᠡᠲᠡᠭᠡᠳ ᠤᠨ ᠬᠢᠨ ᠤ ᠤᠯᠠᠭᠠᠨᠴᠠᠪ ᠬᠤᠲᠠ ᠶᠢᠨ ᠵᠢᠭᠤᠯᠴᠢᠯᠠᠯ ᠤᠨ ᠦᠢᠯᠡᠰ ᠵᠢᠴᠢ ᠬᠠᠮᠢᠶ᠎ᠠ ᠪᠦᠬᠦᠢ ᠠᠵᠢᠯ ᠲᠥᠷᠥᠯ ᠤᠨ ᠡᠵᠡᠩᠨᠡᠭᠴᠢᠳ ᠤᠨ ᠦᠨ᠎ᠡ ᠬᠠᠩᠰᠢ ᠶᠢᠨ ᠠᠵᠢᠯᠯᠠᠭ᠎ᠠ ᠳᠤ ᠬᠢᠨᠠᠯᠲᠠ ᠲᠠᠯᠪᠢᠬᠤ ᠶᠢ ᠪᠠᠶᠠᠷᠯᠠᠨ ᠤᠭᠲᠤᠨ᠎ᠠ᠃     ᠦᠨ᠎ᠡ ᠬᠠᠩᠰᠢ ᠶᠢ ᠢᠯᠡᠴᠢᠯᠡᠨ ᠮᠡᠳᠡᠭᠦᠯᠬᠦ ᠵᠠᠭᠠᠯᠳᠤᠯᠭ᠎ᠠ ᠶᠢᠨ ᠤᠲᠠᠰᠤ᠄ 1234512315                                         ᠤᠯᠠᠭᠠᠨᠴᠠᠪ ᠬᠤᠲᠠ ᠶᠢᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢᠨ ᠲᠣᠪᠴᠢᠶ᠎ᠠ                                         2024 ᠣᠨ ᠤ 4 ᠰᠠᠷ᠎ᠠ ᠶᠢᠨ 23 ᠤ ᠡᠳᠦᠷ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠣᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2