ᠡᠯ᠎ᠡ ᠬᠤᠰᠢᠭᠤ ᠰᠢᠶᠠᠨ ᠬᠤᠲᠠ ᠲᠣᠭᠤᠷᠢᠭ ᠤᠨ ᠠᠷᠠᠳ ᠤᠨ ᠵᠠᠰᠠᠭ ᠤᠨ ᠣᠷᠳᠣᠨ᠂ ᠡᠯ᠎ᠡ ᠨᠡᠭᠡᠭᠡᠯᠲᠡ ᠶᠢᠨ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠬᠤᠲᠠ ᠶᠢᠨ ᠰᠢᠭᠤᠳ ᠬᠠᠷᠢᠶ᠎ᠠ ᠬᠤᠯᠪᠣᠭᠳᠠᠯ ᠪᠦᠬᠦᠢ ᠰᠠᠯᠠᠭ᠎ᠠ | ᠮᠥᠴᠢᠷ ᠲᠤ᠄ | ︽ᠤᠯᠤᠰ ᠤᠨ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠱᠠᠲᠤᠯᠢᠭ ᠰᠢᠯᠵᠢᠯᠲᠡ ᠶᠢᠨ | ᠭᠤᠣᠯᠳᠠᠯᠭ᠎ᠠ ᠲᠠᠢ ᠵᠠᠯᠭᠠᠨ ᠵᠣᠯᠭᠠᠭᠤᠯᠬᠤ ᠭᠠᠵᠠᠷ ᠢ ᠪᠦᠲᠦᠭᠡᠨ ᠪᠠᠶᠢᠭᠤᠯᠬᠤ ᠶᠢᠨ ᠬᠡᠷᠡᠭᠵᠢᠭᠦᠯᠬᠦ ᠲᠥᠰᠥᠯ︾ ᠢ | ᠬᠤᠲᠠ ᠶᠢᠨ ᠠᠷᠠᠳ ᠤᠨ ᠵᠠᠰᠠᠭ ᠤᠨ ᠣᠷᠳᠣᠨ ᠤ 2024 ᠣᠨ ᠤ 6 ᠳ᠋ᠤᠭᠠᠷ ᠤᠳᠠᠭ᠎ᠠ ᠶᠢᠨ ᠪᠠᠶᠢᠩᠭᠤ ᠶᠢᠨ | ᠬᠤᠷᠠᠯ ᠢᠶᠠᠷ ᠬᠢᠨᠠᠨ ᠵᠥᠪᠯᠡᠵᠦ ᠪᠠᠲᠤᠯᠠᠭᠠᠳ᠂ ᠡᠳᠦᠭᠡ ᠲᠠᠨᠠᠷ ᠲᠤ ᠳᠠᠷᠤᠮᠠᠯᠯᠠᠨ ᠶᠠᠪᠤᠭᠤᠯᠤᠯ᠎ᠠ᠂ ᠪᠣᠳᠠᠲᠠᠢ ᠲᠠᠢ ᠪᠠᠨ | ᠤᠶᠠᠯᠳᠤᠭᠤᠯᠤᠨ᠂ ᠬᠢᠨᠠᠮᠠᠭᠠᠢ ᠲᠤᠭᠤᠰᠢᠯᠠᠭᠤᠯᠤᠨ ᠨᠠᠶᠢᠳᠠᠪᠤᠷᠢᠵᠢᠭᠤᠯᠲᠤᠭᠠᠢ᠃ | 2024 ᠣᠨ ᠤ 4 ᠰᠠᠷ᠎ᠠ ᠶᠢᠨ 2 ᠤᠨ ᠡᠳᠦᠷ | ︵ᠲᠣᠰ ᠮᠠᠲ᠋ᠧᠷᠢᠶᠠᠯ ᠢ ᠢᠯᠡ ᠪᠠᠷ ᠨᠡᠶᠢᠲᠡᠯᠡᠨ᠎ᠡ︶ | | | ᠤᠯᠤᠰ ᠤᠨ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠱᠠᠲᠤᠯᠢᠭ ᠰᠢᠯᠵᠢᠯᠲᠡ ᠶᠢᠨ ᠭᠤᠣᠯᠳᠠᠯᠭ᠎ᠠ ᠲᠠᠢ | ᠵᠠᠯᠭᠠᠨ ᠵᠣᠯᠭᠠᠭᠤᠯᠬᠤ ᠭᠠᠵᠠᠷ ᠢ ᠪᠦᠲᠦᠭᠡᠨ ᠪᠠᠶᠢᠭᠤᠯᠬᠤ ᠲᠤᠬᠠᠢ ᠬᠡᠷᠡᠭᠵᠢᠭᠦᠯᠬᠦ ᠲᠥᠰᠥᠯ | | | ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ | ᠦᠵᠡᠯ ᠰᠠᠨᠠᠭ᠎ᠠ ᠪᠠᠷ ᠵᠢᠯᠣᠭᠤᠳᠤᠯᠭ᠎ᠠ ᠪᠣᠯᠭᠠᠵᠤ᠂ ᠨᠠᠮ ᠤᠨ ᠬᠤᠷᠢᠳᠤᠭᠠᠷ ᠶᠡᠭᠡ ᠬᠤᠷᠠᠯ ᠪᠣᠯᠣᠨ ᠬᠤᠷᠢᠳᠤᠭᠠᠷ | ᠬᠤᠭᠤᠴᠠᠭᠠᠨ ᠤ ᠲᠥᠪ ᠬᠤᠷᠢᠶᠠᠨ ᠤ ᠬᠤᠶᠠᠳᠤᠭᠠᠷ ᠪᠥᠬᠦᠳᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ | ᠲᠤᠭᠤᠰᠢᠯᠠᠭᠤᠯᠵᠤ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠤᠨ ᠠᠵᠢᠯ ᠤᠨ | ᠭᠤᠣᠯ ᠰᠢᠵᠢᠮ ᠢ ᠪᠠᠲᠤ ᠡᠵᠡᠮᠰᠢᠵᠦ᠂ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠱᠠᠲᠤᠯᠢᠭ ᠰᠢᠯᠵᠢᠯᠲᠡ ᠶᠢ | ᠦᠷᠭᠦᠯᠵᠢᠯᠡᠨ ᠬᠥᠲᠥᠯᠥᠨ ᠵᠢᠯᠤᠭᠤᠳᠬᠤ ᠲᠤᠬᠠᠢ ᠨᠠᠮ ᠤᠨ ᠲᠥᠪ ᠬᠤᠷᠢᠶ᠎ᠠ᠂ ᠲᠥᠷᠥ ᠶᠢᠨ ᠶᠠᠪᠤᠳᠠᠯ ᠤᠨ | ᠬᠤᠷᠢᠶ᠎ᠠ ᠶᠢᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ | ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠦᠷᠭᠡᠳᠬᠡᠨ ᠪᠠᠶᠢᠭᠤᠯᠵᠤ᠂ ᠴᠢᠨᠠᠷ ᠰᠠᠶᠢᠲᠠᠢ ᠬᠥᠭᠵᠢᠯᠲᠡ ᠶᠢ ᠬᠦᠴᠦᠯᠡᠨ | ᠠᠬᠢᠭᠤᠯᠵᠤ᠂ ᠤᠯᠤᠰ ᠤᠨ ᠳᠣᠲᠣᠭᠠᠳᠤ ᠭᠠᠳᠠᠭᠠᠳᠤ ᠶᠢᠨ ᠬᠤᠶᠠᠷ ᠵᠠᠬ᠎ᠠ ᠳᠡᠯᠭᠡᠭᠦᠷ᠂ ᠬᠤᠶᠠᠷ ᠵᠦᠢᠯ ᠤᠨ ᠡᠬᠢ | ᠪᠠᠶᠠᠯᠢᠭ ᠢ ᠭᠦᠢᠴᠡᠳ ᠠᠰᠢᠭᠯᠠᠨ᠂ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠱᠠᠲᠤᠯᠢᠭ ᠰᠢᠯᠵᠢᠯᠲᠡ ᠶᠢᠨ | ᠭᠤᠣᠯᠳᠠᠯᠭ᠎ᠠ ᠲᠠᠢ ᠵᠠᠯᠭᠠᠨ ᠵᠣᠯᠭᠠᠭᠤᠯᠬᠤ ᠭᠠᠵᠠᠷ ᠤᠨ ᠬᠥᠲᠥᠯᠥᠨ ᠳᠠᠭᠠᠭᠤᠯᠬᠤ ᠪᠠ ᠳᠠᠶᠢᠴᠢᠯᠠᠬᠤ ᠦᠢᠯᠡᠳᠦᠯ ᠢ | ᠤᠯᠠᠮ ᠨᠢᠭᠡ ᠠᠯᠬᠤᠮ ᠪᠠᠳᠠᠷᠠᠭᠤᠯᠤᠨ᠎ᠠ᠃ ᠤᠯᠠᠭᠠᠨᠴᠠᠪ ᠬᠤᠲᠠ ᠶᠢᠨ ᠤᠯᠤᠰ ᠤᠨ ᠡᠳ᠋ᠰᠢᠭᠦᠯᠵᠦ ᠪᠣᠯᠪᠠᠰᠤᠷᠠᠭᠤᠯᠬᠤ | ᠠᠷᠠᠯᠵᠢᠶ᠎ᠠ ᠶᠢᠨ ᠱᠠᠲᠤᠯᠢᠭ ᠰᠢᠯᠵᠢᠯᠲᠡ ᠶᠢᠨ ᠭᠤᠣᠯᠳᠠᠯᠭ᠎ᠠ ᠲᠠᠢ ᠵᠠᠯᠭᠠᠨ ᠵᠣᠯᠭᠠᠭᠤᠯᠬᠤ ᠭᠠᠵᠠᠷ ᠢ ᠴᠢᠨᠠᠷ ᠰᠠᠶᠢᠲᠠᠢ | ᠪᠦᠲᠦᠭᠡᠨ ᠪᠠᠶᠢᠭᠤᠯᠬᠤ ᠶᠢ ᠠᠬᠢᠭᠤᠯᠵᠤ᠂ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠠᠵᠤ ᠦᠢᠯᠡᠰ ᠢ | ᠶᠡᠬᠡᠪᠡᠷ ᠬᠥᠭᠵᠢᠭᠦᠯᠦᠨ᠂ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠥᠷᠢᠰᠦᠯᠳᠦᠭᠡᠨ ᠤ ᠰᠢᠨ᠎ᠡ | ᠳᠠᠪᠠᠭᠤᠯᠢᠭ ᠢ ᠪᠣᠶᠢᠵᠢᠭᠤᠯᠬᠤ ᠶᠢᠨ ᠲᠤᠰᠠᠳᠠ᠂ ᠤᠯᠠᠭᠠᠨᠴᠠᠪ ᠬᠤᠲᠠ ᠶᠢᠨ ᠪᠣᠳᠠᠲᠠᠢ ᠲᠠᠢ ᠤᠶᠠᠯᠳᠤᠭᠤᠯᠤᠨ᠂ | ᠡᠳᠦᠭᠡ ᠲᠣᠰ ᠲᠥᠰᠥᠯ ᠢ ᠲᠣᠭᠲᠠᠭᠠᠪᠠ᠃ | ᠨᠢᠭᠡ᠂ ᠭᠤᠣᠯᠳᠠᠯᠭ᠎ᠠ ᠲᠠᠢ ᠡᠭᠦᠷᠭᠡ | 2025 ᠣᠨ ᠪᠣᠯᠬᠤ ᠳᠤ᠂ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ ᠲᠤᠭ᠎ᠠ᠂ ᠠᠵᠤ ᠠᠬᠤᠶᠢᠯᠠᠯ ᠤᠨ ᠲᠤᠭ᠎ᠠ᠂ ᠠᠵᠢᠯ ᠣᠯᠣᠭᠰᠠᠨ ᠬᠥᠮᠥᠨ ᠤ ᠲᠤᠭ᠎ᠠ ᠶᠢ | ᠢᠯᠡᠳᠲᠡ ᠰᠢᠪᠲᠤᠯᠤᠯᠲᠠ ᠲᠠᠢ ᠪᠣᠯᠭᠠᠵᠤ᠂ ᠡᠯᠧᠺᠲᠷᠣᠨ ᠮᠠᠲ᠋ᠧᠷᠢᠶᠠᠯ᠂ ᠡᠨᠧᠷᠭᠢ ᠬᠠᠳᠠᠭᠠᠯᠠᠬᠤ ᠳ᠋ᠢᠶᠠᠨ ᡂᠢ᠂ | ᠲᠡᠮᠦᠷᠯᠢᠭ ᠪᠤᠰᠤ ᠮᠠᠲ᠋ᠧᠷᠢᠶᠠᠯ᠂ ᠮᠢᠬᠠᠨ ᠤ ᠲᠥᠷᠥᠯ ᠤᠨ ᠡᠳ᠋ᠰᠢᠭᠦᠯᠵᠦ ᠪᠣᠯᠪᠠᠰᠤᠷᠠᠭᠤᠯᠬᠤ 4 ᠲᠥᠷᠥᠯ ᠤᠨ | ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠠᠵᠤ ᠦᠢᠯᠡᠰ ᠤᠨ ᠦᠢᠯᠡᠳᠬᠦᠨ ᠤ ᠥᠷᠲᠡᠭ ᠢ ᠵᠢᠯ ᠳᠠᠷᠠᠭᠠᠯᠠᠨ | ᠳᠡᠭᠡᠭᠰᠢᠯᠡᠭᠦᠯᠵᠦ᠂ ᠠᠵᠤ ᠦᠢᠯᠡᠰ ᠤᠨ ᠬᠡᠯᠬᠢᠶ᠎ᠡ ᠶᠢ ᠠᠯᠬᠤᠮ ᠠᠯᠬᠤᠮ ᠢᠶᠠᠷ ᠲᠡᠭᠦᠯᠳᠡᠷᠵᠢᠭᠦᠯᠦᠨ᠎ᠡ︔ ᠵᠡᠭᠦᠨ | ᠬᠡᠰᠡᠭ ᠤᠨ ᠭᠠᠵᠠᠷ ᠣᠷᠣᠨ ᠪᠤᠶᠤ ᠬᠢᠯᠢ ᠶᠢᠨ ᠭᠠᠳᠠᠨᠠᠬᠢ ᠪᠣᠯᠪᠠᠰᠤᠷᠠᠭᠤᠯᠬᠤ ᠠᠷᠠᠯᠵᠢᠶ᠎ᠠ ᠶᠢᠨ ᠰᠢᠯᠵᠢᠯᠲᠡ ᠶᠢ | ᠬᠦᠯᠢᠶᠡᠨ ᠠᠪᠬᠤ ᠬᠡᠪᠴᠢᠶ᠎ᠡ ᠶᠢ ᠤᠯᠠᠮ ᠨᠢᠭᠡ ᠠᠯᠬᠤᠮ ᠥᠷᠭᠡᠳᠬᠡᠵᠦ᠂ ᠨᠡᠮᠡᠭᠳᠡᠯ ᠤᠨ ᠬᠤᠷᠳᠤᠴᠠ ᠶᠢ ᠤᠯᠠᠮ | ᠨᠢᠭᠡ ᠠᠯᠬᠤᠮ ᠲᠦᠷᠭᠡᠳᠬᠡᠨ᠂ ᠠᠵᠤ ᠦᠢᠯᠡᠰ ᠤᠨ ᠰᠢᠯᠵᠢᠵᠦ ᠭᠠᠷᠬᠤ ᠣᠷᠣᠨ ᠯᠤᠭ᠎ᠠ ᠤᠷᠳᠤ ᠬᠤᠭᠤᠴᠠᠭᠠᠨ ᠤ | ᠠᠵᠤ ᠦᠢᠯᠡᠰ ᠤᠨ ᠰᠢᠯᠵᠢᠯᠲᠡ ᠶᠢᠨ ᠬᠠᠮᠲᠤᠷᠠᠯᠴᠠᠭᠠᠨ ᠤ ᠲᠣᠭᠲᠠᠴᠠ ᠶᠢ ᠪᠠᠶᠢᠭᠤᠯᠤᠨ᠎ᠠ︔ ᠡᠯ᠎ᠡ ᠠᠵᠤ | ᠦᠢᠯᠡᠰ ᠤᠨ ᠰᠢᠯᠵᠢᠯᠲᠡ ᠶᠢ ᠳᠠᠭᠠᠭᠠᠨ ᠵᠣᠯᠭᠠᠭᠤᠯᠬᠤ ᠣᠷᠣᠨ ᠤ ᠰᠠᠭᠤᠷᠢ ᠪᠡᠯᠡᠳᠬᠡᠮᠵᠢ ᠶᠢ ᠤᠯᠠᠮ ᠨᠢᠭᠡ ᠠᠯᠬᠤᠮ | ᠲᠡᠭᠦᠯᠳᠡᠷᠵᠢᠭᠦᠯᠦᠨ᠎ᠡ︔ ᠮᠠᠨ ᠤ ᠬᠤᠲᠠ ᠶᠢᠨ ᠠᠵᠤ ᠠᠬᠤᠢ ᠶᠢᠨ ᠬᠥᠭᠵᠢᠯᠲᠡ ᠶᠢᠨ ᠦᠷ᠎ᠡ ᠪᠦᠲᠦᠮᠵᠢ ᠶᠢ ᠨᠠᠩ | ᠢᠯᠡᠷᠬᠡᠢ ᠪᠣᠯᠭᠠᠵᠤ᠂ ᠡᠳ᠋ᠰᠢᠭᠦᠯᠦᠨ ᠪᠣᠯᠪᠠᠰᠤᠷᠠᠭᠤᠯᠬᠤ ᠠᠷᠠᠯᠵᠢᠶ᠎ᠠ ᠶᠢᠨ ᠬᠡᠯᠪᠡᠷᠢ ᠪᠠᠨ ᠬᠤᠪᠢᠷᠠᠭᠤᠯᠤᠨ ᠲᠠᠰ | ᠳᠡᠪᠰᠢᠬᠦ ᠶᠢ ᠨᠠᠩ ᠬᠦᠴᠦᠲᠡᠢ ᠪᠣᠯᠭᠠᠵᠤ᠂ ᠪᠡᠶ᠎ᠡ ᠪᠠᠨ ᠳᠠᠭᠠᠭᠠᠵᠤ ᠰᠢᠨ᠎ᠡ ᠶᠢ ᠡᠭᠦᠳᠬᠦ ᠴᠢᠳᠠᠪᠤᠷᠢ ᠶᠢ ᠨᠠᠩ | ᠪᠣᠯᠪᠠᠰᠤᠷᠠᠩᠭᠤᠢ ᠪᠣᠯᠭᠠᠵᠤ᠂ ᠬᠢᠮᠢ ᠶᠢᠨ ᠴᠠᠭᠠᠰᠤ ᠴᠠᠬᠢᠯᠭᠠᠨ ᠪᠠᠭᠲᠠᠭᠠᠭᠴᠢ ᠶᠢᠨ ᠡᠳ᠋ᠰᠢᠭᠦᠯᠦᠨ ᠪᠣᠯᠪᠠᠰᠤᠷᠠᠭᠤᠯᠬᠤ | ᠠᠷᠠᠯᠵᠢᠶ᠎ᠠ ᠶᠢᠨ ᠰᠢᠨ᠎ᠡ ᠶᠢ ᠡᠭᠦᠳᠬᠦ ᠬᠥᠭᠵᠢᠯᠲᠡ ᠳᠤ ᠰᠢᠯᠢᠳᠡᠭ ᠦᠷ᠎ᠡ ᠪᠦᠲᠦᠭᠡᠯ ᠣᠯᠵᠤ᠂ ᠥᠷᠲᠡᠭ ᠤᠨ | ᠬᠡᠯᠬᠢᠶ᠎ᠡ ᠶᠢᠨ ᠳᠡᠭᠡᠳᠦ ᠲᠠᠰ ᠳᠠᠰᠢ ᠤᠯᠠᠮ ᠨᠢᠭᠡ ᠠᠯᠬᠤᠮ ᠳᠡᠭᠡᠭᠰᠢᠯᠡᠬᠦ ᠶᠢ ᠳᠠᠶᠢᠴᠢᠯᠠᠨ᠎ᠠ᠃ 2030 ᠣᠨ | ᠪᠣᠯᠬᠤ ᠳᠤ᠂ ᠴᠠᠬᠢᠯᠭᠠᠨ ᠪᠠᠭᠲᠠᠭᠠᠭᠴᠢ ᠶᠢᠨ ᠨᠡᠭᠡᠭᠡᠨ ᠬᠥᠭᠵᠢᠭᠦᠯᠦᠯᠲᠡ᠂ ᠰᠢᠨ᠎ᠡ ᠮᠠᠲ᠋ᠧᠷᠢᠶᠠᠯ ᠵᠡᠷᠭᠡ ᠳᠡᠭᠡᠳᠦ ᠰᠢᠨ᠎ᠡ | ᠮᠡᠷᠭᠡᠵᠢᠯ ᠪᠠ ᠮᠠᠰᠢᠨ ᠴᠠᠬᠢᠯᠭᠠᠨ ᠤ ᠦᠢᠯᠡᠳᠬᠦᠨ ᠤ ᠭᠠᠳᠠᠭᠠᠳᠤ ᠣᠷᠣᠭᠤᠯᠤᠯᠲᠠ ᠭᠠᠷᠭᠠᠯᠲᠠ ᠶᠢᠨ ᠡᠵᠡᠯᠡᠬᠦ | ᠬᠠᠷᠢᠴᠠᠯ ᠢ ᠳᠠᠬᠢᠨ ᠢᠶᠠᠷ ᠨᠡᠮᠡᠭᠳᠡᠭᠦᠯᠵᠦ᠂ ᠮᠡᠷᠭᠡᠵᠢᠯ ᠪᠠ ᠬᠥᠷᠥᠩᠭᠡ ᠬᠤᠷᠠᠭᠰᠠᠨ ᠬᠡᠯᠪᠡᠷᠢ ᠶᠢᠨ ᠦᠢᠯᠡᠳᠬᠦᠨ ᠢ | ᠵᠣᠬᠢᠬᠤ ᠬᠡᠮᠵᠢᠶ᠎ᠡ ᠪᠠᠷ ᠳᠡᠭᠡᠭᠰᠢᠯᠡᠭᠦᠯᠦᠨ᠎ᠡ᠃ ᠪᠡᠶ᠎ᠡ ᠪᠠᠨ ᠳᠠᠭᠠᠭᠠᠭᠰᠠᠨ ᠨᠠᠷᠠᠲᠤ ᠲᠥᠷᠥᠯ ᠲᠡᠮᠳᠡᠭᠲᠦ ᠲᠠᠢ᠂ ᠵᠢᠯ ᠤᠨ | ᠭᠤᠣᠯ ᠡᠵᠡᠩᠨᠡᠯᠲᠡ ᠶᠢᠨ ᠲᠤᠬᠠᠶᠢᠯᠠᠭᠰᠠᠨ ᠠᠵᠢᠯ ᠤᠨ ᠣᠷᠣᠯᠭ᠎ᠠ ᠨᠢ 50 ᠳ᠋ᠦᠩᠰᠢᠭᠤᠷ ᠲᠥᠭᠦᠷᠢᠭ ᠢ ᠳᠠᠪᠠᠭᠰᠠᠨ | ᠨᠢᠭᠡ ᠪᠦᠯᠦᠭ ᠲᠣᠮᠣ ᠬᠡᠯᠪᠡᠷᠢ ᠶᠢᠨ ᠨᠢᠷᠤᠭᠤᠪᠴᠢ ᠠᠵᠤ ᠠᠬᠤᠶᠢᠯᠠᠯ ᠢ 3 ︱ 5 ᠪᠣᠶᠢᠵᠢᠭᠤᠯᠵᠤ᠂ ᠨᠢᠭᠡ ᠪᠦᠯᠦᠭ | ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠰᠢᠨ᠎ᠡ ᠶᠢ ᠡᠭᠦᠳᠦᠨ ᠬᠥᠭᠵᠢᠬᠦ ᠪᠠ ᠰᠢᠯᠵᠢᠭᠦᠯᠦᠨ ᠵᠠᠯᠭᠠᠨ | ᠵᠣᠯᠭᠠᠭᠤᠯᠬᠤ ᠴᠢᠬᠤᠯᠠ ᠶᠡᠭᠡ ᠲᠠᠪᠴᠠᠩ ︵ᠠᠴᠢᠶᠠᠯᠠᠪᠤᠷᠢ︶ ᠢ ᠪᠦᠲᠦᠭᠡᠨ ᠪᠠᠶᠢᠭᠤᠯᠵᠤ᠂ ᠨᠢᠭᠡ ᠪᠦᠯᠦᠭ ᠳᠡᠭᠡᠳᠦ | ᠮᠡᠷᠭᠡᠵᠢᠯ᠂ ᠥᠨᠳᠥᠷ ᠨᠡᠮᠡᠯᠲᠡ ᠥᠷᠲᠡᠭ ᠲᠠᠢ ᠪᠡᠶ᠎ᠡ ᠪᠠᠨ ᠳᠠᠭᠠᠭᠠᠭᠰᠠᠨ ᠨᠠᠷᠠᠲᠤ ᠲᠥᠷᠥᠯ ᠲᠡᠮᠳᠡᠭᠲᠦ ᠶᠢᠨ | ᠦᠢᠯᠡᠳᠬᠦᠨ ᠢ ᠭᠠᠷᠭᠠᠵᠤ᠂ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠱᠠᠲᠤᠴᠢᠯᠠᠨ ᠰᠢᠯᠵᠢᠭᠦᠯᠵᠦ | ᠭᠠᠳᠠᠭᠠᠳᠤ ᠠᠴᠠ ᠣᠷᠣᠭᠤᠯᠵᠤ ᠭᠠᠳᠠᠭᠠᠳᠤ ᠳᠤ ᠭᠠᠷᠭᠠᠬᠤ ᠬᠡᠮᠵᠢᠶ᠎ᠡ ᠶᠢ100 ᠳ᠋ᠦᠩᠰᠢᠭᠤᠷ ᠲᠥᠭᠦᠷᠢᠭ ᠢ | ᠳᠠᠪᠠᠭᠤᠯᠤᠨ᠎ᠠ᠃ ︽ᠴᠠᠬᠠᠷ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ︾ ᠤᠨ ᠪᠠᠶᠠᠨ ᠠᠵᠤ | ᠦᠢᠯᠡᠰ ᠤᠨ ᠬᠦᠷᠢᠶᠡᠯᠡᠩ᠂ ᠢ ᠦ᠋ ᠲᠠᠩ ᠲᠣᠨᠤᠭ ᠲᠥᠬᠦᠭᠡᠷᠦᠮᠵᠢ ᠦᠢᠯᠡᠳᠬᠦ ᠠᠵᠤ ᠦᠢᠯᠡᠰ ᠤᠨ ᠬᠦᠷᠢᠶᠡᠯᠡᠩ᠂ | ︽ᠤᠯᠠᠭᠠᠨᠴᠠᠪ · ᠡᠷᠢᠶᠡᠨ ᠬᠤᠲᠠ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠬᠦᠷᠢᠶᠡᠯᠡᠩ | ᠲᠣᠭᠤᠷᠢᠭ︾ ᠤᠨ ᠳᠣᠯᠣᠳᠤᠭᠠᠷ ᠰᠤᠮᠤᠨ ᠤ ᠣᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ᠂ | ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ ᠬᠦᠷᠢᠶᠡᠯᠡᠩ᠂ ᠪᠸᠢ ᠹᠠᠩ ᠭᠡᠷ ᠤᠨ ᠬᠡᠷᠡᠭᠰᠡᠯ ᠤᠨ ᠠᠵᠤ ᠦᠢᠯᠡᠰ ᠤᠨ | ᠬᠦᠷᠢᠶᠡᠯᠡᠩ ᠢ ᠵᠠᠭᠤᠨ ᠳ᠋ᠦᠩᠰᠢᠭᠤᠷ ᠲᠥᠭᠦᠷᠢᠭ ᠤᠨ ᠲᠠᠰ ᠤᠨ ᠡᠳ᠋ᠰᠢᠭᠦᠯᠦᠨ ᠪᠣᠯᠪᠠᠰᠤᠷᠠᠭᠤᠯᠬᠤ ᠠᠷᠠᠯᠵᠢᠶ᠎ᠠ ᠶᠢᠨ | ᠠᠵᠤ ᠦᠢᠯᠡᠰ ᠤᠨ ᠬᠦᠷᠢᠶᠡᠯᠡᠩ ᠪᠣᠯᠭᠠᠨ ᠪᠠᠶᠢᠭᠤᠯᠵᠤ᠂ ᠡᠳ᠋ᠰᠢᠭᠦᠯᠦᠨ ᠪᠣᠯᠪᠠᠰᠤᠷᠠᠭᠤᠯᠬᠤ ᠠᠷᠠᠯᠵᠢᠶ᠎ᠠ ᠶᠢᠨ ᠬᠠᠮᠢᠶ᠎ᠠ | ᠪᠦᠬᠦᠢ ᠠᠵᠤ ᠦᠢᠯᠡᠰ ᠤᠨ ᠦᠢᠯᠡᠳᠬᠦᠨ ᠤ ᠥᠷᠲᠡᠭ ᠤᠨ ᠪᠥᠬᠦ ᠬᠤᠲᠠ ᠶᠢᠨ GDP ᠳᠤ ᠡᠵᠡᠯᠡᠬᠦ ᠬᠤᠪᠢ ᠶᠢᠨ | ᠵᠢᠩ ᠢ ᠢᠯᠡᠳᠲᠡ ᠳᠡᠭᠡᠭᠰᠢᠯᠡᠭᠦᠯᠦᠨ᠎ᠡ᠃ | ︵ᠨᠢᠭᠡ︶ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠱᠠᠲᠤᠯᠢᠭ ᠰᠢᠯᠵᠢᠯᠲᠡ ᠶᠢᠨ ᠭᠤᠣᠯᠳᠠᠯᠭ᠎ᠠ ᠲᠠᠢ ᠵᠠᠯᠭᠠᠨ | ᠵᠣᠯᠭᠠᠭᠤᠯᠬᠤ ᠭᠠᠵᠠᠷ ᠤᠨ ᠬᠡᠷᠡᠭᠵᠢᠭᠦᠯᠬᠦ ᠬᠡᠪᠴᠢᠶ᠎ᠡ | ︽ᠴᠠᠬᠠᠷ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ︾ ᠢᠶᠠᠷ ᠭᠤᠣᠯ ᠴᠣᠭᠴᠠ ᠪᠣᠯᠭᠠᠵᠤ᠂ ︽ | ᠴᠤᠭᠯᠠᠷᠠᠯ ᠮᠠᠶ᠋ᠢᠭ ᠤᠨ ᠠᠵᠤ ᠦᠢᠯᠡᠰ ︾ ᠢ ᠵᠠᠯᠭᠠᠨ ᠵᠣᠯᠭᠠᠭᠤᠯᠬᠤ ᠭᠤᠣᠯ ᠣᠷᠣᠨ ᠪᠦᠰᠡ ᠪᠣᠯᠭᠠᠨ᠎ᠠ︔ ︽ | ᠤᠯᠠᠭᠠᠨᠴᠠᠪ · ᠡᠷᠢᠶᠡᠨ ᠬᠤᠲᠠ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠬᠦᠷᠢᠶᠡᠯᠡᠩ | ᠲᠣᠭᠤᠷᠢᠭ︾ ᠢᠶᠠᠷ ᠣᠷᠣᠨ ᠵᠠᠢ ᠶᠢᠨ ᠪᠠᠶᠢᠷᠢᠰᠢᠭᠤᠯᠤᠯᠲᠠ ᠶᠢ ᠵᠣᠯᠭᠠᠭᠤᠯᠬᠤ ᠣᠷᠣᠨ ᠪᠦᠰᠡ ᠪᠣᠯᠭᠠᠵᠤ᠂ ︽ | ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠱᠠᠲᠤᠯᠢᠭ ᠰᠢᠯᠵᠢᠯᠲᠡ ᠶᠢᠨ ᠭᠤᠣᠯᠳᠠᠯᠭ᠎ᠠ ᠲᠠᠢ ᠵᠠᠯᠭᠠᠨ | ᠵᠣᠯᠭᠠᠭᠤᠯᠬᠤ ᠭᠠᠵᠠᠷ ᠤᠨ ᠵᠢᠱᠢᠶ᠎ᠡ ᠦᠵᠡᠭᠦᠯᠬᠦ ᠬᠦᠷᠢᠶᠡᠯᠡᠩ︾ ᠬᠢᠭᠡᠳ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ ᠠᠷᠠᠯᠵᠢᠶ᠎ᠠ ᠬᠤᠳᠠᠯᠳᠤᠭ᠎ᠠ ᠪᠠᠷᠠᠭᠠᠨ ᠤ ᠭᠦᠢᠯᠭᠡᠭᠡᠨ ᠯᠦᠭᠡ ᠬᠤᠯᠪᠣᠭᠳᠠᠬᠤ ᠠᠵᠤ | ᠦᠢᠯᠡᠰ ᠤᠨ ᠵᠠᠯᠭᠠᠨ ᠵᠣᠯᠭᠠᠭᠤᠯᠬᠤ ᠣᠷᠣᠨ ᠪᠦᠰᠡ ᠪᠣᠯᠭᠠᠨ᠎ᠠ᠃ | ︵ᠬᠤᠶᠠᠷ︶ ᠭᠤᠣᠯᠳᠠᠯᠭ᠎ᠠ ᠲᠠᠢ ᠵᠠᠯᠭᠠᠨ ᠵᠣᠯᠭᠠᠭᠤᠯᠬᠤ ᠠᠵᠤ ᠦᠢᠯᠡᠰ ᠤᠨ ᠴᠢᠭᠯᠡᠯ | 1. ︽ᠴᠠᠬᠠᠷ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ︾ ᠤᠨ ᠪᠠᠶᠠᠨ ᠠᠵᠤ ᠦᠢᠯᠡᠰ ᠤᠨ | ᠬᠦᠷᠢᠶᠡᠯᠡᠩ ᠢᠶᠠᠷ ᠲᠠᠪᠴᠠᠩ ᠪᠣᠯᠭᠠᠵᠤ᠂ ᠡᠯᠧᠺᠲᠷᠣᠨ ᠲᠣᠨᠤᠭ ᠵᠢᠴᠢ ᠡᠯᠧᠺᠲᠷᠣᠨ ᠲᠤᠰᠬᠠᠢ ᠬᠡᠷᠡᠭᠯᠡᠭᠡᠨ ᠤ | ᠮᠠᠲ᠋ᠧᠷᠢᠶᠠᠯ ᠦᠢᠯᠡᠳᠬᠦ᠂ ᠪᠠᠯ ᠴᠢᠯᠠᠭᠤ ︵ᠠᠯᠺᠧᠨ︶ ᠶᠢᠨ ᠰᠢᠨ᠎ᠡ ᠮᠠᠲ᠋ᠧᠷᠢᠶᠠᠯ ᠡᠳ᠋ᠰᠢᠭᠦᠯᠬᠦ ᠵᠡᠷᠭᠡ ᠠᠵᠤ | ᠠᠬᠤᠶᠢᠯᠠᠯ ᠢᠶᠠᠷ ᠵᠢᠯᠣᠭᠤᠳᠤᠮᠵᠢ ᠪᠣᠯᠭᠠᠵᠤ᠂ ᠰᠢᠨ᠎ᠡ ᠮᠠᠲ᠋ᠧᠷᠢᠶᠠᠯ᠂ ᠴᠠᠬᠢᠭᠤᠷ ᠬᠢᠮᠢ ᠶᠢᠨ ᠠᠵᠤ ᠦᠢᠯᠡᠳᠪᠦᠷᠢ᠂ | ᠹᠯᠣᠷ ᠤᠨ ᠮᠠᠲ᠋ᠧᠷᠢᠶᠠᠯ ᠵᠡᠷᠭᠡ ᠠᠵᠤ ᠦᠢᠯᠡᠰ ᠢ ᠭᠤᠣᠯᠳᠠᠯᠭ᠎ᠠ ᠲᠠᠢ ᠵᠠᠯᠭᠠᠨ ᠠᠪᠤᠨ᠎ᠠ᠃ ︵ᠲᠦᠷᠦᠭᠦᠯᠡᠨ ᠬᠢᠬᠦ | ᠨᠢᠭᠡᠴᠢ᠄ ᠴᠠᠬᠠᠷ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︔ | ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ | ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠪᠡᠯᠡ | ᠣᠷᠣᠭᠤᠯᠤᠯᠲᠠ ᠶᠢ ᠠᠬᠢᠭᠤᠯᠬᠤ ᠲᠣᠪᠴᠢᠶ᠎ᠠ᠂ ᠠᠷᠠᠯᠵᠢᠶ᠎ᠠ ᠶᠢ ᠠᠬᠢᠭᠤᠯᠬᠤ ᠡᠪᠯᠡᠯ᠂ ᠵᠢᠨᠢᠩ ᠲᠣᠭᠤᠷᠢᠭ ᠤᠨ | ᠵᠠᠰᠠᠭ ᠤᠨ ᠣᠷᠳᠣᠨ︶ | 2. ︽ᠴᠠᠬᠠᠷ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ︾ ᠤᠨ ᠢ ᠦ᠋ ᠲᠠᠩ ᠠᠵᠤ ᠦᠢᠯᠡᠰ ᠤᠨ | ᠬᠦᠷᠢᠶᠡᠯᠡᠩ ᠢᠶᠠᠷ ᠲᠠᠪᠴᠠᠩ ᠪᠣᠯᠭᠠᠵᠤ᠂ ᠰᠠᠯᠬᠢᠨ ᠬᠦᠴᠦᠨ ᠤ ᠴᠠᠬᠢᠯᠭᠠᠨ᠂ ᠬᠡᠷᠡᠯ ᠸᠣᠯᠲ᠂ ᠡᠨᠧᠷᠭᠢ ᠬᠠᠳᠠᠭᠠᠯᠠᠬᠤ | ᠵᠡᠷᠭᠡ ᠲᠣᠨᠤᠭ ᠲᠥᠬᠦᠭᠡᠷᠦᠮᠵᠢ ᠦᠢᠯᠡᠳᠬᠦ ᠠᠵᠤ ᠠᠬᠤᠶᠢᠯᠠᠯ ᠢᠶᠠᠷ ᠤᠳᠤᠷᠢᠳᠤᠮᠵᠢ ᠪᠣᠯᠭᠠᠵᠤ᠂ ᠲᠡᠮᠦᠷᠯᠢᠭ ᠪᠤᠰᠤ | ᠮᠠᠲ᠋ᠧᠷᠢᠶᠠᠯ᠂ ᠰᠠᠯᠬᠢᠨ ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ᠂ ᠤᠰᠤᠲᠥ᠋ᠷᠥᠭᠴᠢ ᠡᠨᠧᠷᠭᠢ ᠶᠢᠨ | ᠲᠣᠨᠤᠭ ᠲᠥᠬᠦᠭᠡᠷᠦᠮᠵᠢ᠂ ᠨᠡᠭᠦᠷᠡᠰᠦᠲᠥ᠋ᠷᠥᠭᠴᠢ ᠪᠠᠷᠢᠬᠤ ᠲᠣᠨᠤᠭ ᠲᠥᠬᠦᠭᠡᠷᠦᠮᠵᠢ᠂ ᠵᠠᠩᠭᠢᠯᠠᠭ᠎ᠠ ᠶᠢᠨ ᠰᠠᠭᠤᠷᠢ | ᠰᠡᠯᠪᠢᠭ ᠲᠣᠨᠤᠭ᠂ ᠣᠶᠤᠨᠴᠢ ᠦᠢᠯᠡᠳᠬᠦ᠂ ᠠᠦ᠋ᠲ᠋ᠣᠴᠢᠯᠠᠭᠰᠠᠨ ᠲᠣᠭᠠᠨ ᠤ ᠡᠵᠡᠮᠰᠢᠯᠲᠦ ᠰᠠᠤᠷᠢ ᠮᠠᠰᠢᠨ ᠵᠡᠷᠭᠡ | ᠠᠵᠤ ᠦᠢᠯᠡᠰ ᠢ ᠭᠤᠣᠯᠳᠠᠯᠭ᠎ᠠ ᠲᠠᠢ ᠵᠠᠯᠭᠠᠨ ᠠᠪᠤᠨ᠎ᠠ᠃ ︵ᠲᠦᠷᠦᠭᠦᠯᠡᠨ ᠬᠢᠬᠦ ᠨᠢᠭᠡᠴᠢ᠄ ᠴᠠᠬᠠᠷ ᠳᠡᠭᠡᠳᠦ ᠰᠢᠨ᠎ᠡ | ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︔ ᠬᠠᠷᠢᠭᠤᠴᠠᠯᠭᠠᠲᠤ ᠨᠢᠭᠡᠴᠢ᠄ | ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ᠂ | ᠠᠷᠠᠯᠵᠢᠶ᠎ᠠ ᠶᠢ ᠠᠬᠢᠭᠤᠯᠬᠤ ᠡᠪᠯᠡᠯ᠂ ᠵᠢᠨᠢᠩ ᠲᠣᠭᠤᠷᠢᠭ ᠤᠨ ᠵᠠᠰᠠᠭ ᠤᠨ ᠣᠷᠳᠣᠨ︶ | 3. ︽ᠤᠯᠠᠭᠠᠨᠴᠠᠪ · ᠡᠷᠢᠶᠡᠨ ᠬᠤᠲᠠ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠬᠦᠷᠢᠶᠡᠯᠡᠩ | ᠲᠣᠭᠤᠷᠢᠭ︾ ᠤᠨ ᠳᠣᠯᠣᠳᠤᠭᠠᠷ ᠰᠤᠮᠤᠨ ᠤ ᠣᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠢᠶᠠᠷ | ᠲᠠᠪᠴᠠᠩ ᠪᠣᠯᠭᠠᠵᠤ᠂ ᠭᠠᠳᠠᠭᠠᠳᠤ ᠠᠴᠠ ᠣᠷᠣᠭᠤᠯᠬᠤ ᠠᠮᠤ ᠲᠣᠰᠣ᠂ ᠮᠢᠬᠠᠨ ᠤ ᠵᠦᠢᠯ ᠵᠡᠷᠭᠡ ᠡᠳ᠋ᠰᠢᠭᠦᠯᠵᠦ | ᠪᠣᠯᠪᠠᠰᠤᠷᠠᠭᠤᠯᠬᠤ ᠠᠷᠠᠯᠵᠢᠶ᠎ᠠ ᠶᠢᠨ ᠠᠵᠤ ᠦᠢᠯᠡᠰ ᠢ ᠭᠤᠣᠯᠳᠠᠯᠭ᠎ᠠ ᠲᠠᠢ ᠵᠠᠯᠭᠠᠨ ᠵᠣᠯᠭᠠᠭᠤᠯᠤᠨ᠎ᠠ᠃ ︵ | ᠲᠦᠷᠦᠭᠦᠯᠡᠨ ᠬᠢᠬᠦ ᠨᠢᠭᠡᠴᠢ᠄ ᠤᠯᠠᠭᠠᠨᠴᠠᠪ · ᠡᠷᠢᠶᠡᠨ ᠬᠤᠲᠠ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ | ᠵᠠᠩᠭᠢᠯᠠᠭ᠎ᠠ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︔ ᠬᠠᠷᠢᠭᠤᠴᠠᠯᠭᠠᠲᠤ ᠨᠢᠭᠡᠴᠢ᠄ | ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ᠂ | ᠠᠷᠠᠯᠵᠢᠶ᠎ᠠ ᠶᠢ ᠠᠬᠢᠭᠤᠯᠬᠤ ᠡᠪᠯᠡᠯ᠂ ᠵᠢᠨᠢᠩ ᠲᠣᠭᠤᠷᠢᠭ ᠤᠨ ᠵᠠᠰᠠᠭ ᠤᠨ ᠣᠷᠳᠣᠨ︶ | 4. ︽ᠤᠯᠠᠭᠠᠨᠴᠠᠪ · ᠡᠷᠢᠶᠡᠨ ᠬᠤᠲᠠ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠬᠦᠷᠢᠶᠡᠯᠡᠩ | ᠲᠣᠭᠤᠷᠢᠭ︾ ᠤᠨ ᠶᠡᠷᠦᠩᠬᠡᠶᠢᠯᠡᠭᠰᠡᠨ ᠪᠠᠷᠠᠭᠠᠨ ᠤ ᠭᠦᠢᠯᠭᠡᠭᠡᠨ ᠤ ᠬᠦᠷᠢᠶᠡᠯᠡᠩ ᠢᠶᠠᠷ ᠲᠠᠪᠴᠠᠩ ᠪᠣᠯᠭᠠᠵᠤ᠂ ᠬᠡᠦᠷᠡᠰᠦ᠂ | ᠨᠡᠭᠦᠷᠡᠰᠦ ᠵᠡᠷᠭᠡ ᠠᠵᠤ ᠠᠬᠤᠶᠢᠯᠠᠯ ᠢ ᠡᠵᠡᠩᠨᠡᠬᠦ ᠪᠠᠷ ᠤᠳᠤᠷᠢᠳᠤᠮᠵᠢ ᠪᠣᠯᠭᠠᠵᠤ᠂ ᠭᠠᠳᠠᠭᠠᠳᠤ ᠠᠴᠠ | ᠣᠷᠣᠭᠤᠯᠤᠭᠰᠠᠨ ᠨᠡᠭᠦᠷᠡᠰᠦ᠂ ᠠᠭᠤᠷᠬᠠᠢ ᠶᠢᠨ ᠭᠠᠷᠤᠯᠲᠠ ᠵᠡᠷᠭᠡ ᠡᠬᠢ ᠪᠠᠶᠠᠯᠢᠭ ᠢ ᠡᠳ᠋ᠰᠢᠭᠦᠯᠬᠦ ᠠᠷᠠᠯᠵᠢᠶ᠎ᠠ ᠶᠢᠨ | ᠠᠵᠤ ᠦᠢᠯᠡᠰ ᠢ ᠭᠤᠣᠯᠳᠠᠯᠭ᠎ᠠ ᠲᠠᠢ ᠵᠠᠯᠭᠠᠨ ᠵᠣᠯᠭᠠᠭᠤᠯᠵᠤ᠂ ᠠᠭᠤᠷᠬᠠᠢ ᠶᠢᠨ ᠭᠠᠷᠤᠯᠲᠠ ᠶᠢ ᠡᠳ᠋ᠰᠢᠭᠦᠯᠬᠦ ᠠᠵᠤ | ᠦᠢᠯᠡᠰ ᠢ ᠪᠥᠬᠦ ᠲᠠᠯ᠎ᠠ ᠪᠠᠷ ᠳᠡᠭᠡᠭᠰᠢᠯᠡᠭᠦᠯᠦᠨ᠎ᠡ᠃ ︵ᠲᠦᠷᠦᠭᠦᠯᠡᠨ ᠬᠢᠬᠦ ᠨᠢᠭᠡᠴᠢ᠄ ᠤᠯᠠᠭᠠᠨᠴᠠᠪ · ᠡᠷᠢᠶᠡᠨ | ᠬᠤᠲᠠ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠬᠦᠷᠢᠶᠡᠯᠡᠩ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ︔ ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ᠂ ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ᠂ ᠠᠷᠠᠯᠵᠢᠶ᠎ᠠ ᠶᠢ ᠠᠬᠢᠭᠤᠯᠬᠤ ᠡᠪᠯᠡᠯ᠂ ᠵᠢᠨᠢᠩ | ᠲᠣᠭᠤᠷᠢᠭ ᠤᠨ ᠵᠠᠰᠠᠭ ᠤᠨ ᠣᠷᠳᠣᠨ︶ | 5. ︽ᠤᠯᠠᠭᠠᠨᠴᠠᠪ · ᠡᠷᠢᠶᠡᠨ ᠬᠤᠲᠠ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠬᠦᠷᠢᠶᠡᠯᠡᠩ | ᠲᠣᠭᠤᠷᠢᠭ︾ ᠤᠨ ᠪᠧᠢ ᠹᠠᠩ ᠭᠡᠷ ᠤᠨ ᠬᠡᠷᠡᠭᠰᠡᠯ ᠤᠨ ᠠᠵᠤ ᠦᠢᠯᠡᠰ ᠤᠨ ᠬᠦᠷᠢᠶᠡᠯᠡᠩ ᠢᠶᠠᠷ ᠲᠠᠪᠴᠠᠩ ᠪᠣᠯᠭᠠᠵᠤ᠂ | ᠮᠣᠳᠣᠨ ᠮᠠᠲ᠋ᠧᠷᠢᠶᠠᠯ ᠦᠢᠯᠡᠳᠪᠦᠷᠢᠯᠡᠵᠦ ᠡᠳ᠋ᠰᠢᠭᠦᠯᠬᠦ ᠠᠵᠤ ᠠᠬᠤᠶᠢᠯᠠᠯ ᠢᠶᠠᠷ ᠤᠳᠤᠷᠢᠳᠤᠮᠵᠢ ᠪᠣᠯᠭᠠᠵᠤ᠂ ᠭᠡᠷ ᠤᠨ | ᠬᠡᠷᠡᠭᠰᠡᠯ ᠤᠨ ᠦᠢᠯᠡᠳᠬᠦᠨ ᠦᠢᠯᠡᠳᠬᠦ ᠵᠡᠷᠭᠡ ᠮᠣᠳᠣᠨ ᠮᠠᠲ᠋ᠧᠷᠢᠶᠠᠯ ᠤᠨ ᠦᠢᠯᠡᠳᠬᠦᠨ ᠢ ᠤᠷᠲᠤᠳᠬᠠᠬᠤ ᠠᠵᠤ | ᠦᠢᠯᠡᠰ ᠢ ᠭᠤᠣᠯᠳᠠᠯᠭ᠎ᠠ ᠲᠠᠢ ᠵᠠᠯᠭᠠᠨ ᠠᠪᠴᠤ᠂ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠮᠣᠳᠣᠨ | ᠮᠠᠲ᠋ᠧᠷᠢᠶᠠᠯ ᠤᠨ ᠠᠵᠤ ᠦᠢᠯᠡᠳᠪᠦᠷᠢ᠂ ᠵᠠᠬᠢᠶᠠᠯᠠᠨ ᠦᠢᠯᠡᠳᠴᠦ ᠵᠠᠰᠠᠵᠤ ᠴᠢᠮᠡᠭᠯᠡᠬᠦ ᠵᠡᠷᠭᠡ ᠣᠳᠣᠬᠢᠴᠢᠯᠠᠭᠰᠠᠨ | ᠮᠣᠳᠣᠨ ᠮᠠᠲ᠋ᠧᠷᠢᠶᠠᠯ ᠤᠨ ᠠᠵᠤ ᠦᠢᠯᠡᠰ ᠢ ᠥᠷᠭᠡᠳᠬᠡᠨ᠎ᠡ᠃ ︵ᠲᠦᠷᠦᠭᠦᠯᠡᠨ ᠬᠢᠬᠦ ᠨᠢᠭᠡᠴᠢ᠄ ᠤᠯᠠᠭᠠᠨᠴᠠᠪ · | ᠡᠷᠢᠶᠡᠨ ᠬᠤᠲᠠ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠬᠦᠷᠢᠶᠡᠯᠡᠩ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ︔ ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ | ᠲᠣᠪᠴᠢᠶ᠎ᠠ᠂ ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ᠂ ᠠᠷᠠᠯᠵᠢᠶ᠎ᠠ ᠶᠢ ᠠᠬᠢᠭᠤᠯᠬᠤ ᠡᠪᠯᠡᠯ᠂ ᠵᠢᠨᠢᠩ | ᠲᠣᠭᠤᠷᠢᠭ ᠤᠨ ᠵᠠᠰᠠᠭ ᠤᠨ ᠣᠷᠳᠣᠨ︶ | ︵ᠭᠤᠷᠪᠠ︶ ᠣᠨᠴᠠᠯᠢᠭᠲᠤ ᠭᠤᠣᠯᠯᠠᠬᠤ ᠠᠵᠤ ᠦᠢᠯᠡᠰ ᠢ ᠪᠣᠶᠢᠵᠢᠭᠤᠯᠤᠨ᠎ᠠ | 6. ᠡᠯᠧᠺᠲᠷᠣᠨ ᠮᠠᠲ᠋ᠧᠷᠢᠶᠠᠯ ᠤᠨ ᠠᠵᠤ ᠦᠢᠯᠡᠰ᠃ ᠮᠠᠨ ᠤ ᠬᠤᠲᠠ ᠶᠢᠨ ᠬᠢᠮᠢ ᠶᠢᠨ ᠴᠠᠭᠠᠰᠤ ᠪᠣᠯᠪᠠᠰᠤᠷᠠᠭᠤᠯᠬᠤ | ᠠᠷᠠᠯᠵᠢᠶ᠎ᠠ ᠶᠢᠨ ᠠᠵᠤ ᠦᠢᠯᠡᠰ ᠤᠨ ᠳᠠᠪᠠᠭᠤᠯᠢᠭ ᠢᠶᠠᠷ ᠲᠦᠰᠢᠭ ᠪᠣᠯᠭᠠᠵᠤ᠂ ᠦᠢᠯᠡᠳᠪᠦᠷᠢᠯᠡᠬᠦ ᠴᠢᠳᠠᠪᠤᠷᠢ ᠪᠠᠨ | ᠥᠷᠭᠡᠳᠬᠡᠨ᠂ ᠠᠵᠤ ᠦᠢᠯᠡᠰ ᠤᠨ ᠬᠡᠯᠬᠢᠶ᠎ᠡ ᠶᠢ ᠰᠢᠯᠢᠳᠡᠭᠵᠢᠭᠦᠯᠦᠨ ᠲᠡᠭᠦᠯᠳᠡᠷᠵᠢᠭᠦᠯᠦᠨ᠎ᠡ᠃ ᠠᠵᠤ ᠦᠢᠯᠡᠰ ᠤᠨ | ᠬᠡᠯᠬᠢᠶᠡᠨ ᠤ ᠳᠡᠭᠡᠳᠦ ᠤᠷᠤᠰᠬᠠᠯ ᠤᠨ ᠠᠵᠤ ᠦᠢᠯᠡᠰ ᠤᠨ ᠲᠣᠭᠤᠷᠢᠨ ᠳᠤ᠂ ᠣᠣᠷ ᠬᠥᠩᠭᠡᠨ ᠴᠠᠭᠠᠨ᠂ ᠳᠡᠭᠡᠳᠦ | ᠴᠡᠪᠡᠷ ᠬᠥᠩᠭᠡᠨ ᠴᠠᠭᠠᠨ᠂ ᠳᠣᠣᠷ᠎ᠠ ᠳᠠᠷᠤᠯᠲᠠᠲᠤ ᠬᠡᠷᠡᠯ ᠴᠠᠭᠠᠰᠤ᠂ ᠳᠤᠮᠳᠠ ᠥᠨᠳᠥᠷ ᠳᠠᠷᠤᠯᠲᠠᠲᠤ ᠬᠡᠷᠡᠯ ᠴᠠᠭᠠᠰᠤ᠂ | ᠪᠢᠯᠢᠭ ᠲᠤᠶᠢᠯ ᠤᠨ ᠬᠡᠷᠡᠯ ᠴᠠᠭᠠᠰᠤ᠂ ᠨᠡᠶᠢᠯᠡᠮᠡᠯ ᠵᠡᠰ ᠮᠠᠲ᠋ᠧᠷᠢᠶᠠᠯ ᠵᠡᠷᠭᠡ ᠠᠵᠤ ᠦᠢᠯᠡᠰ ᠢ ᠭᠤᠣᠯᠳᠠᠯᠭ᠎ᠠ ᠲᠠᠢ | ᠵᠠᠯᠭᠠᠨ ᠵᠣᠯᠭᠠᠭᠤᠯᠵᠤ᠂ ᠠᠵᠤ ᠦᠢᠯᠡᠰ ᠤᠨ ᠬᠡᠯᠬᠢᠶᠡᠨ ᠤ ᠳᠣᠣᠷᠠᠳᠤ ᠤᠷᠤᠰᠬᠠᠯ ᠤᠨ ᠲᠣᠭᠤᠷᠢᠨ ᠳᠤ ᠬᠥᠩᠭᠡᠨ | ᠴᠠᠭᠠᠨ ᠤ ᠴᠠᠬᠢᠯᠭᠠᠨ ᠵᠠᠳᠠᠯᠤᠯ ᠤᠨ ᠴᠠᠬᠢᠯᠭᠠᠨ ᠪᠠᠭᠲᠠᠭᠠᠭᠴᠢ ᠶᠢᠨ ᠠᠵᠤ ᠦᠢᠯᠡᠰ ᠢ ᠭᠤᠣᠯᠳᠠᠯᠭ᠎ᠠ ᠲᠠᠢ ᠵᠠᠯᠭᠠᠨ | ᠵᠣᠯᠭᠠᠭᠤᠯᠤᠨ᠎ᠠ᠃ ᠡᠭᠦᠨ ᠤ ᠬᠠᠮᠲᠤ ᠠᠵᠤ ᠦᠢᠯᠡᠰ ᠤᠨ ᠪᠣᠬᠢᠷᠲᠤᠯ ᠢ ᠵᠠᠰᠠᠬᠤ᠂ ᠬᠢᠷᠢ ᠬᠡᠮ ᠲᠠᠢ ᠠᠵᠤ | ᠠᠬᠤᠶᠢᠯᠠᠯ ᠢ ᠣᠷᠣᠭᠤᠯᠤᠨ ᠠᠪᠴᠢᠷᠠᠬᠤ᠂ ᠬᠥᠩᠭᠡᠨ ᠴᠠᠭᠠᠨ ᠤ ᠴᠠᠬᠢᠯᠭᠠᠨ ᠵᠠᠳᠠᠯᠤᠯ ᠤᠨ ᠴᠠᠬᠢᠯᠭᠠᠨ | ᠪᠠᠭᠲᠠᠭᠠᠭᠴᠢ ᠶᠢᠨ ᠠᠵᠤ ᠦᠢᠯᠡᠰ ᠤᠨ ᠪᠣᠬᠢᠷᠲᠤᠯ ᠪᠣᠳᠠᠰ ᠢ ᠶᠡᠷᠦᠩᠬᠡᠶᠢᠯᠡᠨ ᠬᠤᠷᠢᠶᠠᠨ ᠠᠪᠴᠤ ᠠᠰᠢᠭᠯᠠᠬᠤ | ᠡᠷᠴᠢᠮ ᠢ ᠴᠢᠩᠭᠠᠷᠠᠭᠤᠯᠵᠤ᠂ ᠬᠥᠩᠭᠡᠨ ᠴᠠᠭᠠᠨ ᠤ ᠴᠠᠬᠢᠯᠭᠠᠨ ᠵᠠᠳᠠᠯᠤᠯ ᠤᠨ ᠴᠠᠬᠢᠯᠭᠠᠨ ᠪᠠᠭᠲᠠᠭᠠᠭᠴᠢ ᠶᠢᠨ | ᠬᠠᠶᠠᠭᠳᠠᠮᠠᠯ ᠪᠣᠳᠠᠰ ᠦᠢᠯᠡᠳᠬᠦ ᠶᠢᠨ ᠣᠷᠴᠢᠨ ᠲᠣᠭᠤᠷᠢᠨ ᠢ ᠬᠠᠮᠠᠭᠠᠯᠠᠬᠤ ᠰᠢᠢᠳᠪᠦᠷᠢᠯᠡᠬᠦ᠂ ᠬᠠᠶᠠᠭᠳᠠᠮᠠᠯ | ᠮᠠᠲ᠋ᠧᠷᠢᠶᠠᠯ ᠢ ᠨᠠᠷᠢᠯᠢᠭ ᠡᠳ᠋ᠰᠢᠭᠦᠯᠬᠦ ᠵᠡᠷᠭᠡ ᠮᠡᠷᠭᠡᠵᠢᠯ ᠤᠨ ᠬᠥᠭᠵᠢᠯᠲᠡ ᠶᠢ ᠶᠡᠬᠡᠪᠡᠷ ᠲᠡᠳᠬᠦᠨ ᠳᠡᠮᠵᠢᠵᠦ᠂ ᠬᠥᠩᠭᠡᠨ | ᠴᠠᠭᠠᠨ ᠤ ᠴᠠᠬᠢᠯᠭᠠᠨ ᠵᠠᠳᠠᠯᠤᠯ ᠤᠨ ᠴᠠᠬᠢᠯᠭᠠᠨ ᠪᠠᠭᠲᠠᠭᠠᠭᠴᠢ ᠶᠢᠨ ᠬᠠᠶᠠᠭᠳᠠᠮᠠᠯ ᠪᠣᠳᠠᠰ ᠦᠢᠯᠡᠳᠬᠦ ᠶᠢᠨ ᠡᠬᠢ | ᠪᠠᠶᠠᠯᠢᠭᠵᠢᠭᠤᠯᠤᠭᠰᠠᠨ ᠦᠢᠯᠡᠳᠬᠦᠨ ᠤ ᠨᠡᠮᠡᠯᠲᠡ ᠥᠷᠲᠡᠭ ᠢ ᠳᠡᠭᠡᠭᠰᠢᠯᠡᠭᠦᠯᠦᠨ᠎ᠡ᠃ ︵ᠲᠦᠷᠦᠭᠦᠯᠡᠨ ᠬᠢᠬᠦ ᠨᠢᠭᠡᠴᠢ᠄ | ᠵᠢᠨᠢᠩ ᠲᠣᠭᠤᠷᠢᠭ ᠤᠨ ᠵᠠᠰᠠᠭ ᠤᠨ ᠣᠷᠳᠣᠨ︔ ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠤᠳᠠᠯᠳᠤᠭᠠᠨ ᠤ | ᠶᠠᠪᠤᠳᠠᠯ ᠤᠨ ᠲᠣᠪᠴᠢᠶ᠎ᠠ᠂ ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ᠂ ᠠᠷᠠᠯᠵᠢᠶ᠎ᠠ ᠶᠢ ᠠᠬᠢᠭᠤᠯᠬᠤ | ᠵᠥᠪᠯᠡᠯ᠂ ᠤᠯᠠᠭᠠᠨᠴᠠᠪ · ᠡᠷᠢᠶᠡᠨ ᠬᠤᠲᠠ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ | ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠴᠠᠬᠠᠷ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠲᠡ ᠶᠢᠨ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︶ | 7. ᠡᠨᠧᠷᠭᠢ ᠬᠠᠳᠠᠭᠠᠯᠠᠬᠤ ᠳ᠋ᠢᠶᠠᠨ ᡂᠢ ᠶᠢᠨ ᠠᠵᠤ ᠦᠢᠯᠡᠰ᠃ ᠬᠠᠲᠠᠭᠤ ᠲᠥᠯᠥᠪᠲᠦ ᠯᠢᠲ᠋ᠢ ᠢᠶᠤᠨ ᠤ ᠳ᠋ᠢᠶᠠᠨ | ᡂᠢ ᠶᠢᠨ ᠡᠨᠧᠷᠭᠢ ᠬᠠᠳᠠᠭᠠᠯᠠᠬᠤ ᠬᠦᠷᠢᠶ᠎ᠡ ᠴᠠᠷᠠᠭ᠎ᠠ ᠶᠢᠨ ᠲᠣᠭᠤᠷᠢᠨ ᠳᠤ᠂ ᠳᠡᠭᠡᠳᠦ ᠤᠷᠤᠰᠬᠠᠯ ᠤᠨ ᠠᠷᠭ᠎ᠠ | ᠲᠤᠶᠢᠯ ᠤᠨ ᠮᠠᠲ᠋ᠧᠷᠢᠶᠠᠯ᠂ ᠪᠢᠯᠢᠭ ᠲᠤᠶᠢᠯ ᠤᠨ ᠮᠠᠲ᠋ᠧᠷᠢᠶᠠᠯ᠂ ᠴᠠᠬᠢᠯᠭᠠᠨ ᠵᠠᠳᠠᠯᠤᠯ ᠤᠨ ᠰᠢᠩᠭᠡᠨ᠂ ᠴᠠᠬᠢᠯᠭᠠᠨ | ᠵᠠᠳᠠᠯᠤᠯ ᠤᠨ ᠣᠩᠭᠤᠴᠠ᠂ ᠲᠠᠰᠤᠯᠤᠪᠴᠢ ᠪᠦᠷᠬᠦᠭᠦᠯ᠂ ᠮᠠᠰᠢᠨ ᠲᠥᠬᠦᠭᠡᠷᠦᠮᠵᠢ ᠵᠡᠷᠭᠡ ᠠᠵᠤ ᠦᠢᠯᠡᠰ᠂ ᠳᠤᠮᠳᠠ | ᠤᠷᠤᠰᠬᠠᠯ ᠤᠨ ᠡᠨᠧᠷᠭᠢ ᠬᠠᠳᠠᠭᠠᠯᠠᠬᠤ ᠳ᠋ᠢᠶᠠᠨ ᡂᠢ ᠶᠢᠨ ᠰᠢᠰᠲ᠋ᠧᠮ᠂ ᠡᠨᠧᠷᠭᠢ ᠬᠠᠳᠠᠭᠠᠯᠠᠬᠤ ᠭᠦᠶᠦᠳᠡᠯ | ᠥᠭᠡᠷᠡᠴᠢᠯᠡᠭᠴᠢ᠂ ᠡᠨᠧᠷᠭᠢ ᠬᠠᠳᠠᠭᠠᠯᠠᠬᠤ ᠬᠠᠮᠢᠶᠠᠷᠤᠯᠲᠠ ᠶᠢᠨ ᠰᠢᠰᠲ᠋ᠧᠮ ᠵᠡᠷᠭᠡ ᠠᠵᠤ ᠦᠢᠯᠡᠰ ᠢ | ᠭᠤᠣᠯᠳᠠᠯᠭ᠎ᠠ ᠲᠠᠢ ᠵᠠᠯᠭᠠᠨ ᠠᠪᠤᠨ᠎ᠠ︔ ᠡᠨᠧᠷᠭᠢ ᠬᠠᠳᠠᠭᠠᠯᠠᠬᠤ ᠶᠢ ᠣᠯᠠᠨ ᠡᠰᠢᠵᠢᠭᠦᠯᠦᠨ ᠬᠥᠭᠵᠢᠭᠦᠯᠬᠦ ᠶᠢ | ᠴᠢᠩᠭᠠᠳᠬᠠᠵᠤ᠂ ᠲᠡᠮᠦᠷ ᠾᠷᠣᠮ ᠤᠨ ᠰᠢᠩᠭᠡᠨ ᠤᠷᠤᠰᠬᠠᠯ ᠤᠨ ᠰᠢᠨ᠎ᠡ ᠬᠡᠯᠪᠡᠷᠢ ᠶᠢᠨ ᠡᠨᠧᠷᠭᠢ ᠬᠠᠳᠠᠭᠠᠯᠠᠬᠤ ᠳ᠋ᠢᠶᠠᠨ | ᡂᠢ᠂ ᠠᠮᠢᠳᠤ ᠪᠣᠳᠠᠰ ᠤᠨ ᠨᠠᠨᠦᠮᠧᠲᠷ ᠤᠨ ᠳ᠋ᠢᠶᠠᠨ ᡂᠢ ᠶᠢᠨ ᠠᠵᠤ ᠦᠢᠯᠡᠰ ᠢ ᠢᠳᠡᠪᠬᠢᠲᠡᠢ ᠪᠠᠷ ᠵᠠᠯᠭᠠᠨ ᠠᠪᠤᠨ᠎ᠠ᠃ | ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠠᠵᠤ ᠦᠢᠯᠡᠰ ᠤᠨ ᠣᠯᠠᠨ ᠡᠰᠢᠵᠢᠭᠰᠡᠨ ᠬᠥᠭᠵᠢᠯᠲᠡ ᠶᠢ | ᠠᠬᠢᠭᠤᠯᠵᠤ᠂ ᠰᠠᠯᠬᠢᠨ ᠬᠦᠴᠦᠨ ᠤ ᠴᠠᠬᠢᠯᠭᠠᠨ ᠤ ᠲᠣᠨᠤᠭ ᠲᠥᠬᠦᠭᠡᠷᠦᠮᠵᠢ᠂ ᠤᠰᠤᠲᠥ᠋ᠷᠥᠭᠴᠢ ᠡᠨᠧᠷᠭᠢ ᠶᠢᠨ | ᠲᠣᠨᠤᠭ ᠲᠥᠬᠦᠭᠡᠷᠦᠮᠵᠢ᠂ ᠨᠡᠭᠦᠷᠡᠰᠦᠲᠥ᠋ᠷᠥᠭᠴᠢ ᠶᠢ ᠪᠠᠷᠢᠬᠤ ᠲᠣᠨᠤᠭ ᠲᠥᠬᠦᠭᠡᠷᠦᠮᠵᠢ᠂ ᠵᠠᠩᠭᠢᠯᠠᠭ᠎ᠠ ᠶᠢᠨ ᠰᠠᠭᠤᠷᠢ | ᠰᠡᠯᠪᠢᠭ ᠲᠣᠨᠤᠭ᠂ ᠣᠶᠤᠨᠴᠢ ᠦᠢᠯᠡᠳᠬᠦ᠂ ᠠᠦ᠋ᠲ᠋ᠣᠴᠢᠯᠠᠭᠰᠠᠨ ᠲᠣᠭᠠᠨ ᠤ ᠡᠵᠡᠮᠰᠢᠯᠲᠦ ᠰᠠᠤᠷᠢ ᠮᠠᠰᠢᠨ ᠵᠡᠷᠭᠡ | ᠠᠵᠤ ᠦᠢᠯᠡᠰ ᠢ ᠭᠤᠣᠯᠳᠠᠯᠭ᠎ᠠ ᠲᠠᠢ ᠵᠠᠯᠭᠠᠨ ᠠᠪᠤᠨ᠎ᠠ᠃ ︵ᠲᠦᠷᠦᠭᠦᠯᠡᠨ ᠬᠢᠬᠦ ᠨᠢᠭᠡᠴᠢ᠄ ᠴᠠᠬᠠᠷ ᠳᠡᠭᠡᠳᠦ ᠰᠢᠨ᠎ᠡ | ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︔ ᠬᠠᠷᠢᠭᠤᠴᠠᠯᠭᠠᠲᠤ ᠨᠢᠭᠡᠴᠢ᠄ | ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ | ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ᠂ | ᠠᠷᠠᠯᠵᠢᠶ᠎ᠠ ᠶᠢ ᠠᠬᠢᠭᠤᠯᠬᠤ ᠵᠥᠪᠯᠡᠯ᠂ ᠤᠯᠠᠭᠠᠨᠴᠠᠪ · ᠡᠷᠢᠶᠡᠨ ᠬᠤᠲᠠ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ | ᠵᠠᠩᠭᠢᠯᠠᠭ᠎ᠠ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠵᠢᠨᠢᠩ ᠲᠣᠭᠤᠷᠢᠭ ᠤᠨ ᠵᠠᠰᠠᠭ ᠤᠨ | ᠣᠷᠳᠣᠨ︶ | 8. ᠲᠡᠮᠦᠷᠯᠢᠭ ᠪᠤᠰᠤ ᠮᠠᠲ᠋ᠧᠷᠢᠶᠠᠯ ᠤᠨ ᠠᠵᠤ ᠦᠢᠯᠡᠰ᠃ ᠤᠯᠠᠭᠠᠨᠴᠠᠪ ᠤᠨ ᠡᠯᠪᠡᠭ ᠳᠡᠯᠪᠡᠭ ᠬᠦᠷᠮᠡᠨ ᠴᠢᠯᠠᠭᠤᠯᠢᠭ᠂ | ᠪᠣᠷᠵᠢᠨ ᠴᠢᠯᠠᠭᠤᠯᠢᠭ᠂ ᠴᠠᠬᠢᠭᠤᠷ ᠴᠢᠯᠠᠭᠤ᠂ ᠬᠠᠶᠢᠯᠤᠭᠤᠷ ᠵᠤᠩᠰᠢ ᠵᠡᠷᠭᠡ ᠲᠡᠮᠦᠷᠯᠢᠭ ᠪᠤᠰᠤ ᠠᠭᠤᠷᠬᠠᠢ ᠶᠢᠨ | ᠭᠠᠷᠤᠯᠲᠠ ᠶᠢᠨ ᠡᠬᠢ ᠪᠠᠶᠠᠯᠢᠭ ᠲᠤ ᠲᠦᠰᠢᠭᠯᠡᠨ᠂ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠢ | ᠴᠢᠩᠭᠠᠷᠠᠭᠤᠯᠵᠤ᠂ ᠡᠬᠢ ᠪᠠᠶᠠᠯᠢᠭ ᠤᠨ ᠵᠦᠢ ᠵᠣᠬᠢᠰᠲᠠᠢ᠂ ᠡᠮᠬᠢ ᠵᠢᠷᠤᠮ ᠲᠠᠢ᠂ ᠪᠣᠬᠢᠷᠲᠤᠯ ᠦᠭᠡᠢ ᠨᠡᠭᠡᠭᠡᠯᠲᠡ ᠶᠢ | ᠠᠬᠢᠭᠤᠯᠤᠨ᠎ᠠ᠃ ᠤᠯᠠᠭᠠᠨᠴᠠᠪ ᠤᠨ ᠡᠯᠪᠡᠭ ᠳᠡᠯᠪᠡᠭ ᠪᠣᠬᠢᠷᠲᠤᠯ ᠦᠭᠡᠢ ᠡᠨᠧᠷᠭᠢ ᠲᠠᠢ ᠤᠶᠠᠯᠳᠤᠭᠤᠯᠤᠨ᠂ ᠹᠯᠣᠷᠲᠤ | ᠰᠠᠭᠤᠷᠢ᠂ ᠴᠠᠬᠢᠭᠤᠷᠲᠤ ᠰᠠᠭᠤᠷᠢ᠂ ᠨᠡᠭᠦᠷᠡᠰᠦᠲᠥ᠋ᠷᠥᠭᠴᠢᠲᠦ ᠰᠠᠭᠤᠷᠢ ᠵᠡᠷᠭᠡ ᠲᠡᠮᠦᠷᠯᠢᠭ ᠪᠤᠰᠤ ᠮᠠᠲ᠋ᠧᠷᠢᠶᠠᠯ ᠤᠨ | ᠠᠵᠤ ᠦᠢᠯᠡᠰ ᠢ ᠬᠥᠭᠵᠢᠭᠦᠯᠵᠦ᠂ ᠳᠡᠭᠡᠳᠦ ᠳᠣᠣᠷᠠᠳᠤ ᠤᠷᠤᠰᠬᠠᠯ ᠤᠨ ᠠᠵᠤ ᠦᠢᠯᠡᠰ ᠤᠨ ᠬᠡᠯᠬᠢᠶ᠎ᠡ ᠶᠢ | ᠤᠷᠲᠤᠳᠬᠠᠨ᠂ ᠢᠵᠢ ᠪᠦᠷᠢᠳᠦᠭᠦᠯᠬᠦ ᠰᠢᠨᠵᠢᠯᠡᠬᠦ ᠤᠬᠠᠭᠠᠨ ᠤ ᠰᠤᠳᠤᠯᠤᠯ᠂ ᠪᠠᠶᠢᠴᠠᠭᠠᠨ ᠬᠡᠮᠵᠢᠬᠦ ᠰᠢᠰᠲ᠋ᠧᠮᠵᠢ ᠶᠢᠨ | ᠪᠠᠶᠢᠭᠤᠯᠤᠯᠲᠠ ᠶᠢ ᠳᠡᠮᠵᠢᠵᠦ᠂ ᠲᠡᠮᠦᠷᠯᠢᠭ ᠪᠤᠰᠤ ᠮᠠᠲ᠋ᠧᠷᠢᠶᠠᠯ ᠢ ᠤᠯᠠᠭᠠᠨᠴᠠᠪ ᠤᠨ ᠰᠢᠨ᠎ᠡ ᠠᠵᠤ ᠠᠬᠤᠢ ᠶᠢᠨ | ᠨᠡᠮᠡᠭᠳᠡᠯ ᠤᠨ ᠴᠡᠭ ᠪᠠ ᠲᠤᠶᠢᠯ ᠤᠨ ᠳᠠᠯᠳᠠ ᠬᠦᠴᠦᠨ ᠲᠠᠢ ᠠᠵᠤ ᠦᠢᠯᠡᠰ ᠤᠨ ᠬᠥᠭᠵᠢᠯᠲᠡ ᠶᠢᠨ ᠪᠦᠯᠦᠭᠯᠡᠯ | ᠪᠣᠯᠭᠠᠬᠤ ᠪᠠᠷ ᠴᠢᠷᠮᠠᠶᠢᠨ᠎ᠠ᠃ ︵ᠲᠦᠷᠦᠭᠦᠯᠡᠨ ᠬᠢᠬᠦ ᠨᠢᠭᠡᠴᠢ᠄ ᠴᠠᠬᠠᠷ ᠳᠡᠭᠡᠳᠦ ᠰᠢᠨ᠎ᠡ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︔ ᠬᠠᠷᠢᠭᠤᠴᠠᠯᠭᠠᠲᠤ ᠨᠢᠭᠡᠴᠢ᠄ ᠬᠤᠲᠠ ᠶᠢᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ | ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ᠂ ᠠᠷᠠᠯᠵᠢᠶ᠎ᠠ ᠶᠢ | ᠠᠬᠢᠭᠤᠯᠬᠤ ᠡᠪᠯᠡᠯ᠂ ᠵᠢᠨᠢᠩ ᠲᠣᠭᠤᠷᠢᠭ ᠤᠨ ᠵᠠᠰᠠᠭ ᠤᠨ ᠣᠷᠳᠣᠨ︶ | 9. ᠮᠢᠬᠠᠨ ᠤ ᠲᠥᠷᠥᠯ ᠢ ᠡᠳ᠋ᠰᠢᠭᠦᠯᠬᠦ ᠠᠵᠤ ᠦᠢᠯᠡᠰ᠃ ᠤᠯᠠᠭᠠᠨᠴᠠᠪ · ᠡᠷᠢᠶᠡᠨ ᠬᠤᠲᠠ ᠶᠢᠨ ᠤᠯᠤᠰ ᠤᠨ | ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠬᠦᠷᠢᠶᠡᠯᠡᠩ ᠲᠣᠭᠤᠷᠢᠭ ᠤᠨ ᠳᠣᠲᠣᠷᠠᠬᠢ ᠬᠦᠢᠲᠡᠨ ᠬᠡᠯᠬᠢᠶᠡᠲᠦ | ᠪᠠᠷᠠᠭᠠᠨ ᠤ ᠭᠦᠢᠯᠭᠡᠭᠡᠨ ᠤ ᠪᠡᠯᠡᠳᠬᠡᠮᠵᠢ ᠪᠠᠷ ᠰᠠᠭᠤᠷᠢ ᠪᠣᠯᠭᠠᠵᠤ᠂ ᠬᠦᠢᠲᠡᠨ ᠬᠡᠯᠬᠢᠶᠡᠲᠦ ᠪᠠᠷᠠᠭᠠᠨ ᠤ ᠭᠦᠢᠯᠭᠡᠭᠡᠨ ᠤ | ᠪᠡᠯᠡᠳᠬᠡᠮᠵᠢ ᠶᠢᠨ ᠡᠵᠡᠩᠨᠡᠯᠲᠡ ᠶᠢᠨ ᠠᠵᠤ ᠠᠬᠤᠶᠢᠯᠠᠯ ᠤᠨ ᠮᠢᠬᠠᠨ ᠤ ᠲᠥᠷᠥᠯ ᠤᠨ ᠦᠢᠯᠡᠳᠬᠦᠨ ᠤ ᠬᠦᠢᠲᠡᠨ | ᠬᠡᠯᠬᠢᠶᠡᠲᠦ ᠲᠡᠭᠡᠭᠡᠪᠦᠷᠢ ᠳᠤ ᠦᠢᠯᠡᠴᠢᠯᠡᠬᠦ ᠪᠠᠷᠠᠭᠠᠨ ᠤ ᠭᠦᠢᠯᠭᠡᠭᠡᠨ ᠤ ᠰᠢᠰᠲ᠋ᠧᠮᠵᠢ ᠶᠢ ᠲᠦᠷᠭᠡᠳᠬᠡᠨ ᠪᠠᠶᠢᠭᠤᠯᠬᠤ ᠶᠢ | ᠠᠬᠢᠭᠤᠯᠵᠤ᠂ ᠰᠢᠯᠭᠠᠨ ᠪᠠᠶᠢᠴᠠᠭᠠᠬᠤ ᠬᠢᠵᠢᠭ ᠪᠠᠶᠢᠴᠠᠭᠠᠬᠤ ᠵᠢᠴᠢ ᠢᠳᠡᠭᠡᠨ ᠤ ᠠᠮᠤᠷ ᠲᠦᠪᠰᠢᠨ ᠤ ᠰᠢᠰᠲ᠋ᠧᠮᠵᠢ ᠶᠢ | ᠲᠡᠭᠦᠯᠳᠡᠷᠵᠢᠭᠦᠯᠦᠨ᠂ ᠮᠢᠬᠠᠨ ᠤ ᠲᠥᠷᠥᠯ ᠢ ᠡᠳ᠋ᠰᠢᠭᠦᠯᠬᠦ ᠠᠵᠤ ᠠᠬᠤᠶᠢᠯᠠᠯ ᠤᠨ ᠪᠠᠷᠢᠮᠵᠢᠶᠠᠵᠢᠭᠤᠯᠤᠭᠰᠠᠨ | ᠦᠢᠯᠡᠳᠪᠦᠷᠢᠯᠡᠯ ᠢ ᠵᠢᠯᠤᠭᠤᠳᠴᠤ᠂ ᠠᠵᠤ ᠦᠢᠯᠡᠰ ᠤᠨ ᠬᠥᠭᠵᠢᠯᠲᠡ ᠶᠢᠨ ᠣᠷᠳᠣ ᠬᠤᠭᠤᠴᠠᠭᠠᠨ ᠤ ᠪᠦᠲᠦᠮᠵᠢᠲᠡᠶ | ᠴᠢᠨᠠᠷ ᠢ ᠪᠠᠲᠤᠯᠠᠨ᠎ᠠ᠃ ︵ᠲᠦᠷᠦᠭᠦᠯᠡᠨ ᠬᠢᠬᠦ ᠨᠢᠭᠡᠴᠢ᠄ ᠤᠯᠠᠭᠠᠨᠴᠠᠪ · ᠡᠷᠢᠶᠡᠨ ᠬᠤᠲᠠ ᠶᠢᠨ ᠤᠯᠤᠰ ᠤᠨ | ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ︔ | ᠬᠠᠷᠢᠭᠤᠴᠠᠯᠭᠠᠲᠤ ᠨᠢᠭᠡᠴᠢ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ | ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠪᠡᠯᠡ | ᠣᠷᠣᠭᠤᠯᠤᠯᠲᠠ ᠶᠢ ᠠᠬᠢᠭᠤᠯᠬᠤ ᠲᠣᠪᠴᠢᠶ᠎ᠠ᠂ ᠠᠷᠠᠯᠵᠢᠶ᠎ᠠ ᠶᠢ ᠠᠬᠢᠭᠤᠯᠬᠤ ᠡᠪᠯᠡᠯ᠂ ᠵᠢᠨᠢᠩ ᠪᠣᠭᠤᠮᠲᠠ᠂ ᠵᠢᠨᠢᠩ | ᠲᠣᠭᠤᠷᠢᠭ ᠤᠨ ᠵᠠᠰᠠᠭ ᠤᠨ ᠣᠷᠳᠣᠨ︶ | ︵ᠳᠥᠷᠪᠡ︶ ᠠᠵᠤ ᠦᠢᠯᠡᠰ + ᠢᠨᠲ᠋ᠧᠷ ᠰᠦᠯᠵᠢᠶ᠎ᠡ ᠶᠢᠨ ᠠᠭᠤᠰᠤᠯᠴᠠᠨ ᠬᠥᠭᠵᠢᠬᠦ ᠶᠢ ᠠᠬᠢᠭᠤᠯᠤᠨ᠎ᠠ | 10. ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠬᠢᠭᠡᠳ ᠢᠨᠲ᠋ᠧᠷ ᠰᠦᠯᠵᠢᠶ᠎ᠡ ᠶᠢᠨ ᠠᠭᠤᠰᠤᠯᠴᠠᠨ ᠬᠥᠭᠵᠢᠬᠦ ᠶᠢ | ᠵᠣᠷᠢᠭᠵᠢᠭᠤᠯᠤᠨ᠎ᠠ᠃ ︽ᠢᠨᠲ᠋ᠧᠷ ᠰᠦᠯᠵᠢᠶ᠎ᠡ +︾ ᠠᠵᠢᠯᠯᠠᠭ᠎ᠠ ᠶᠢ ᠥᠷᠨᠢᠭᠦᠯᠵᠦ᠂ ᠡᠯᠧᠺᠲᠷᠣᠨ ᠰᠢᠨ᠎ᠡ | ᠮᠠᠲ᠋ᠧᠷᠢᠶᠠᠯ᠂ ᠬᠥᠩᠭᠡᠨ ᠴᠠᠭᠠᠨ ᠤ ᠴᠠᠬᠢᠯᠭᠠᠨ ᠵᠠᠳᠠᠯᠤᠯ ᠤᠨ ᠴᠠᠬᠢᠯᠭᠠᠨ ᠪᠠᠭᠲᠠᠭᠠᠭᠴᠢ ᠶᠢᠨ ᠦᠢᠯᠡᠳᠪᠦᠷᠢᠯᠡᠯ ᠵᠡᠷᠭᠡ | ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ ᠢᠨᠲ᠋ᠧᠷ | ᠰᠦᠯᠵᠢᠶ᠎ᠡ ᠪᠠᠷ ᠵᠠᠭᠤᠴᠢ ᠪᠣᠯᠭᠠᠵᠤ᠂ ᠰᠢᠨ᠎ᠡ ᠨᠢᠭᠡ ᠦᠶ᠎ᠡ ᠶᠢᠨ ᠮᠡᠳᠡᠭᠡ ᠵᠠᠩᠭᠢ ᠶᠢᠨ ᠮᠡᠷᠭᠡᠵᠢᠯ ᠢᠶᠠᠷ ᠠᠷᠭ᠎ᠠ ᠪᠠᠷᠢᠯ | ᠪᠣᠯᠭᠠᠨ᠂ ᠵᠢᠷᠤᠭᠯᠠᠨ ᠲᠥᠯᠥᠪᠯᠡᠵᠦ ᠰᠤᠳᠤᠯᠤᠨ ᠨᠡᠭᠡᠭᠡᠬᠦ᠂ ᠦᠢᠯᠡᠳᠪᠦᠷᠢᠯᠡᠵᠦ ᠡᠵᠡᠩᠨᠡᠬᠦ᠂ ᠡᠵᠡᠩᠨᠡᠨ ᠪᠣᠷᠣᠯᠠᠭᠤᠯᠬᠤ | ᠦᠢᠯᠡᠴᠢᠯᠡᠭᠡ᠂ ᠬᠤᠪᠢᠶᠠᠷᠢᠯᠠᠨ ᠰᠠᠯᠭᠠᠵᠤ ᠳ᠋ᠦᠩᠨᠡᠨ ᠪᠤᠳᠤᠬᠤ᠂ ᠰᠡᠯᠪᠢᠨ ᠵᠠᠰᠠᠵᠤ ᠪᠠᠶᠢᠴᠠᠭᠠᠨ ᠰᠢᠯᠭᠠᠬᠤ ᠳᠤᠮᠳᠠ | ︽ᠡᠳ᠋ᠰᠢᠭᠦᠯᠵᠦ ᠦᠢᠯᠡᠳᠬᠦ + ᠢᠨᠲ᠋ᠧᠷ ᠰᠦᠯᠵᠢᠶ᠎ᠡ︾ ᠶᠢᠨ ᠬᠥᠭᠵᠢᠯᠲᠡ ᠶᠢᠨ ᠠᠷᠭ᠎ᠠ ᠵᠠᠮ ᠢ ᠰᠦᠪᠡᠭᠴᠢᠯᠡᠨ᠎ᠡ᠃ | ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠠᠵᠤ ᠠᠬᠤᠶᠢᠯᠠᠯ ᠤᠨ ᠰᠦᠯᠵᠢᠶᠡᠨ ᠳᠡᠭᠡᠷ᠎ᠡ᠂ ᠰᠦᠯᠵᠢᠶᠡᠨ | ᠭᠠᠳᠠᠨ᠎ᠠ ᠠᠭᠤᠰᠤᠯᠴᠠᠨ ᠬᠥᠭᠵᠢᠬᠦ ᠶᠢ ᠠᠬᠢᠭᠤᠯᠵᠤ᠂ ᠠᠵᠤ ᠠᠬᠤᠶᠢᠯᠠᠯ ᠤᠨ ᠠᠵᠤ ᠠᠬᠤᠶᠢᠯᠠᠯ ︵B2B︶ ᠯᠤᠭ᠎ᠠ | ᠬᠢᠯᠢ ᠠᠯᠤᠰᠯᠠᠭᠰᠠᠨ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠭᠠᠳᠠᠭᠠᠳᠤ ᠳᠤ ᠭᠠᠷᠭᠠᠬᠤ ᠲᠤᠬᠠᠶᠢᠯᠠᠭᠰᠠᠨ | ᠠᠵᠢᠯ ᠢ ᠬᠥᠭᠵᠢᠭᠦᠯᠬᠦ ᠶᠢ ᠵᠣᠷᠢᠭᠵᠢᠭᠤᠯᠤᠨ᠎ᠠ᠃ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠠᠵᠤ | ᠠᠬᠤᠶᠢᠯᠠᠯ ᠤᠨ ᠨᠠᠷᠠᠲᠤ ᠡᠯᠧᠺᠲᠷᠣᠨ ᠬᠤᠳᠠᠯᠳᠤᠭᠠᠨ ᠤ ᠶᠠᠪᠤᠳᠠᠯ ᠤᠨ ᠲᠠᠪᠴᠠᠩ ᠯᠤᠭ᠎ᠠ ᠬᠠᠮᠲᠤᠷᠠᠯᠴᠠᠬᠤ ᠶᠢ | ᠵᠣᠷᠢᠭᠵᠢᠭᠤᠯᠵᠤ᠂ ᠢᠨᠲ᠋ᠧᠷ ᠰᠦᠯᠵᠢᠶ᠎ᠡ ᠶᠢᠨ ᠬᠤᠷᠠᠮᠠᠯ ᠮᠠᠶ᠋ᠢᠭ ᠤᠨ ᠬᠠᠭᠤᠳᠠᠰᠤ ᠭᠥᠯᠢᠶᠡᠨ ᠠᠪᠬᠤ ᠳᠤ ᠲᠦᠰᠢᠭᠯᠡᠨ᠂ | ᠰᠦᠯᠵᠢᠶᠡᠨ ᠳᠡᠭᠡᠷᠡᠬᠢ ᠵᠠᠬ᠎ᠠ ᠳᠡᠯᠭᠡᠭᠦᠷ ᠢ ᠨᠡᠭᠡᠭᠡᠵᠦ᠂ ᠪᠣᠷᠤᠯᠠᠭᠤᠯᠭ᠎ᠠ ᠶᠢᠨ ᠠᠷᠭ᠎ᠠ ᠵᠠᠮ ᠢ ᠥᠷᠭᠡᠳᠬᠡᠨ᠎ᠡ᠃ ︵ | ᠲᠦᠷᠦᠭᠦᠯᠡᠨ ᠬᠢᠬᠦ ᠨᠢᠭᠡᠴᠢ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︔ ᠬᠠᠷᠢᠭᠤᠴᠠᠯᠭᠠᠲᠤ | ᠨᠢᠭᠡᠴᠢ᠄ ᠲᠣᠮᠣ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠬᠥᠭᠵᠢᠭᠦᠯᠦᠯᠲᠡ | ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠪᠡᠯᠡ | ᠣᠷᠣᠭᠤᠯᠤᠯᠲᠠ ᠶᠢ ᠠᠬᠢᠭᠤᠯᠬᠤ ᠲᠣᠪᠴᠢᠶ᠎ᠠ᠂ ᠵᠢᠨᠢᠩ ᠪᠣᠭᠤᠮᠲᠠ᠂ ᠤᠯᠠᠭᠠᠨᠴᠠᠪ · ᠡᠷᠢᠶᠡᠨ ᠬᠤᠲᠠ ᠶᠢᠨ | ᠤᠯᠤᠰ ᠤᠨ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ | ᠴᠠᠬᠠᠷ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠵᠢᠨᠢᠩ | ᠲᠣᠭᠤᠷᠢᠭ ᠤᠨ ᠵᠠᠰᠠᠭ ᠤᠨ ᠣᠷᠳᠣᠨ︶ | 11. ᠣᠯᠠᠨ ᠨᠡᠶᠢᠲᠡ ᠶᠢᠨ ᠰᠢᠨ᠎ᠡ ᠶᠢ ᠡᠭᠦᠳᠬᠦ ᠦᠢᠯᠡᠴᠢᠯᠡᠭᠡᠨ ᠤ ᠲᠠᠪᠴᠠᠩ ᠢ ᠪᠠᠶᠢᠭᠤᠯᠤᠨ᠎ᠠ᠃ ᠡᠳ᠋ᠰᠢᠭᠦᠯᠵᠦ | ᠪᠣᠯᠪᠠᠰᠤᠷᠠᠭᠤᠯᠬᠤ ᠠᠷᠠᠯᠵᠢᠶ᠎ᠠ ᠶᠢᠨ ᠠᠵᠤ ᠦᠢᠯᠡᠰ ᠤᠨ ᠰᠢᠨ᠎ᠡ ᠶᠢ ᠡᠭᠦᠳᠬᠦ ᠬᠥᠭᠵᠢᠯᠲᠡ ᠶᠢᠨ ᠲᠤᠭ᠎ᠠ ᠪᠠᠷᠢᠮᠲᠠ ᠶᠢᠨ | ᠲᠤᠯᠭᠠᠭᠤᠷᠢᠯᠠᠯ ᠢ ᠴᠢᠩᠭᠠᠳᠬᠠᠵᠤ᠂ ᠠᠵᠤ ᠠᠬᠤᠶᠢᠯᠠᠯ ᠤᠨ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ | ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠭᠦᠯᠬᠦ ᠬᠡᠷᠡᠭᠴᠡᠭᠡ ᠱᠠᠭᠠᠷᠳᠠᠯᠭ᠎ᠠ ᠶᠢᠨ ᠳ᠋ᠠᠶᠢᠲ᠋ᠠ ᠬᠥᠮᠥᠷᠭᠡ ᠪᠠᠶᠢᠭᠤᠯᠬᠤ ᠶᠢ | ᠵᠣᠷᠢᠭᠵᠢᠭᠤᠯᠵᠤ᠂ ᠭᠠᠳᠠᠭᠠᠳᠤ ᠠᠷᠠᠯᠵᠢᠶ᠎ᠠ ᠶᠢᠨ ᠠᠵᠤ ᠠᠬᠤᠶᠢᠯᠠᠯ ᠤᠨ ᠣᠯᠠᠨ ᠨᠡᠶᠢᠲᠡ ᠶᠢᠨ ᠮᠡᠷᠭᠡᠵᠢᠯ ᠤᠨ | ᠰᠤᠳᠤᠯᠤᠨ ᠨᠡᠭᠡᠭᠡᠬᠦ ᠲᠠᠪᠴᠠᠩ᠂ ᠣᠯᠠᠨ ᠨᠡᠶᠢᠲᠡ ᠶᠢᠨ ᠲᠤᠷᠰᠢᠯᠲᠠ ᠶᠢᠨ ᠲᠠᠰᠤᠭ᠂ ᠦᠢᠯᠡᠳᠬᠦᠨ ᠤ ᠵᠢᠷᠤᠭ | ᠲᠥᠯᠥᠪᠯᠡᠭᠡ ᠶᠢᠨ ᠲᠥᠪ ᠪᠠ ᠪᠠᠷᠢᠮᠵᠢᠶ᠎ᠠ᠂ ᠪᠠᠶᠢᠴᠠᠭᠠᠨ ᠰᠢᠯᠭᠠᠵᠤ ᠭᠡᠷᠡᠴᠢᠯᠡᠬᠦ ᠲᠥᠪ ᠵᠡᠷᠭᠡ ᠣᠯᠠᠨ ᠨᠡᠶᠢᠲᠡ ᠶᠢᠨ | ᠦᠢᠯᠡᠴᠢᠯᠡᠭᠡᠨ ᠤ ᠲᠠᠪᠴᠠᠩ ᠪᠠᠶᠢᠭᠤᠯᠬᠤ ᠶᠢ ᠳᠡᠮᠵᠢᠨ᠎ᠡ᠃ ᠠᠵᠤ ᠠᠬᠤᠶᠢᠯᠠᠯ ᠳᠡᠭᠡᠳᠦ ᠰᠤᠷᠭᠠᠭᠤᠯᠢ ᠰᠢᠨᠵᠢᠯᠡᠬᠦ | ᠤᠬᠠᠭᠠᠨ ᠤ ᠰᠤᠳᠤᠯᠭᠠᠨ ᠤ ᠪᠠᠶᠢᠭᠤᠯᠤᠮᠵᠢ ᠶᠢ ᠵᠣᠯᠭᠠᠭᠤᠯᠬᠤ ᠲᠠᠪᠴᠠᠩ ᠢ ᠪᠣᠶ ᠪᠣᠯᠭᠠᠵᠤ᠂ ᠠᠵᠤ ᠠᠬᠤᠶᠢᠯᠠᠯ | ᠬᠢᠭᠡᠳ ᠵᠠᠰᠠᠭ ᠤᠨ ᠣᠷᠳᠣᠨ᠂ ᠠᠵᠢᠯ ᠲᠥᠷᠥᠯ ᠤᠨ ᠵᠣᠬᠢᠶᠠᠨ ᠪᠠᠶᠢᠭᠤᠯᠤᠯᠲᠠ᠂ ᠵᠠᠭᠤᠴᠢ ᠪᠠᠶᠢᠭᠤᠯᠤᠮᠵᠢ᠂ | ᠤᠯᠤᠰ ᠤᠨ ᠳᠣᠲᠣᠭᠠᠳᠤ ᠭᠠᠳᠠᠭᠠᠳᠤ ᠶᠢᠨ ᠳᠡᠭᠡᠳᠦ ᠰᠤᠷᠭᠠᠭᠤᠯᠢ ᠪᠠ ᠰᠢᠨᠵᠢᠯᠡᠬᠦ ᠤᠬᠠᠭᠠᠨ ᠤ ᠰᠤᠳᠤᠯᠭᠠᠨ ᠤ | ᠪᠠᠶᠢᠭᠤᠯᠤᠮᠵᠢ ᠶᠢᠨ ᠬᠠᠮᠲᠤᠷᠠᠯᠴᠠᠭ᠎ᠠ ᠥᠷᠨᠢᠭᠦᠯᠬᠦ ᠶᠢ ᠬᠥᠲᠥᠯᠥᠨ ᠵᠢᠯᠤᠭᠤᠳᠴᠤ᠂ ᠰᠢᠨ᠎ᠡ ᠶᠢ ᠡᠭᠦᠳᠬᠦ ᠰᠢᠨᠵᠢᠯᠡᠬᠦ | ᠤᠬᠠᠭᠠᠨ ᠤ ᠰᠤᠳᠤᠯᠭᠠᠨ ᠤ ᠦᠷ᠎ᠡ ᠪᠦᠲᠦᠭᠡᠯ ᠢ ᠤᠯᠠᠷᠢᠭᠤᠯᠤᠨ ᠨᠠᠶᠢᠳᠠᠪᠤᠷᠢᠵᠢᠭᠤᠯᠬᠤ ᠶᠢ ᠠᠬᠢᠭᠤᠯᠤᠨ᠎ᠠ᠃ ︵ | ᠲᠦᠷᠦᠭᠦᠯᠡᠨ ᠬᠢᠬᠦ ᠨᠢᠭᠡᠴᠢ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︔ ᠬᠠᠷᠢᠭᠤᠴᠠᠯᠭᠠᠲᠤ | ᠨᠢᠭᠡᠴᠢ᠄ ᠳ᠋ᠠᠶᠢᠲ᠋ᠠ ᠶᠢᠨ ᠬᠠᠮᠢᠶᠠᠷᠤᠯᠲᠠ ᠶᠢᠨ ᠲᠣᠪᠴᠢᠶ᠎ᠠ᠂ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ | ᠵᠥᠪᠯᠡᠯ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠪᠡᠯᠡ ᠣᠷᠣᠭᠤᠯᠤᠯᠲᠠ ᠶᠢ ᠠᠬᠢᠭᠤᠯᠬᠤ | ᠲᠣᠪᠴᠢᠶ᠎ᠠ᠂ ᠤᠯᠠᠭᠠᠨᠴᠠᠪ · ᠡᠷᠢᠶᠡᠨ ᠬᠤᠲᠠ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ | ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠴᠠᠬᠠᠷ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠲᠡ ᠶᠢᠨ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠵᠢᠨᠢᠩ ᠲᠣᠭᠤᠷᠢᠭ ᠤᠨ ᠵᠠᠰᠠᠭ ᠤᠨ ᠣᠷᠳᠣᠨ︶ | ︵ᠲᠠᠪᠤ︶ ᠠᠵᠤ ᠠᠬᠤᠶᠢᠯᠠᠯ ᠤᠨ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ ᠠᠬᠢᠭᠤᠯᠤᠨ᠎ᠠ | 12᠂ ᠭᠠᠳᠠᠭᠠᠳᠤ ᠪᠡᠯᠡ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠶᠠᠰᠤ ᠴᠢᠨᠠᠷ ᠢᠶᠠᠨ ᠳᠡᠭᠡᠭᠰᠢᠯᠡᠭᠦᠯᠵᠦ | ᠦᠷ᠎ᠡ ᠠᠰᠢᠭ ᠢᠶᠠᠨ ᠨᠡᠮᠡᠭᠳᠡᠭᠦᠯᠬᠦ ᠶᠢ ᠪᠥᠬᠦ ᠬᠦᠴᠦᠨ ᠢᠶᠠᠷ ᠠᠬᠢᠭᠤᠯᠤᠨ᠎ᠠ᠃ ︽ᠨᠢᠭᠡ ᠯᠡ ᠥᠷᠲᠡᠭᠡᠨ ᠤ ᠮᠠᠶ᠋ᠢᠭ︾ | ᠤᠨ ᠭᠠᠳᠠᠭᠠᠳᠤ ᠪᠡᠯᠡ ᠶᠢᠨ ᠠᠵᠤ ᠠᠬᠤᠶᠢᠯᠠᠯ ᠳᠤ ᠦᠢᠯᠡᠴᠢᠯᠡᠬᠦ ᠴᠢᠳᠠᠪᠤᠷᠢ ᠶᠢ ᠳᠡᠭᠡᠭᠰᠢᠯᠡᠭᠦᠯᠵᠦ᠂ ᠠᠵᠤ | ᠠᠬᠤᠶᠢᠯᠠᠯ ᠤᠨ ᠬᠥᠭᠵᠢᠯᠲᠡ ᠳᠤ ᠦᠨᠳᠦᠰᠦᠯᠡᠬᠦ ᠢᠲᠡᠭᠡᠯ ᠢ ᠨᠡᠮᠡᠭᠳᠡᠭᠦᠯᠵᠦ᠂ ᠴᠢᠨᠠᠷ ᠰᠠᠶᠢᠲᠠᠢ ᠭᠠᠳᠠᠭᠠᠳᠤ | ᠠᠷᠠᠯᠵᠢᠶᠠᠨ ᠤ ᠠᠵᠤ ᠠᠬᠤᠶᠢᠯᠠᠯ ᠤᠨ ᠪᠡᠯᠡ ᠮᠥᠩᠭᠦ ᠪᠠᠨ ᠨᠡᠮᠡᠭᠳᠡᠭᠦᠯᠦᠨ ᠦᠢᠯᠡᠳᠪᠦᠷᠢᠯᠡᠯ ᠢᠶᠠᠨ ᠥᠷᠭᠡᠳᠬᠡᠬᠦ ᠶᠢ | ᠵᠣᠷᠢᠭᠵᠢᠭᠤᠯᠤᠨ᠎ᠠ᠃ ᠶᠠᠫᠤᠨ ᠺᠣᠷᠢᠶᠠ ᠶᠢᠨ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠤᠭᠰᠠᠨ ᠮᠣᠳᠣᠨ | ᠮᠠᠲ᠋ᠧᠷᠢᠶᠠᠯ ᠡᠳ᠋ᠰᠢᠭᠦᠯᠬᠦ᠂ ᠴᠠᠬᠢᠯᠭᠠᠨ ᠪᠠᠭᠲᠠᠭᠠᠭᠴᠢ ᠦᠢᠯᠡᠳᠬᠦ ᠵᠡᠷᠭᠡ ᠡᠳ᠋ᠰᠢᠭᠦᠯᠬᠦ ᠠᠷᠠᠯᠵᠢᠶ᠎ᠠ ᠶᠢᠨ ᠠᠵᠤ | ᠠᠬᠤᠶᠢᠯᠠᠯ ᠢ ᠣᠷᠣᠭᠤᠯᠤᠨ ᠠᠪᠴᠢᠷᠠᠵᠤ ᠨᠠᠷᠢᠯᠢᠭ ᠡᠳ᠋ᠰᠢᠭᠦᠯᠬᠦ ᠲᠤᠬᠠᠶᠢᠯᠠᠭᠰᠠᠨ ᠠᠵᠢᠯ ᠢ ᠥᠷᠨᠢᠭᠦᠯᠵᠦ᠂ ᠲᠣᠰ | ᠭᠠᠵᠠᠷ ᠣᠷᠣᠨ ᠤ ᠥᠷᠲᠡᠭ ᠨᠡᠮᠡᠭᠳᠡᠯ ᠤᠨ ᠨᠣᠷᠮ᠎ᠠ᠂ ᠵᠠᠪᠰᠠᠷ ᠤᠨ ᠦᠢᠯᠡᠳᠬᠦᠨ ᠤ ᠲᠣᠰ ᠭᠠᠵᠠᠷ ᠣᠷᠣᠨ ᠤ | ᠬᠤᠳᠠᠯᠳᠤᠨ ᠠᠪᠬᠤ ᠨᠣᠷᠮ᠎ᠠ ᠪᠠ ᠲᠣᠰ ᠭᠠᠵᠠᠷ ᠣᠷᠣᠨ ᠤ ᠢᠵᠢ ᠪᠦᠷᠢᠳᠦᠭᠦᠯᠬᠦ ᠬᠤᠪᠢ ᠶᠢᠨ ᠵᠢᠩ ᠢ | ᠳᠡᠭᠡᠭᠰᠢᠯᠡᠭᠦᠯᠦᠨ᠎ᠡ᠃ ᠭᠠᠳᠠᠭᠠᠳᠤ ᠶᠢᠨ ᠬᠤᠳᠠᠯᠳᠤᠭᠠᠴᠢᠨ ᠤ ᠪᠡᠯᠡ ᠣᠷᠣᠭᠤᠯᠵᠤ ᠡᠳ᠋ᠰᠢᠭᠦᠯᠦᠨ ᠪᠣᠯᠪᠠᠰᠤᠷᠠᠭᠤᠯᠬᠤ | ᠠᠷᠠᠯᠵᠢᠶ᠎ᠠ ᠶᠢᠨ ᠠᠵᠤ ᠠᠬᠤᠶᠢᠯᠠᠯ ᠤᠨ ᠲᠤᠬᠠᠢ ᠶᠢᠨ ᠭᠠᠵᠠᠷ ᠲᠤᠨᠢ ᠬᠡᠯᠪᠡᠷᠢ ᠪᠠᠨ ᠬᠤᠪᠢᠷᠠᠭᠤᠯᠤᠨ ᠲᠠᠰ ᠳᠡᠪᠰᠢᠬᠦ ᠶᠢ | ᠲᠥᠷᠥᠯ ᠬᠤᠪᠢᠶᠠᠨ ᠵᠢᠯᠤᠭᠤᠳᠬᠤ ᠠᠷᠭ᠎ᠠ ᠵᠠᠮ᠂ ᠠᠷᠭ᠎ᠠ ᠶᠢ ᠰᠦᠪᠡᠭᠴᠢᠯᠡᠨ᠎ᠡ᠃ ︵ᠲᠦᠷᠦᠭᠦᠯᠡᠨ ᠬᠢᠬᠦ ᠨᠢᠭᠡᠴᠢ᠄ | ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︔ ᠬᠠᠷᠢᠭᠤᠴᠠᠯᠭᠠᠲᠤ ᠨᠢᠭᠡᠴᠢ᠄ ᠬᠤᠲᠠ ᠶᠢᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ᠂ | ᠠᠷᠠᠯᠵᠢᠶ᠎ᠠ ᠶᠢ ᠠᠬᠢᠭᠤᠯᠬᠤ ᠵᠥᠪᠯᠡᠯ᠂ ᠤᠯᠠᠭᠠᠨᠴᠠᠪ · ᠡᠷᠢᠶᠡᠨ ᠬᠤᠲᠠ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ | ᠵᠠᠩᠭᠢᠯᠠᠭ᠎ᠠ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠴᠠᠬᠠᠷ ᠳᠡᠭᠡᠳᠦ ᠰᠢᠨ᠎ᠡ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠵᠢᠨᠢᠩ ᠲᠣᠭᠤᠷᠢᠭ ᠤᠨ ᠵᠠᠰᠠᠭ ᠤᠨ ᠣᠷᠳᠣᠨ︶ | 13. ᠤᠯᠤᠰ ᠤᠨ ᠳᠣᠲᠣᠭᠠᠳᠤ ᠶᠢᠨ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠠᠵᠤ ᠠᠬᠤᠶᠢᠯᠠᠯ ᠤᠨ | ᠪᠤᠵᠠᠭᠠᠶᠢᠷᠠᠨ ᠬᠦᠴᠦᠷᠬᠡᠭᠵᠢᠬᠦ ᠶᠢ ᠳᠡᠮᠵᠢᠨ᠎ᠡ᠃ ᠠᠷᠠᠳ ᠠᠴᠠ ᠡᠵᠡᠩᠨᠡᠭᠰᠡᠨ᠂ ᠤᠯᠤᠰ ᠤᠨ ᠥᠮᠴᠢᠯᠡᠯᠲᠦ ᠪᠠ | ᠬᠤᠯᠢᠮᠠᠭ ᠥᠮᠴᠢᠯᠡᠯᠲᠦ ᠠᠵᠤ ᠠᠬᠤᠶᠢᠯᠠᠯ ᠤᠨ ᠮᠣᠳᠣᠨ ᠮᠠᠲ᠋ᠧᠷᠢᠶᠠᠯ ᠡᠳ᠋ᠰᠢᠭᠦᠯᠬᠦ᠂ ᠲᠢᠲ᠋ᠠᠨ ᠲᠡᠮᠦᠷ ᠤᠨ | ᠬᠠᠶᠢᠯᠤᠰᠢ ᠶᠢ ᠪᠣᠯᠪᠠᠰᠤᠷᠠᠭᠤᠯᠤᠨ ᠡᠳ᠋ᠰᠢᠭᠦᠯᠬᠦ ᠠᠷᠠᠯᠵᠢᠶ᠎ᠠ ᠶᠢ ᠬᠥᠭᠵᠢᠭᠦᠯᠬᠦ ᠶᠢ ᠵᠣᠷᠢᠭᠵᠢᠭᠤᠯᠤᠨ᠎ᠠ᠃ ᠲᠣᠰ ᠭᠠᠵᠠᠷ | ᠣᠷᠣᠨ ᠤ ᠠᠵᠤ ᠠᠬᠤᠶᠢᠯᠠᠯ ᠤᠨ ᠡᠸᠦ᠋ᠷᠦᠫᠡ ᠠᠮᠧᠷᠢᠺᠠ ᠶᠠᠫᠤᠨ ᠵᠡᠷᠭᠡ ᠤᠯᠠᠮᠵᠢᠯᠠᠯᠲᠤ ᠵᠠᠬ᠎ᠠ ᠳᠡᠯᠭᠡᠭᠦᠷ ᠤᠨ | ᠬᠤᠪᠢ ᠶᠢᠨ ᠲᠤᠭ᠎ᠠ ᠪᠠᠨ ᠪᠠᠬᠢᠵᠢᠭᠦᠯᠦᠨ ᠳᠡᠭᠡᠭᠰᠢᠯᠡᠭᠦᠯᠬᠦ ᠶᠢ ᠳᠡᠮᠵᠢᠵᠦ᠂ ︽ᠨᠢᠭᠡ ᠪᠦᠰᠡ ᠨᠢᠭᠡ ᠵᠠᠮ︾ ᠤᠨ | ᠱᠤᠭᠤᠮ ᠳᠠᠭᠠᠤ ᠶᠢᠨ ᠤᠯᠤᠰ ᠵᠢᠴᠢ ᠭᠠᠵᠠᠷ ᠣᠷᠣᠨ ᠪᠠ ᠯᠠᠲ᠋ᠢᠨ ᠠᠮᠧᠷᠢᠺᠠ᠂ ᠠᠹᠷᠢᠺᠠ ᠲᠢᠪ ᠵᠡᠷᠭᠡ ᠰᠢᠨ᠎ᠡ ᠪᠠᠷ | ᠬᠥᠭᠵᠢᠭᠰᠡᠨ ᠵᠠᠬ᠎ᠠ ᠳᠡᠯᠭᠡᠭᠦᠷ ᠢ ᠭᠦᠨᠵᠡᠭᠡᠢ ᠨᠡᠭᠡᠭᠡᠨ ᠥᠷᠭᠡᠳᠬᠡᠵᠦ᠂ ᠭᠠᠳᠠᠭᠠᠳᠤ ᠠᠴᠠ ᠣᠷᠣᠭᠤᠯᠵᠤ | ᠭᠠᠳᠠᠭᠠᠳᠤ ᠳᠤ ᠭᠠᠷᠭᠠᠬᠤ ᠬᠡᠪᠴᠢᠶ᠎ᠡ ᠪᠠᠨ ᠥᠷᠭᠡᠳᠬᠡᠨ᠎ᠡ᠃ ᠹᠯᠣᠷ ᠤᠨ ᠬᠢᠮᠢ ᠶᠢᠨ ᠠᠵᠤ ᠦᠢᠯᠡᠳᠪᠦᠷᠢ᠂ ᠮᠠᠰᠢᠨ | ᠴᠠᠬᠢᠯᠭᠠᠨ ᠦᠢᠯᠡᠳᠬᠦ ᠵᠡᠷᠭᠡ ᠳᠣᠲᠣᠭᠠᠳᠤ ᠪᠡᠯᠡ ᠶᠢᠨ ᠠᠵᠤ ᠠᠬᠤᠶᠢᠯᠠᠯ ᠢ ᠬᠥᠲᠥᠯᠥᠨ ᠵᠢᠯᠤᠭᠤᠳᠴᠤ ᠪᠠᠶᠢᠭᠠᠳ | ᠣᠯᠠᠨ ᠤᠯᠤᠰ ᠤᠨ ᠠᠵᠤ ᠦᠢᠯᠡᠰ ᠤᠨ ᠠᠵᠢᠯ ᠬᠤᠪᠢᠶᠠᠷᠢᠯᠠᠨ ᠬᠠᠮᠲᠤᠷᠠᠯᠴᠠᠬᠤ ᠳᠤ ᠣᠷᠣᠯᠴᠠᠭᠤᠯᠵᠤ᠂ ᠤᠯᠤᠰ | ᠠᠯᠤᠰᠯᠠᠭᠰᠠᠨ ᠺᠣᠮᠫᠠᠨᠢ ᠶᠢᠨ ᠦᠢᠯᠡᠳᠪᠦᠷᠢᠯᠡᠯ ᠡᠵᠡᠩᠨᠡᠯᠲᠡ ᠶᠢᠨ ᠰᠢᠰᠲ᠋ᠧᠮᠵᠢ ᠳᠤ ᠰᠠᠨᠠᠭᠠᠴᠢᠯᠠᠭ᠎ᠠ ᠠᠴᠠ ᠪᠠᠨ | ᠠᠭᠤᠰᠤᠯᠴᠠᠭᠤᠯᠤᠨ᠂ ᠳᠡᠭᠡᠳᠦ ᠮᠡᠷᠭᠡᠵᠢᠯ ᠤᠨ ᠠᠭᠤᠯᠤᠭᠳᠠᠬᠤᠨ ᠲᠠᠢ᠂ ᠥᠨᠳᠥᠷ ᠨᠡᠮᠡᠯᠲᠡ ᠥᠷᠲᠡᠭ ᠲᠠᠢ | ᠦᠢᠯᠡᠳᠪᠦᠷᠢᠯᠡᠯ ᠤᠨ ᠭᠤᠭᠴᠤᠭ᠎ᠠ ᠶᠢ ᠵᠠᠯᠭᠠᠨ ᠠᠪᠴᠤ᠂ ᠬᠥᠷᠥᠩᠭᠡ᠂ ᠡᠵᠡᠩᠨᠡᠨ ᠪᠣᠷᠣᠯᠠᠭᠤᠯᠤᠯᠲᠠ᠂ ᠨᠠᠷᠠᠲᠤ | ᠲᠥᠷᠥᠯ ᠲᠡᠮᠳᠡᠭᠲᠦ ᠪᠠ ᠮᠡᠷᠭᠡᠵᠢᠯ ᠤᠨ ᠬᠠᠮᠲᠤᠷᠠᠯᠴᠠᠭ᠎ᠠ ᠶᠢ ᠥᠷᠨᠢᠭᠦᠯᠦᠨ᠎ᠡ᠃ ︵ᠲᠦᠷᠦᠭᠦᠯᠡᠨ ᠬᠢᠬᠦ ᠨᠢᠭᠡᠴᠢ᠄ | ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︔ ᠬᠠᠷᠢᠭᠤᠴᠠᠯᠭᠠᠲᠤ ᠨᠢᠭᠡᠴᠢ᠄ ᠬᠤᠲᠠ ᠶᠢᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ᠂ | ᠠᠷᠠᠯᠵᠢᠶ᠎ᠠ ᠶᠢ ᠠᠬᠢᠭᠤᠯᠬᠤ ᠵᠥᠪᠯᠡᠯ᠂ ᠤᠯᠠᠭᠠᠨᠴᠠᠪ · ᠡᠷᠢᠶᠡᠨ ᠬᠤᠲᠠ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ | ᠵᠠᠩᠭᠢᠯᠠᠭ᠎ᠠ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠴᠠᠬᠠᠷ ᠳᠡᠭᠡᠳᠦ ᠰᠢᠨ᠎ᠡ ᠮᠡᠷᠭᠡᠵᠢᠯ ᠤᠨ | ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠵᠢᠨᠢᠩ ᠲᠣᠭᠤᠷᠢᠭ ᠤᠨ ᠵᠠᠰᠠᠭ ᠤᠨ ᠣᠷᠳᠣᠨ︶ | ︵ᠵᠢᠷᠭᠤᠭ᠎ᠠ︶ ᠲᠦᠷᠦ ᠶᠢᠨ ᠪᠣᠳᠣᠯᠭ᠎ᠠ ᠶᠢᠨ ᠳᠡᠮᠵᠢᠯᠭᠡ ᠢ ᠴᠢᠩᠭᠠᠷᠠᠭᠤᠯᠤᠨ᠎ᠠ | 14. ᠪᠠᠷᠠᠭᠠᠨ ᠤ ᠭᠦᠢᠯᠭᠡᠭᠡᠨ ᠤ ᠥᠪᠡᠷ ᠤᠨ ᠥᠷᠲᠡᠭ ᠢ ᠪᠠᠭᠤᠷᠠᠭᠤᠯᠤᠨ᠎ᠠ᠃ ︽ᠤᠯᠠᠭᠠᠨᠴᠠᠪ ᠬᠤᠲᠠ ᠶᠢᠨ | ᠭᠠᠳᠠᠭᠠᠳᠤ ᠠᠷᠠᠯᠵᠢᠶ᠎ᠠ ᠪᠠ ᠪᠠᠷᠠᠭᠠᠨ ᠤ ᠭᠦᠢᠯᠭᠡᠭᠡᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠬᠤ ᠳᠡᠮᠵᠢᠬᠦ | ᠲᠥᠷᠥ ᠶᠢᠨ ᠪᠣᠳᠣᠯᠭ᠎ᠠ ᠨᠤᠭᠤᠳ︾ ︵ᠤᠯᠠᠭᠠᠨᠴᠠᠪ ᠠᠯᠪᠠᠨ ᠲᠠᠷᠬᠠᠭᠠᠭᠰᠠᠨ〔2022〕59 ᠳ᠋ᠦ᠋ᠭᠡᠷ ᠲᠣᠭᠠᠲᠤ︶ | ᠢ ᠪᠦᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠣᠯᠠᠨ ᠬᠡᠯᠪᠡᠷᠢ ᠶᠢᠨ ᠬᠠᠮᠲᠤᠷᠠᠭᠰᠠᠨ ᠲᠡᠭᠡᠭᠡᠪᠦᠷᠢ ᠶᠢ ᠶᠡᠬᠡᠪᠡᠷ | ᠬᠥᠭᠵᠢᠭᠦᠯᠵᠦ᠂ ᠲᠡᠮᠦᠷ ᠵᠠᠮ᠂ ᠵᠠᠰᠠᠮᠠᠯ ᠵᠠᠮ᠂ ᠠᠭᠠᠷ ᠤᠨ ᠠᠶᠠᠯᠠᠯ ᠵᠡᠷᠭᠡ ᠲᠡᠭᠡᠭᠡᠪᠦᠷᠢ ᠶᠢᠨ ᠠᠷᠭ᠎ᠠ ᠮᠠᠶ᠋ᠢᠭ ᠤᠨ | ᠬᠠᠷᠢᠯᠴᠠᠨ ᠵᠣᠯᠭᠠᠯᠳᠤᠬᠤ ᠬᠠᠷᠰᠢ ᠰᠠᠭᠠᠳ ᠢ ᠪᠥᠬᠦ ᠲᠠᠯ᠎ᠠ ᠪᠠᠷ ᠨᠠᠪᠲᠠᠷᠡᠭᠦᠯᠵᠦ᠂ ᠠᠳᠠᠯᠢ ᠪᠤᠰᠤ ᠲᠡᠭᠡᠭᠡᠪᠦᠷᠢ ᠶᠢᠨ | ᠠᠷᠭ᠎ᠠ ᠮᠠᠶ᠋ᠢᠭ ᠤᠨ ᠬᠤᠭᠤᠷᠣᠨᠳᠣᠬᠢ ᠬᠤᠯᠪᠣᠬᠤ ᠪᠠ ᠳᠠᠮᠵᠢᠭᠤᠯᠤᠨ ᠲᠡᠭᠡᠭᠡᠪᠦᠷᠢᠯᠡᠬᠦ ᠪᠡᠯᠡᠳᠬᠡᠮᠵᠢ ᠶᠢ | ᠲᠡᠭᠦᠯᠳᠡᠷᠵᠢᠭᠦᠯᠦᠨ᠂ ᠲᠡᠮᠦᠷ ᠵᠠᠮ᠂ ᠵᠠᠰᠠᠮᠠᠯ ᠵᠠᠮ᠂ ᠠᠭᠠᠷ ᠤᠨ ᠠᠶᠠᠯᠠᠯ ᠵᠡᠷᠭᠡ ᠲᠡᠭᠡᠭᠡᠪᠦᠷᠢ ᠶᠢᠨ ᠠᠷᠭ᠎ᠠ ᠮᠠᠶ᠋ᠢᠭ ᠤᠨ | ᠡᠷᠴᠢᠮᠯᠢᠭ ᠬᠥᠭᠵᠢᠯᠲᠡ ᠶᠢ ᠠᠬᠢᠭᠤᠯᠵᠤ᠂ ᠮᠡᠳᠡᠭᠡ ᠵᠠᠩᠭᠢ ᠶᠢᠨ ᠡᠬᠢ ᠪᠠᠶᠠᠯᠢᠭ ᠢ ᠡᠮᠬᠢᠯᠡᠨ ᠨᠡᠶᠢᠯᠡᠭᠦᠯᠵᠦ᠂ | ᠪᠠᠷᠠᠭᠠᠨ ᠤ ᠭᠦᠢᠯᠭᠡᠭᠡᠨ ᠤ ᠮᠡᠳᠡᠭᠡ ᠵᠠᠩᠭᠢ ᠶᠢᠨ ᠲᠠᠪᠴᠠᠩ ᠢ ᠪᠦᠲᠦᠭᠡᠨ ᠪᠠᠶᠢᠭᠤᠯᠵᠤ᠂ ᠪᠠᠷᠠᠭᠠᠨ ᠤ ᠭᠦᠢᠯᠭᠡᠭᠡᠨ ᠤ | ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠥᠪᠡᠷᠲᠡᠭᠡᠨ ᠵᠠᠰᠠᠬᠤ ᠣᠷᠣᠨ ᠤ ᠬᠥᠭᠵᠢᠭᠦᠯᠦᠯᠲᠡ ᠥᠭᠡᠷᠡᠴᠢᠯᠡᠯᠲᠡ᠂ | ᠠᠵᠤ ᠦᠢᠯᠡᠳᠪᠦᠷᠢ ᠮᠡᠳᠡᠭᠡ ᠵᠠᠩᠭᠢᠵᠢᠯᠲᠠ᠂ ᠬᠤᠳᠠᠯᠳᠤᠭᠠᠨ ᠤ ᠶᠠᠪᠤᠳᠠᠯ ᠵᠡᠷᠭᠡ ᠬᠠᠮᠢᠶ᠎ᠠ ᠪᠦᠬᠦᠢ ᠰᠠᠯᠠᠭ᠎ᠠ | ᠮᠥᠴᠢᠷ ᠤᠨ ᠪᠡᠯᠡ ᠮᠥᠩᠭᠦ ᠶᠢ ᠣᠯᠬᠤ ᠪᠠᠷ ᠢᠳᠡᠪᠬᠢᠲᠡᠢ ᠴᠢᠷᠮᠠᠶᠢᠵᠤ᠂ ᠪᠠᠷᠠᠭᠠᠨ ᠤ ᠭᠦᠢᠯᠭᠡᠭᠡᠨ ᠤ ᠪᠡᠯᠡᠳᠬᠡᠮᠵᠢ ᠶᠢ | ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠠᠵᠤ ᠠᠬᠤᠶᠢᠯᠠᠯ ᠤᠨ ᠪᠠᠷᠠᠭᠠᠨ ᠤ ᠭᠦᠢᠯᠭᠡᠭᠡᠨ ᠤ ᠥᠪᠡᠷ ᠤᠨ | ᠥᠷᠲᠡᠭ ᠢ ᠴᠢᠷᠮᠠᠶᠢᠨ ᠪᠠᠭᠤᠷᠠᠭᠤᠯᠵᠤ᠂ ᠪᠠᠷᠠᠭᠠᠨ ᠤ ᠭᠦᠢᠯᠭᠡᠭᠡᠨ ᠤ ᠦᠷ᠎ᠡ ᠠᠰᠢᠭ ᠢ ᠨᠡᠮᠡᠭᠳᠡᠭᠦᠯᠦᠨ᠎ᠡ᠃ ︵ | ᠲᠦᠷᠦᠭᠦᠯᠡᠨ ᠬᠢᠬᠦ ᠨᠢᠭᠡᠴᠢ᠄ ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︔ ᠬᠠᠷᠢᠭᠤᠴᠠᠯᠭᠠᠲᠤ | ᠨᠢᠭᠡᠴᠢ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠪᠡᠯᠡ | ᠣᠷᠣᠭᠤᠯᠤᠯᠲᠠ ᠶᠢ ᠠᠬᠢᠭᠤᠯᠬᠤ ᠲᠣᠪᠴᠢᠶ᠎ᠠ᠂ ᠤᠯᠠᠭᠠᠨᠴᠠᠪ · ᠡᠷᠢᠶᠡᠨ ᠬᠤᠲᠠ ᠶᠢᠨ ᠤᠯᠤᠰ ᠤᠨ ᠪᠠᠷᠠᠭᠠᠨ ᠤ | ᠭᠦᠢᠯᠭᠡᠭᠡᠨ ᠤ ᠵᠠᠩᠭᠢᠯᠠᠭ᠎ᠠ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠴᠠᠬᠠᠷ ᠳᠡᠭᠡᠳᠦ ᠰᠢᠨ᠎ᠡ | ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠵᠢᠨᠢᠩ ᠲᠣᠭᠤᠷᠢᠭ ᠤᠨ ᠵᠠᠰᠠᠭ ᠤᠨ | ᠣᠷᠳᠣᠨ︶ | 15. ᠭᠠᠵᠠᠷ ᠬᠡᠷᠡᠭᠯᠡᠬᠦ ᠪᠠᠲᠤᠯᠠᠭ᠎ᠠ᠃ ᠬᠡᠷᠡᠭᠯᠡᠯᠲᠡ ᠶᠢ ᠵᠠᠬᠢᠷᠤᠨ ᠬᠠᠮᠢᠶᠠᠷᠬᠤ ᠱᠠᠭᠠᠷᠳᠠᠯᠭ᠎ᠠ ᠶᠢ ᠴᠢᠩᠭ᠎ᠠ | ᠨᠠᠶᠢᠳᠠᠪᠤᠷᠢᠵᠢᠭᠤᠯᠵᠤ᠂ ︽ᠭᠠᠵᠠᠷ ᠬᠡᠷᠡᠭᠯᠡᠬᠦ ᠡᠯᠧᠮᠧᠨ᠋ᠲ ᠨᠢ ᠲᠥᠷᠥᠯ ᠵᠦᠢᠯ ᠢ ᠳᠠᠭᠠᠵᠤ ᠶᠠᠪᠤᠬᠤ︾ ᠵᠠᠷᠴᠢᠮ ᠢ | ᠪᠠᠷᠢᠮᠲᠠᠯᠠᠨ᠂ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠲᠥᠷᠥᠯ ᠵᠦᠢᠯ ᠤᠨ ᠭᠠᠵᠠᠷ ᠬᠡᠷᠡᠭᠯᠡᠬᠦ ᠬᠡᠷᠡᠭᠴᠡᠭᠡ | ᠱᠠᠭᠠᠷᠳᠠᠯᠭ᠎ᠠ ᠶᠢ ᠪᠠᠲᠤᠯᠠᠨ᠎ᠠ᠃ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢᠨ ᠪᠠᠶᠢᠷᠢᠰᠢᠭᠤᠯᠤᠯ ᠢ | ᠰᠢᠯᠢᠳᠡᠭᠵᠢᠭᠦᠯᠵᠦ᠂ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠰᠢᠷᠣᠢ ᠶᠢᠨ ᠬᠡᠪᠴᠢᠶ᠎ᠡ ᠶᠢ ᠨᠢᠭᠡᠳᠦᠯᠲᠡᠢ | ᠲᠥᠯᠥᠪᠯᠡᠨ ᠲᠣᠬᠢᠷᠠᠭᠤᠯᠵᠤ᠂ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠰᠢᠨ᠎ᠡ ᠶᠢ ᠡᠭᠦᠳᠦᠨ ᠬᠥᠭᠵᠢᠭᠦᠯᠬᠦ | ᠲᠥᠷᠥᠯ ᠵᠦᠢᠯ ᠤᠨ ᠬᠡᠷᠡᠭᠯᠡᠬᠦ ᠭᠠᠵᠠᠷ ᠰᠢᠷᠣᠢ ᠶᠢᠨ ᠣᠷᠣᠨ ᠵᠠᠢ ᠶᠢ ᠤᠷᠢᠳᠴᠢᠯᠠᠨ ᠦᠯᠡᠳᠡᠭᠡᠵᠦ᠂ ᠲᠡᠳᠡᠨ ᠤ | ᠬᠡᠷᠡᠭᠯᠡᠬᠦ ᠭᠠᠵᠠᠷ ᠰᠢᠷᠣᠢ ᠳᠤ ᠲᠥᠯᠦᠪᠵᠢᠭᠦᠯᠭᠡ ᠶᠢᠨ ᠪᠠᠲᠤᠯᠠᠭ᠎ᠠ ᠬᠠᠩᠭᠠᠨ᠎ᠠ᠃ ᠪᠠᠶᠢᠭᠠᠯᠢ ᠶᠢᠨ ᠡᠬᠢ ᠪᠠᠶᠠᠯᠢᠭ ᠤᠨ | ᠶᠠᠮᠤᠨ ᠤ ︽ᠠᠵᠤ ᠦᠢᠯᠡᠳᠪᠦᠷᠢ ᠳᠤ ᠬᠡᠷᠡᠭᠯᠡᠬᠦ ᠭᠠᠵᠠᠷ ᠰᠢᠷᠣᠢ ᠶᠢ ᠣᠷᠳᠣ ᠬᠤᠭᠤᠴᠠᠭ᠎ᠠ ᠪᠠᠷ ᠲᠦᠷᠢᠶᠡᠰᠦᠯᠡᠭᠦᠯᠬᠦ᠂ | ᠤᠷᠢᠳᠠᠪᠠᠷ ᠲᠦᠷᠢᠶᠡᠰᠦᠯᠡᠭᠦᠯᠵᠦ ᠳᠠᠷᠠᠭ᠎ᠠ ᠨᠢ ᠰᠢᠯᠵᠢᠭᠦᠯᠦᠨ ᠥᠭᠬᠦ᠂ ᠬᠠᠷᠢᠮᠠᠬᠠᠢ ᠴᠢᠨᠠᠷᠲᠠᠢ ᠪᠠᠷ ᠵᠢᠯ ᠤᠨ | ᠬᠤᠭᠤᠴᠠᠭ᠎ᠠ ᠲᠠᠢ ᠰᠢᠯᠵᠢᠭᠦᠯᠦᠨ ᠬᠤᠳᠠᠯᠳᠤᠬᠤ ᠵᠡᠷᠭᠡ ᠬᠠᠩᠭᠠᠯᠭ᠎ᠠ ᠶᠢᠨ ᠰᠢᠰᠲ᠋ᠧᠮᠵᠢ ᠶᠢ ᠪᠦᠷᠢᠨᠰᠢᠭᠦᠯᠵᠦ᠂ ᠠᠵᠤ | ᠦᠢᠯᠡᠳᠪᠦᠷᠢ ᠶᠢᠨ ᠠᠵᠤ ᠠᠬᠤᠶᠢᠯᠠᠯ ᠤᠨ ᠲᠣᠬᠢᠷᠠᠮᠵᠢᠲᠠᠢ ᠭᠠᠵᠠᠷ ᠬᠡᠷᠡᠭᠯᠡᠬᠦ ᠠᠷᠭ᠎ᠠ ᠮᠠᠶ᠋ᠢᠭ ᠢ ᠰᠣᠩᠭᠤᠬᠤ ᠶᠢ | ᠳᠡᠮᠵᠢᠬᠦ︾ ᠶᠣᠰᠣᠭᠠᠷ᠂ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠠᠵᠤ ᠠᠬᠤᠶᠢᠯᠠᠯ ᠤᠨ ᠠᠵᠤ | ᠠᠬᠤᠶᠢᠯᠠᠯ ᠤᠨ ᠬᠡᠷᠡᠭᠯᠡᠬᠦ ᠭᠠᠵᠠᠷ ᠰᠢᠷᠣᠢ ᠶᠢᠨ ᠥᠪᠡᠷ ᠤᠨ ᠥᠷᠲᠡᠭ ᠢ ᠪᠠᠭᠤᠷᠠᠭᠤᠯᠬᠤ ᠶᠢ ᠳᠡᠮᠵᠢᠨ᠎ᠡ᠃ ︵ | ᠲᠦᠷᠦᠭᠦᠯᠡᠨ ᠬᠢᠬᠦ ᠨᠢᠭᠡᠴᠢ᠄ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ︔ ᠬᠠᠷᠢᠭᠤᠴᠠᠯᠭᠠᠲᠤ | ᠨᠢᠭᠡᠴᠢ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠡᠳ᠋ ᠤᠨ ᠵᠠᠰᠠᠭ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ | ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ᠂ ᠤᠯᠠᠭᠠᠨᠴᠠᠪ · ᠡᠷᠢᠶᠡᠨ ᠬᠤᠲᠠ ᠶᠢᠨ ᠤᠯᠤᠰ ᠤᠨ ᠪᠠᠷᠠᠭᠠᠨ ᠤ | ᠭᠦᠢᠯᠭᠡᠭᠡᠨ ᠤ ᠵᠠᠩᠭᠢᠯᠠᠭ᠎ᠠ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠴᠠᠬᠠᠷ ᠳᠡᠭᠡᠳᠦ ᠰᠢᠨ᠎ᠡ | ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠵᠢᠨᠢᠩ ᠲᠣᠭᠤᠷᠢᠭ ᠤᠨ ᠵᠠᠰᠠᠭ ᠤᠨ | ᠣᠷᠳᠣᠨ︶ | 16. ᠡᠳ᠋ ᠤᠨ ᠵᠠᠰᠠᠭ ᠤᠨ ᠳᠡᠮᠵᠢᠯᠭᠡ᠃ ᠡᠳ᠋ ᠤᠨ ᠵᠠᠰᠠᠭ ᠤᠨ ᠪᠡᠯᠡ ᠮᠥᠩᠭᠦ ᠪᠠᠷ ᠳᠡᠮᠵᠢᠬᠦ ᠡᠷᠴᠢᠮ ᠢᠶᠠᠨ | ᠴᠢᠩᠭᠠᠷᠠᠭᠤᠯᠵᠤ᠂ ᠳᠠᠭᠠᠭᠠᠨ ᠵᠣᠯᠭᠠᠭᠤᠯᠬᠤ ᠠᠵᠤ ᠦᠢᠯᠡᠰ ᠤᠨ ᠡᠮᠬᠢ ᠵᠢᠷᠤᠮ ᠲᠠᠢ ᠪᠠᠷ ᠰᠢᠯᠵᠢᠬᠦ ᠪᠠ ᠡᠳ᠋ᠰᠢᠭᠦᠯᠵᠦ | ᠪᠣᠯᠪᠠᠰᠤᠷᠠᠭᠤᠯᠬᠤ ᠠᠷᠠᠯᠵᠢᠶ᠎ᠠ ᠶᠢᠨ ᠠᠵᠤ ᠦᠢᠯᠡᠰ ᠤᠨ ᠳᠠᠭᠠᠭᠠᠨ ᠵᠣᠯᠭᠠᠭᠤᠯᠬᠤ ᠬᠥᠭᠵᠢᠯᠲᠡ ᠶᠢ ᠶᠡᠬᠡᠪᠡᠷ | ᠠᠬᠢᠭᠤᠯᠤᠨ᠎ᠠ᠃ ᠣᠶᠤᠨᠲᠤ ᠦᠢᠯᠡᠳᠪᠦᠷᠢ᠂ ᠲᠣᠭᠠᠴᠢᠯᠠᠭᠰᠠᠨ ᠦᠢᠯᠡᠳᠪᠦᠷᠢ ᠶᠢᠨ ᠲᠠᠰᠤᠭ ᠤᠨ ᠲᠥᠷᠥᠯ ᠵᠦᠢᠯ ᠪᠠ | 5 ᠳ᠋ᠦᠩᠰᠢᠭᠤᠷ ᠲᠥᠭᠦᠷᠢᠭ ᠵᠢᠴᠢ 5 ᠳ᠋ᠦᠩᠰᠢᠭᠤᠷ ᠲᠥᠭᠦᠷᠢᠭ ᠠᠴᠠ ᠳᠡᠭᠡᠭᠰᠢ ᠪᠡᠯᠡ ᠣᠷᠣᠭᠤᠯᠤᠭᠰᠠᠨ | ᠮᠥᠷᠲᠡᠭᠡᠨ ᠲᠤᠬᠠᠢ ᠶᠢᠨ ᠵᠢᠯ ᠳᠤ ᠠᠰᠢᠭᠯᠠᠯᠲᠠ ᠳᠤ ᠣᠷᠣᠭᠤᠯᠤᠭᠰᠠᠨ ᠲᠡᠷᠢᠭᠦᠨ ᠤ ᠦᠢᠯᠡᠳᠬᠦ ᠦᠢᠯᠡᠰ ᠤᠨ | ᠪᠦᠯᠦᠭᠯᠡᠯ᠂ ᠳᠠᠪᠠᠭᠤᠯᠢᠭ ᠣᠨᠴᠠᠯᠢᠭᠲᠤ ᠠᠵᠤ ᠦᠢᠯᠡᠰ ᠤᠨ ᠬᠡᠯᠬᠢᠶ᠎ᠡ ᠶᠢᠨ ︽ᠬᠡᠯᠬᠢᠶᠡᠰᠦ ᠶᠢ ᠤᠷᠲᠤᠳᠬᠠᠨ | ᠬᠡᠯᠬᠢᠶᠡᠰᠦ ᠶᠢ ᠨᠥᠬᠦᠪᠦᠷᠢᠯᠡᠵᠦ ᠬᠡᠯᠬᠢᠶᠡᠰᠦ ᠶᠢ ᠴᠢᠩᠭᠠᠳᠬᠠᠬᠤ︾ ᠪᠦᠲᠦᠭᠡᠨ ᠪᠠᠶᠢᠭᠤᠯᠤᠯᠲᠠ ᠶᠢᠨ | ᠭᠤᠣᠯᠳᠠᠯᠭ᠎ᠠ ᠲᠠᠢ ᠲᠥᠷᠥᠯ ᠵᠦᠢᠯ ᠳᠤ ᠲᠥᠷᠥᠯ ᠵᠦᠢᠯ ᠭᠤᠶᠤᠴᠢᠯᠠᠨ ᠮᠡᠳᠡᠭᠦᠯᠬᠦ ᠠᠷᠭ᠎ᠠ ᠮᠠᠶ᠋ᠢᠭ ᠢᠶᠠᠷ ᠥᠪᠡᠷᠲᠡᠭᠡᠨ | ᠵᠠᠰᠠᠬᠤ ᠣᠷᠣᠨ ᠤ ᠬᠤᠳᠠᠯᠳᠤᠭᠠᠨ ᠤ ᠶᠠᠪᠤᠳᠠᠯ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠵᠡᠷᠭᠡ ᠰᠠᠯᠠᠭ᠎ᠠ | ᠮᠥᠴᠢᠷ ᠤᠨ ᠲᠥᠷᠥᠯ ᠵᠦᠢᠯ ᠤᠨ ᠪᠡᠯᠡ ᠮᠥᠩᠭᠦ ᠶᠢᠨ ᠳᠡᠮᠵᠢᠯᠭᠡ ᠶᠢ ᠣᠯᠬᠤ ᠪᠠᠷ ᠴᠢᠷᠮᠠᠶᠢᠨ᠎ᠠ᠃ ︵ᠲᠦᠷᠦᠭᠦᠯᠡᠨ | ᠬᠢᠬᠦ ᠨᠢᠭᠡᠴᠢ᠄ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ︔ ᠬᠠᠷᠢᠭᠤᠴᠠᠯᠭᠠᠲᠤ ᠨᠢᠭᠡᠴᠢ᠄ ᠬᠤᠳᠠ ᠶᠢᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠪᠡᠯᠡ | ᠣᠷᠣᠭᠤᠯᠤᠯᠲᠠ ᠶᠢ ᠠᠬᠢᠭᠤᠯᠬᠤ ᠲᠣᠪᠴᠢᠶ᠎ᠠ᠂ ᠤᠯᠠᠭᠠᠨᠴᠠᠪ ᠡᠷᠢᠶᠡᠨ ᠬᠤᠳᠠ ᠶᠢᠨ ᠤᠯᠤᠰ ᠤᠨ ᠪᠠᠷᠠᠭᠠᠨ ᠤ | ᠭᠦᠢᠯᠭᠡᠭᠡᠨ ᠤ ᠵᠠᠩᠭᠢᠯᠠᠭ᠎ᠠ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠴᠠᠬᠠᠷ ᠳᠡᠭᠡᠳᠦ ᠰᠢᠨ᠎ᠡ | ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠵᠢᠨᠢᠩ | ᠲᠣᠭᠤᠷᠢᠭ ᠤᠨ ᠵᠠᠰᠠᠭ ᠤᠨ ᠣᠷᠳᠣᠨ︶ | 17. ᠮᠥᠩᠭᠦᠨ ᠭᠦᠢᠯᠭᠡᠭᠡᠨ ᠤ ᠳᠡᠮᠵᠢᠯᠭᠡ᠃ ᠭᠠᠳᠠᠭᠠᠳᠤ ᠠᠷᠠᠯᠵᠢᠶᠠᠨ ᠤ ᠠᠵᠤ ᠠᠬᠤᠶᠢᠯᠠᠯ ᠤᠨ ᠪᠡᠯᠡ | ᠲᠣᠬᠢᠷᠠᠭᠤᠯᠬᠤ ᠬᠡᠷᠡᠭᠴᠡᠭᠡ ᠶᠢᠨ ᠲᠣᠳᠣᠷᠬᠠᠢ ᠬᠠᠭᠤᠳᠠᠰᠤ ᠶᠢ ᠪᠠᠶᠢᠭᠤᠯᠵᠤ᠂ ᠮᠥᠩᠭᠦᠨ ᠭᠦᠢᠯᠭᠡᠭᠡᠨ ᠤ | ᠪᠠᠶᠢᠭᠤᠯᠤᠮᠵᠢ ᠶᠢ ᠬᠥᠲᠥᠯᠥᠨ ᠵᠢᠯᠤᠭᠤᠳᠴᠤ ᠪᠠᠶᠢᠭᠠᠳ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠬᠡᠷᠡᠭᠴᠡᠭᠡ ᠶᠢ | ᠭᠦᠨᠵᠡᠭᠡᠢ ᠵᠣᠯᠭᠠᠭᠤᠯᠵᠤ᠂ ᠦᠢᠯᠡᠳᠬᠦᠨ ᠪᠠ ᠦᠢᠯᠡᠴᠢᠯᠡᠭᠡᠨ ᠤ ᠲᠠᠯ᠎ᠠ ᠪᠠᠷ ᠰᠢᠨ᠎ᠡ ᠶᠢ ᠡᠭᠦᠳᠬᠦ ᠶᠢ ᠴᠢᠩᠭᠠᠳᠬᠠᠵᠤ᠂ | ᠵᠠᠬᠢᠶᠠᠯᠠᠭ᠎ᠠ ᠶᠢᠨ ᠬᠠᠭᠤᠳᠠᠰᠤ ᠲᠠᠢ᠂ ᠵᠠᠬ᠎ᠠ ᠳᠡᠯᠭᠡᠭᠦᠷ ᠲᠠᠢ᠂ ᠢᠲᠡᠭᠡᠮᠵᠢ ᠲᠠᠢ ᠭᠠᠳᠠᠭᠠᠳᠤ ᠠᠷᠠᠯᠵᠢᠶᠠᠨ ᠤ ᠠᠵᠤ | ᠠᠬᠤᠶᠢᠯᠠᠯ ᠢ ᠳᠡᠮᠵᠢᠬᠦ ᠡᠷᠴᠢᠮ ᠢᠶᠠᠨ ᠴᠢᠩᠭᠠᠷᠠᠭᠤᠯᠵᠤ᠂ ᠠᠵᠤ ᠠᠬᠤᠶᠢᠯᠠᠯ ᠤᠨ ᠪᠡᠯᠡ ᠲᠣᠬᠢᠷᠠᠭᠤᠯᠬᠤ ᠥᠪᠡᠷ ᠤᠨ | ᠦᠷᠳᠡᠭ ᠢ ᠪᠠᠭᠤᠷᠠᠭᠤᠯᠤᠨ᠂ ᠠᠵᠤ ᠠᠬᠤᠶᠢᠯᠠᠯ ᠳᠤ ᠴᠢᠨᠠᠷ ᠰᠠᠶᠢᠲᠠᠢ ᠮᠥᠩᠭᠦᠨ ᠭᠦᠢᠯᠭᠡᠭᠡᠨ ᠤ ᠦᠢᠯᠡᠴᠢᠯᠡᠭᠡ | ᠬᠠᠩᠭᠠᠨ᠎ᠠ᠃ ︵ᠲᠦᠷᠦᠭᠦᠯᠡᠨ ᠬᠢᠬᠦ ᠨᠢᠭᠡᠴᠢ᠄ ᠬᠤᠲᠠ ᠶᠢᠨ ᠡᠳ᠋ ᠤᠨ ᠵᠠᠰᠠᠭ ᠤᠨ ᠲᠣᠪᠴᠢᠶ᠎ᠠ︔ ᠬᠠᠷᠢᠭᠤᠴᠠᠯᠭᠠᠲᠤ | ᠨᠢᠭᠡᠴᠢ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠳᠤᠮᠳᠠᠳᠤ ᠤᠯᠤᠰ ᠤᠨ ᠠᠷᠠᠳ ᠤᠨ | ᠪᠠᠩᠬᠢ ᠶᠢᠨ ᠤᠯᠠᠭᠠᠨᠴᠠᠪ ᠬᠤᠲᠠ ᠶᠢᠨ ᠬᠤᠪᠢᠶᠠᠷᠢ ᠪᠠᠩᠬᠢ᠂ ᠤᠯᠠᠭᠠᠨᠴᠠᠪ · ᠡᠷᠢᠶᠡᠨ ᠬᠤᠲᠠ ᠶᠢᠨ ᠤᠯᠤᠰ ᠤᠨ | ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠴᠠᠬᠠᠷ | ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠵᠢᠨᠢᠩ | ᠲᠣᠭᠤᠷᠢᠭ ᠤᠨ ᠵᠠᠰᠠᠭ ᠤᠨ ᠣᠷᠳᠣᠨ︶ | 18. ᠣᠷᠴᠢᠨ ᠲᠣᠭᠤᠷᠢᠨ ᠢ ᠬᠠᠮᠠᠭᠠᠯᠠᠬᠤ ᠪᠠ ᠡᠨᠧᠷᠭᠢ ᠬᠡᠷᠡᠭᠯᠡᠬᠦ ᠶᠢ ᠳᠡᠮᠵᠢᠬᠦ᠃ ᠡᠳ᠋ᠰᠢᠭᠦᠯᠦᠨ ᠪᠣᠯᠪᠠᠰᠤᠷᠠᠭᠤᠯᠬᠤ | ᠠᠷᠠᠯᠵᠢᠶ᠎ᠠ ᠶᠢᠨ ᠠᠵᠤ ᠠᠬᠤᠶᠢᠯᠠᠯ ᠤᠨ ᠡᠨᠧᠷᠭᠢ ᠠᠷᠪᠢᠯᠠᠬᠤ ᠮᠡᠷᠭᠡᠵᠢᠯ ᠤᠨ ᠥᠭᠡᠷᠡᠴᠢᠯᠡᠯᠲᠡ᠂ ᠤᠰᠤ ᠠᠷᠪᠢᠯᠠᠬᠤ | ᠮᠡᠷᠭᠡᠵᠢᠯ ᠤᠨ ᠥᠭᠡᠷᠡᠴᠢᠯᠡᠯᠲᠡ᠂ ᠠᠵᠤ ᠦᠢᠯᠡᠳᠪᠦᠷᠢ ᠶᠢᠨ ᠬᠠᠲᠠᠭᠤ ᠬᠠᠶᠠᠭᠳᠠᠮᠠᠯ ᠪᠣᠳᠠᠰ ᠤᠨ ᠡᠬᠢ ᠪᠠᠶᠠᠯᠢᠭ ᠢ | ᠶᠡᠷᠦᠩᠬᠡᠶᠢᠯᠡᠨ ᠠᠰᠢᠭᠯᠠᠬᠤ ᠶᠢ ᠳᠡᠮᠵᠢᠵᠦ᠂ ᠮᠠᠨ ᠤ ᠬᠤᠲᠠ ᠶᠢᠨ ᠣᠳᠣ ᠪᠠᠶᠢᠭ᠎ᠠ ᠪᠣᠬᠢᠷᠲᠤᠯ ᠪᠣᠳᠠᠰ ᠤᠨ | ᠭᠠᠳᠠᠭᠰᠢᠯᠠᠭᠤᠯᠤᠯᠲᠠ ᠶᠢᠨ ᠪᠠᠶᠢᠳᠠᠯ ᠵᠢᠴᠢ ᠢᠷᠡᠭᠡᠳᠦᠢ ᠶᠢᠨ ᠭᠠᠳᠠᠭᠰᠢᠯᠠᠭᠤᠯᠤᠯᠲᠠ ᠶᠢᠨ ᠬᠠᠨᠳᠤᠰᠢ ᠶᠢ | ᠦᠨᠳᠦᠰᠦᠯᠡᠨ᠂ ᠵᠠᠯᠭᠠᠵᠤ ᠠᠪᠬᠤ ᠠᠵᠤ ᠦᠢᠯᠡᠰ ᠤᠨ ᠡᠮᠬᠢ ᠵᠢᠷᠤᠮ ᠲᠠᠢ ᠪᠠᠷ ᠰᠢᠯᠵᠢᠭᠦᠯᠬᠦ ᠭᠤᠣᠯ ᠲᠠᠪᠴᠠᠩ᠂ | ᠠᠵᠤ ᠦᠢᠯᠡᠰ ᠤᠨ ᠰᠢᠯᠵᠢᠯᠲᠡ ᠶᠢᠨ ᠬᠦᠷᠢᠶᠡᠯᠡᠩ ᠲᠣᠭᠤᠷᠢᠭ ᠪᠠ ᠠᠵᠤ ᠦᠢᠯᠡᠰ ᠤᠨ ᠰᠢᠯᠵᠢᠯᠲᠡ ᠶᠢᠨ ᠴᠢᠬᠤᠯᠠ | ᠶᠡᠭᠡ ᠲᠥᠷᠥᠯ ᠵᠦᠢᠯ ᠳᠤ ᠬᠡᠷᠡᠭᠰᠡᠬᠦ ᠭᠤᠣᠯ ᠪᠣᠯᠬᠤ ᠪᠣᠬᠢᠷᠲᠤᠯ ᠪᠣᠳᠠᠰ ᠤᠨ ᠶᠡᠷᠦᠩᠬᠡᠢ ᠬᠡᠮᠵᠢᠶ᠎ᠡ ᠶᠢᠨ ᠭᠦᠢᠴᠡᠳᠬᠡᠬᠦ | ᠲᠤᠭ᠎ᠠ ᠶᠢᠨ ᠢᠷᠡᠯᠲᠡ ᠶᠢ ᠵᠦᠢ ᠵᠣᠬᠢᠰᠲᠠᠢ ᠨᠢᠭᠡᠳᠦᠯᠲᠡᠢ ᠲᠥᠯᠥᠪᠯᠡᠨ ᠲᠣᠬᠢᠷᠠᠭᠤᠯᠵᠤ᠂ ᠬᠢᠵᠠᠭᠠᠷ ᠲᠠᠢ ᠶᠡᠷᠦᠩᠬᠡᠢ | ᠬᠡᠮᠵᠢᠶ᠎ᠡ ᠶᠢᠨ ᠭᠦᠢᠴᠡᠳᠬᠡᠬᠦ ᠲᠤᠭ᠎ᠠ ᠶᠢ ᠠᠵᠤ ᠦᠢᠯᠡᠰ ᠤᠨ ᠵᠠᠯᠭᠠᠵᠤ ᠠᠪᠬᠤ ᠭᠠᠵᠠᠷ ᠤᠨ ᠴᠢᠨᠠᠷ ᠰᠠᠶᠢᠲᠠᠢ | ᠲᠠᠪᠴᠠᠩ᠂ ᠬᠦᠷᠢᠶᠡᠯᠡᠩ ᠲᠣᠭᠤᠷᠢᠭ ᠪᠠ ᠠᠵᠤ ᠦᠢᠯᠡᠳᠪᠦᠷᠢ ᠶᠢᠨ ᠲᠥᠷᠥᠯ ᠵᠦᠢᠯ ᠳᠤ ᠲᠥᠪᠯᠡᠷᠡᠭᠦᠯᠦᠨ᠎ᠡ᠃ ︵ | ᠲᠦᠷᠦᠭᠦᠯᠡᠨ ᠬᠢᠬᠦ ᠨᠢᠭᠡᠴᠢ᠄ ᠬᠤᠲᠠ ᠶᠢᠨ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ︔ ᠬᠠᠷᠢᠭᠤᠴᠠᠯᠭᠠᠲᠤ | ᠨᠢᠭᠡᠴᠢ᠄ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠮᠡᠳᠡᠭᠡ | ᠵᠠᠩᠭᠢᠵᠢᠯᠲᠠ ᠶᠢᠨ ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠪᠡᠯᠡ ᠣᠷᠣᠭᠤᠯᠤᠯᠲᠠ ᠶᠢ | ᠠᠬᠢᠭᠤᠯᠬᠤ ᠲᠣᠪᠴᠢᠶ᠎ᠠ᠂ ᠴᠠᠬᠢᠯᠭᠠᠨ ᠬᠠᠩᠭᠠᠬᠤ ᠺᠣᠮᠫᠠᠨᠢ᠂ ᠤᠯᠠᠭᠠᠨᠴᠠᠪ · ᠡᠷᠢᠶᠡᠨ ᠬᠤᠲᠠ ᠶᠢᠨ ᠤᠯᠤᠰ ᠤᠨ | ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ | ᠴᠠᠬᠠᠷ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠵᠢᠨᠢᠩ | ᠲᠣᠭᠤᠷᠢᠭ ᠤᠨ ᠵᠠᠰᠠᠭ ᠤᠨ ᠣᠷᠳᠣᠨ︶ | 19. ᠰᠢᠨᠵᠢᠯᠡᠬᠦ ᠤᠬᠠᠭᠠᠨ ᠮᠡᠷᠭᠡᠵᠢᠯ ᠤᠨ ᠳᠡᠮᠵᠢᠯᠭᠡ᠃ ᠬᠢᠷᠢ ᠬᠡᠮ ᠤᠨ ᠬᠦᠴᠦᠨ ᠲᠠᠢ ᠬᠤᠭᠤᠴᠠᠭᠠᠨ ᠳᠤ ᠪᠦᠬᠦᠯᠢ | ᠴᠣᠭᠴᠠ ᠪᠠᠷ ᠢᠶᠠᠨ ᠮᠠᠨ ᠤ ᠬᠤᠲᠠ ᠳᠤ ᠰᠢᠯᠵᠢᠵᠦ ᠢᠷᠡᠭᠰᠡᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠨᠢ | ᠲᠥᠷᠥ ᠶᠢᠨ ᠪᠣᠳᠣᠯᠭ᠎ᠠ ᠶᠢᠨ ᠲᠣᠭᠲᠠᠭᠠᠯ ᠶᠣᠰᠣᠭᠠᠷ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠭᠠᠶᠢᠯᠢ | ᠲᠠᠲᠠᠪᠤᠷᠢ ᠶᠢᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠦᠷᠭᠦᠯᠵᠢᠯᠡᠨ ᠭᠥᠷᠳᠡᠵᠦ ᠪᠣᠯᠣᠨ᠎ᠠ᠃ ᠰᠢᠨ᠎ᠡ ᠪᠠᠷ | ᠮᠡᠳᠡᠭᠦᠯᠦᠭᠰᠡᠨ ᠳᠡᠭᠡᠳᠦ ᠰᠢᠨ᠎ᠡ ᠮᠡᠷᠭᠡᠵᠢᠯ ᠤᠨ ᠠᠵᠤ ᠠᠬᠤᠶᠢᠯᠠᠯ ᠤᠨ ᠦᠨᠡᠮᠰᠢᠯ ᠢ ᠣᠯᠣᠭᠰᠠᠨ ᠠᠵᠤ ᠦᠢᠯᠡᠰ ᠤᠨ | ᠰᠢᠯᠵᠢᠯᠲᠡ ᠶᠢᠨ ᠲᠥᠷᠥᠯ ᠵᠦᠢᠯ ᠳᠤ ᠤᠷᠢᠳᠠᠪᠠᠷ ᠳᠡᠮᠵᠢᠯᠭᠡ ᠦᠵᠡᠭᠦᠯᠵᠦ᠂ ︽ᠳᠡᠭᠡᠳᠦ ᠰᠢᠨ᠎ᠡ ᠮᠡᠷᠭᠡᠵᠢᠯ ᠤᠨ ᠠᠵᠤ | ᠠᠬᠤᠶᠢᠯᠠᠯ ᠤᠨ ᠦᠨᠡᠮᠰᠢᠯ ᠤᠨ ᠬᠠᠮᠢᠶᠠᠷᠤᠯᠲᠠ ᠶᠢᠨ ᠠᠷᠭ᠎ᠠ︾ ᠶᠣᠰᠣᠭᠠᠷ ᠰᠢᠨ᠎ᠡ ᠪᠠᠷ ᠦᠨᠡᠮᠰᠢᠯ ᠤᠨ ᠠᠵᠤ | ᠠᠬᠤᠶᠢᠯᠠᠯ ᠢ ᠲᠥᠷᠥ ᠶᠢᠨ ᠪᠣᠳᠣᠯᠭ᠎ᠠ ᠶᠢᠨ ᠶᠣᠰᠣᠭᠠᠷ ᠱᠠᠩᠨᠠᠨ᠎ᠠ᠃ ᠨᠢᠭᠡᠨᠲᠡ ᠮᠠᠭᠠᠳᠯᠠᠨ ᠲᠣᠭᠲᠠᠭᠠᠭᠰᠠᠨ ᠰᠢᠨ᠎ᠡ ᠶᠢ | ᠡᠭᠦᠳᠬᠦ ᠬᠡᠯᠪᠡᠷᠢ ᠶᠢᠨ ᠳᠤᠮᠳᠠ ᠵᠢᠵᠢᠭ ᠠᠵᠤ ᠠᠬᠤᠶᠢᠯᠠᠯ᠂ ︽ᠲᠤᠰᠬᠠᠢ ᠨᠠᠷᠢᠯᠢᠭ ᠣᠨᠴᠠ ᠰᠢᠨ᠎ᠡ︾ ᠳᠤᠮᠳᠠ | ᠵᠢᠵᠢᠭ ᠠᠵᠤ ᠠᠬᠤᠶᠢᠯᠠᠯ ᠪᠠ ︽ᠵᠢᠵᠢᠭ ᠠᠪᠤᠷᠭᠤ ᠬᠥᠮᠥᠨ︾ ᠤ ᠠᠵᠤ ᠠᠬᠤᠶᠢᠯᠠᠯ ᠳᠤ ᠡᠯ᠎ᠡ ᠲᠦᠷᠦᠯ ᠤᠨ | ᠰᠢᠨᠵᠢᠯᠡᠬᠦ ᠤᠬᠠᠭᠠᠨ ᠮᠡᠷᠭᠡᠵᠢᠯ ᠤᠨ ᠲᠥᠯᠥᠪᠯᠡᠭᠡ ᠶᠢᠨ ᠵᠦᠢᠯᠡᠰ ᠲᠤ ᠭᠤᠣᠯᠳᠠᠯᠭ᠎ᠠ ᠲᠠᠢ ᠪᠠᠷ ᠳᠡᠮᠵᠢᠯᠭᠡ | ᠦᠵᠡᠭᠦᠯᠦᠨ᠎ᠡ᠃ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠠᠵᠤ ᠠᠬᠤᠶᠢᠯᠠᠯ ᠤᠨ ᠰᠤᠳᠤᠯᠤᠨ ᠨᠡᠭᠡᠭᠡᠬᠦ | ᠣᠷᠣᠭᠤᠯᠤᠯᠲᠠ ᠶᠢ ᠳᠡᠮᠵᠢᠵᠦ᠂ ᠤᠯᠤᠰ ᠤᠨ ᠲᠠᠰ ᠤᠨ ᠦᠢᠯᠡᠳᠬᠦ ᠦᠢᠯᠡᠰ ᠤᠨ ᠰᠢᠨ᠎ᠡ ᠶᠢ ᠡᠭᠦᠳᠬᠦ ᠲᠥᠪ᠂ | ᠥᠪᠡᠷᠲᠡᠭᠡᠨ ᠵᠠᠰᠠᠬᠤ ᠣᠷᠣᠨ ᠤ ᠦᠢᠯᠡᠳᠬᠦ ᠦᠢᠯᠡᠰ ᠤᠨ ᠰᠢᠨ᠎ᠡ ᠶᠢ ᠡᠭᠦᠳᠬᠦ ᠲᠥᠪ ᠪᠠ ᠰᠢᠨ᠎ᠡ ᠪᠠᠷ | ᠮᠡᠳᠡᠷᠡᠭᠳᠡᠭᠰᠡᠨ ᠤᠯᠤᠰ ᠤᠨ ᠲᠠᠰ᠂ ᠥᠪᠡᠷᠲᠡᠭᠡᠨ ᠵᠠᠰᠠᠬᠤ ᠣᠷᠣᠨ ᠤ ᠲᠠᠰ ᠤᠨ ᠠᠵᠤ ᠦᠢᠯᠡᠳᠪᠦᠷᠢ ᠶᠢᠨ ᠵᠢᠷᠤᠭ | ᠲᠥᠯᠥᠪᠯᠡᠭᠡ ᠶᠢᠨ ᠲᠥᠪ ᠲᠤ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠦᠨ᠎ᠡ᠃ ︵ᠲᠦᠷᠦᠭᠦᠯᠡᠨ ᠬᠢᠬᠦ | ᠨᠢᠭᠡᠴᠢ᠄ ᠬᠤᠲᠠ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ︔ ᠬᠠᠷᠢᠭᠤᠴᠠᠯᠭᠠᠲᠤ ᠨᠢᠭᠡᠴᠢ᠄ | ᠬᠤᠳᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠪᠠ ᠮᠡᠳᠡᠭᠡ ᠵᠠᠩᠭᠢᠵᠢᠯᠲᠠ ᠶᠢᠨ | ᠲᠣᠪᠴᠢᠶ᠎ᠠ᠂ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ᠂ ᠭᠠᠶᠢᠯᠢ ᠶᠢᠨ ᠶᠠᠪᠤᠳᠠᠯ ᠤᠨ ᠲᠣᠪᠴᠢᠶ᠎ᠠ᠂ ᠤᠯᠠᠭᠠᠨᠴᠠᠪ · | ᠡᠷᠢᠶᠡᠨ ᠬᠤᠳᠠ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠬᠦᠷᠢᠶᠡᠯᠡᠩ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ᠂ ᠴᠠᠬᠠᠷ ᠳᠡᠭᠡᠳᠦ ᠰᠢᠨ᠎ᠡ ᠮᠡᠷᠭᠡᠵᠢᠯ ᠤᠨ ᠨᠡᠭᠡᠭᠡᠨ ᠬᠥᠭᠵᠢᠭᠦᠯᠦᠯᠲᠡ ᠶᠢᠨ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠵᠢᠨᠢᠩ ᠲᠣᠭᠤᠷᠢᠭ ᠤᠨ ᠵᠠᠰᠠᠭ ᠤᠨ ᠣᠷᠳᠣᠨ︶ | 20. ᠴᠢᠳᠠᠪᠤᠷᠢᠲᠠᠨ ᠤ ᠳᠡᠮᠵᠢᠯᠭᠡ᠃ ᠮᠠᠨ ᠤ ᠬᠤᠲᠠ ᠳᠤ ᠢᠷᠡᠵᠦ ᠪᠡᠯᠡ ᠣᠷᠣᠭᠤᠯᠤᠨ ᠦᠢᠯᠡᠰ ᠬᠥᠭᠵᠢᠭᠦᠯᠵᠦ | ᠪᠠᠶᠢᠭ᠎ᠠ ᠠᠵᠤ ᠠᠬᠤᠶᠢᠯᠠᠯᠲᠠᠨ ᠪᠣᠯᠣᠨ ᠳᠡᠭᠡᠳᠦ ᠲᠠᠰ ᠤᠨ ᠴᠢᠳᠠᠪᠤᠷᠢᠲᠠᠨ ᠤ ᠦᠷ᠎ᠡ ᠬᠡᠦᠬᠡᠳ ᠢ ᠬᠤᠲᠠ᠂ ᠬᠤᠰᠢᠭᠤ | ᠰᠢᠶᠠᠨ ᠲᠣᠭᠤᠷᠢᠭ ᠤᠨ ᠰᠤᠷᠭᠠᠨ ᠬᠥᠮᠦᠵᠢᠯ ᠤᠨ ᠵᠠᠰᠠᠭ ᠵᠠᠬᠢᠷᠭᠠᠨ ᠤ ᠰᠠᠯᠠᠭ᠎ᠠ ᠮᠥᠴᠢᠷ ᠠᠴᠠ ᠬᠠᠮᠢᠶ᠎ᠠ ᠪᠦᠬᠦᠢ | ᠱᠠᠭᠠᠷᠳᠠᠯᠭ᠎ᠠ ᠶᠣᠰᠣᠭᠠᠷ ᠣᠶᠢᠷ᠎ᠠ ᠬᠠᠪᠢ ᠳᠠᠭᠠᠨ ᠲᠣᠬᠢᠷᠠᠭᠤᠯᠤᠨ ᠰᠤᠷᠭᠠᠭᠤᠯᠢ ᠳᠤ ᠣᠷᠣᠭᠤᠯᠤᠨ᠎ᠠ᠃ | ᠭᠤᠣᠯᠳᠠᠯᠭ᠎ᠠ ᠲᠠᠢ ᠭᠠᠳᠠᠭᠠᠳᠤ ᠪᠡᠯᠡ ᠶᠢᠨ ᠠᠵᠤ ᠠᠬᠤᠶᠢᠯᠠᠯ ᠪᠠ ᠭᠠᠳᠠᠭᠠᠳᠤ ᠪᠡᠯᠡ ᠶᠢᠨ ᠲᠥᠷᠥᠯ ᠵᠦᠢᠯ ᠤᠨ | ᠭᠠᠳᠠᠭᠠᠳᠤ ᠶᠢᠨ ᠬᠠᠷᠢᠶ᠎ᠠ ᠲᠠᠢ ᠠᠵᠢᠯᠲᠠᠨ ᠠᠵᠢᠯᠴᠢᠨ ᠢ ᠤᠷᠢᠬᠤ ᠭᠠᠷᠳᠠᠮ ᠢ ᠭᠦᠢᠴᠡᠳᠬᠡᠬᠦ ᠶᠢ ᠵᠢᠯᠤᠭᠤᠳᠬᠤ ᠶᠢᠨ | ᠬᠠᠮᠲᠤ ᠬᠠᠪᠰᠤᠷᠴᠤ᠂ ᠭᠠᠳᠠᠭᠠᠳᠤ ᠶᠢᠨ ᠬᠠᠷᠢᠶ᠎ᠠ ᠲᠠᠢ ᠴᠢᠳᠠᠪᠤᠷᠢᠲᠠᠨ ᠤ ᠬᠢᠯᠢ ᠳᠤ ᠣᠷᠣᠬᠤ ᠭᠠᠷᠳᠠᠮ ᠢ | ᠭᠦᠢᠴᠡᠳᠬᠡᠬᠦ ᠶᠠᠪᠤᠴᠠ ᠶᠢ ᠰᠢᠯᠢᠳᠡᠭᠵᠢᠭᠦᠯᠦᠨ᠂ ᠭᠠᠳᠠᠭᠠᠳᠤ ᠶᠢᠨ ᠬᠠᠷᠢᠶ᠎ᠠ ᠲᠠᠢ ᠳᠡᠭᠡᠳᠦ ᠲᠠᠰ ᠤᠨ ᠴᠢᠳᠠᠪᠤᠷᠢᠲᠠᠨ ᠤ | ᠰᠠᠭᠠᠳ ᠦᠭᠡᠢ ᠨᠡᠪᠲᠡᠷᠡᠬᠦ ᠵᠠᠮ ᠢ ᠨᠡᠭᠡᠭᠡᠵᠦ᠂ ᠭᠠᠳᠠᠭᠠᠳᠤ ᠶᠢᠨ ᠬᠠᠷᠢᠶ᠎ᠠ ᠲᠠᠢ ᠬᠥᠮᠥᠰ ᠤᠨ ᠳᠤᠮᠳᠠᠳᠤ ᠤᠯᠤᠰ ᠲᠤ | ᠢᠷᠡᠵᠦ ᠰᠤᠳᠤᠯᠤᠨ ᠨᠡᠭᠡᠭᠡᠬᠦ᠂ ᠠᠵᠢᠯ ᠡᠷᠭᠢᠯᠡᠬᠦ᠂ ᠰᠣᠯᠢᠯᠴᠠᠬᠤ᠂ ᠪᠣᠯᠪᠠᠰᠤᠷᠠᠭᠤᠯᠬᠤ ᠵᠡᠷᠭᠡ ᠳᠡᠭᠡᠳᠦ ᠲᠠᠰ ᠤᠨ | ᠴᠢᠳᠠᠪᠤᠷᠢᠲᠠᠨ ᠳᠤ ᠸᠢᠰᠠ ᠣᠯᠭᠤᠬᠤ᠂ ᠠᠵᠢᠯ ᠤᠨ ᠵᠥᠪᠰᠢᠶᠡᠷᠡᠯ ᠤᠨ ᠲᠥᠬᠦᠮ ᠦᠵᠡᠭᠦᠯᠦᠨ᠎ᠡ᠃ ︵ᠲᠦᠷᠦᠭᠦᠯᠡᠨ | ᠬᠢᠬᠦ ᠨᠢᠭᠡᠴᠢ᠄ ᠬᠤᠲᠠ ᠶᠢᠨ ᠰᠤᠷᠭᠠᠨ ᠬᠥᠮᠦᠵᠢᠯ ᠤᠨ ᠲᠣᠪᠴᠢᠶ᠎ᠠ᠂ ᠬᠥᠮᠥᠨ ᠤ ᠬᠦᠴᠦᠨ ᠤ ᠡᠬᠢ ᠪᠠᠶᠠᠯᠢᠭ ᠪᠠ | ᠨᠡᠶᠢᠭᠡᠮ ᠤᠨ ᠪᠠᠲᠤᠯᠠᠭ᠎ᠠ ᠶᠢᠨ ᠲᠣᠪᠴᠢᠶ᠎ᠠ︔ ᠬᠠᠷᠢᠭᠤᠴᠠᠯᠭᠠᠲᠤ ᠨᠢᠭᠡᠴᠢ᠄ ᠬᠤᠳᠠ ᠶᠢᠨ ᠨᠠᠮ ᠤᠨ ᠬᠤᠷᠢᠶᠠᠨ ᠤ | ᠵᠣᠬᠢᠶᠠᠨ ᠪᠠᠶᠢᠭᠤᠯᠬᠤ ᠬᠡᠯᠲᠡᠰ︔ ᠬᠤᠲᠠ ᠶᠢᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ | ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ ᠳᠣᠲᠣᠭᠠᠳᠤ ᠶᠢ ᠬᠠᠮᠠᠭᠠᠯᠠᠬᠤ ᠲᠣᠪᠴᠢᠶ᠎ᠠ᠂ ᠠᠮᠢ ᠠᠬᠤᠢ | ᠣᠷᠴᠢᠨ ᠲᠣᠭᠤᠷᠢᠨ ᠤ ᠲᠣᠪᠴᠢᠶ᠎ᠠ᠂ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ᠂ ᠬᠤᠳᠠᠯᠳᠤᠭᠠᠨ ᠤ | ᠶᠠᠪᠤᠳᠠᠯ ᠤᠨ ᠲᠣᠪᠴᠢᠶ᠎ᠠ᠂ ᠪᠡᠯᠡ ᠣᠷᠣᠭᠤᠯᠤᠯᠲᠠ ᠶᠢ ᠠᠬᠢᠭᠤᠯᠬᠤ ᠲᠣᠪᠴᠢᠶ᠎ᠠ᠂ ᠠᠷᠠᠯᠵᠢᠶ᠎ᠠ ᠶᠢ ᠠᠬᠢᠭᠤᠯᠬᠤ | ᠵᠥᠪᠯᠡᠯ᠂ ᠤᠯᠠᠭᠠᠨᠴᠠᠪ · ᠡᠷᠢᠶᠡᠨ ᠬᠤᠲᠠ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ | ᠬᠦᠷᠢᠶᠡᠯᠡᠩ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠴᠠᠬᠠᠷ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠲᠡ ᠶᠢᠨ | ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ᠂ ᠵᠢᠨᠢᠩ ᠲᠣᠭᠤᠷᠢᠭ ᠤᠨ ᠵᠠᠰᠠᠭ ᠤᠨ ᠣᠷᠳᠣᠨ︶ | 21. ᠲᠥᠷᠥ ᠶᠢᠨ ᠪᠣᠳᠣᠯᠭ᠎ᠠ ᠶᠢᠨ ᠳᠡᠮᠵᠢᠯᠭᠡ᠃ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠱᠠᠲᠤᠯᠠᠨ | ᠰᠢᠯᠵᠢᠬᠦ ᠶᠢ ᠳᠠᠭᠠᠭᠠᠨ ᠵᠣᠯᠭᠠᠭᠤᠯᠬᠤ ᠢᠵᠢ ᠪᠦᠷᠢᠳᠦᠭᠦᠯᠬᠦ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ | ᠨᠠᠶᠢᠳᠠᠪᠤᠷᠢᠵᠢᠭᠤᠯᠤᠨ ᠦᠷ᠎ᠡ ᠪᠦᠲᠦᠮᠵᠢ ᠣᠯᠬᠤ ᠶᠢ ᠠᠬᠢᠭᠤᠯᠵᠤ᠂ ᠨᠠᠷᠢᠯᠢᠭ ᠣᠨᠣᠴᠠᠲᠠᠢ ᠪᠠᠷ ᠬᠤᠳᠠᠯᠳᠤᠭᠠᠴᠢᠨ | ᠤᠷᠢᠬᠤ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠰᠢᠯᠵᠢᠭᠦᠯᠬᠦ ᠲᠥᠷᠥᠯ ᠵᠦᠢᠯ ᠳᠤ ᠲᠥᠷᠥ ᠶᠢᠨ | ᠪᠣᠳᠣᠯᠭ᠎ᠠ ᠶᠢᠨ ᠳᠡᠮᠵᠢᠯᠭᠡ ᠦᠵᠡᠭᠦᠯᠦᠨ᠎ᠡ᠃ ᠤᠯᠤᠰ ᠤᠨ ︽ᠭᠠᠳᠠᠭᠠᠳᠤ ᠶᠢᠨ ᠬᠤᠳᠠᠯᠳᠤᠭᠠᠴᠢᠨ ᠤ ᠪᠡᠯᠡ | ᠣᠷᠣᠭᠤᠯᠬᠤ ᠠᠵᠤ ᠦᠢᠯᠡᠰ ᠤᠨ ᠵᠢᠯᠤᠭᠤᠳᠬᠤ ᠭᠠᠷᠴᠠᠭ︾ ᠤᠨ ᠬᠤᠯᠪᠣᠭᠳᠠᠯ ᠪᠦᠬᠦᠢ ᠵᠣᠷᠢᠭᠵᠢᠭᠤᠯᠬᠤ | ᠲᠥᠷᠥᠯ ᠤᠨ ᠲᠥᠷᠥᠯ ᠵᠦᠢᠯ ᠤᠨ ᠬᠠᠷᠠᠭᠠᠯᠵᠠᠯ ᠤᠨ ᠲᠥᠷᠥ ᠶᠢᠨ ᠪᠣᠳᠣᠯᠭ᠎ᠠ ᠶᠢ ᠲᠦᠷᠭᠡᠳᠬᠡᠨ ᠨᠠᠶᠢᠳᠠᠪᠤᠷᠢᠵᠢᠭᠤᠯᠵᠤ᠂ | ᠤᠨᠢᠨ ᠳᠡᠭᠡᠷ᠎ᠡ ᠨᠢ ᠬᠤᠳᠠᠯᠳᠤᠭᠠᠴᠢᠨ ᠤᠷᠢᠬᠤ ᠪᠠ ᠲᠤᠰᠬᠠᠢ ᠮᠡᠷᠭᠡᠵᠢᠯ ᠢᠶᠠᠷ ᠪᠡᠯᠡ ᠣᠷᠣᠭᠤᠯᠬᠤ ᠶᠢ | ᠴᠢᠩᠭᠠᠳᠬᠠᠵᠤ᠂ ︽ᠨᠢᠭᠡ ᠪᠦᠰᠡ ᠨᠢᠭᠡ ᠵᠠᠮ︾᠂ ︽ᠣᠷᠣᠨ ᠪᠦᠰᠡ ᠶᠢᠨ ᠪᠦᠬᠦ ᠲᠠᠯ᠎ᠠ ᠶᠢᠨ ᠠᠵᠤ ᠠᠬᠤᠢ ᠶᠢᠨ | ᠬᠠᠨᠢᠲᠠᠨ ᠤ ᠬᠠᠷᠢᠯᠴᠠᠭ᠎ᠠ ᠶᠢᠨ ᠬᠡᠯᠡᠯᠴᠡᠭᠡᠷ︾ ︵RCEP︶ ᠤᠨ ᠠᠵᠠ ᠲᠣᠬᠢᠶᠠᠯ ᠢ ᠠᠮᠵᠢᠵᠤ᠂ ᠤᠯᠠᠨ | ᠤᠯᠤᠰ ᠤᠨ ᠠᠵᠤ ᠦᠢᠯᠡᠰ ᠤᠨ ᠰᠢᠯᠵᠢᠯᠲᠡ ᠶᠢ ᠬᠦᠯᠢᠶᠡᠨ ᠠᠪᠴᠤ᠂ ᠡᠳ᠋ᠰᠢᠭᠦᠯᠵᠦ ᠪᠣᠯᠪᠠᠰᠤᠷᠠᠭᠤᠯᠬᠤ | ᠠᠷᠠᠯᠵᠢᠶᠠᠨ ᠤ ᠠᠵᠤ ᠠᠬᠤᠶᠢᠯᠠᠯ ᠤᠨ ᠳᠡᠭᠡᠳᠦ ᠲᠡᠰ ᠤᠨ ᠦᠢᠯᠡᠳᠬᠦ ᠦᠢᠯᠡᠰ ᠵᠢᠴᠢ ᠪᠠᠶᠢᠯᠳᠤᠬᠤ ᠪᠣᠳᠣᠯᠭ᠎ᠠ ᠶᠢᠨ | ᠴᠢᠨᠠᠷᠲᠠᠢ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠬᠥᠭᠵᠢᠭᠦᠯᠬᠦ ᠶᠢ ᠠᠬᠢᠭᠤᠯᠵᠤ᠂ ᠭᠠᠳᠠᠭᠠᠳᠤ ᠪᠡᠯᠡ ᠶᠢ ᠲᠠᠲᠠᠬᠤ | ᠲᠠᠯ᠎ᠠ ᠪᠠᠷ ᠴᠢᠬᠤᠯᠠ ᠶᠡᠭᠡ ᠰᠢᠪᠲᠤᠯᠤᠯᠲᠠ ᠭᠠᠷᠭᠠᠬᠤ ᠪᠠᠷ ᠴᠢᠷᠮᠠᠶᠢᠨ᠎ᠠ᠃ ︵ᠲᠦᠷᠦᠭᠦᠯᠡᠨ ᠬᠢᠬᠦ ᠨᠢᠭᠡᠴᠢ᠄ | ᠬᠤᠲᠠ ᠶᠢᠨ ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︔ ᠬᠠᠷᠢᠭᠤᠴᠠᠯᠭᠠᠲᠤ ᠨᠢᠭᠡᠴᠢ᠄ ᠬᠤᠲᠠ ᠶᠢᠨ | ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ᠂ ᠠᠵᠤ ᠦᠢᠯᠡᠳᠪᠦᠷᠢ ᠮᠡᠳᠡᠭᠡ ᠵᠠᠩᠭᠢᠵᠢᠯᠲᠠ ᠶᠢᠨ ᠲᠣᠪᠴᠢᠶ᠎ᠠ᠂ | ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ᠂ ᠠᠮᠢ ᠠᠬᠤᠢ ᠣᠷᠴᠢᠨ ᠲᠣᠭᠤᠷᠢᠨ ᠤ ᠲᠣᠪᠴᠢᠶ᠎ᠠ᠂ ᠪᠡᠯᠡ | ᠣᠷᠣᠭᠤᠯᠤᠯᠲᠠ ᠶᠢ ᠠᠬᠢᠭᠤᠯᠬᠤ ᠲᠣᠪᠴᠢᠶ᠎ᠠ᠂ ᠠᠷᠠᠯᠵᠢᠶ᠎ᠠ ᠶᠢ ᠠᠬᠢᠭᠤᠯᠬᠤ ᠡᠪᠯᠡᠯ᠂ ᠤᠯᠠᠭᠠᠨᠴᠠᠪ · ᠡᠷᠢᠶᠡᠨ | ᠬᠤᠲᠠ ᠶᠢᠨ ᠤᠯᠤᠰ ᠤᠨ ᠪᠠᠷᠠᠭᠠᠨ ᠤ ᠭᠦᠢᠯᠭᠡᠭᠡᠨ ᠤ ᠵᠠᠩᠭᠢᠯᠠᠭ᠎ᠠ ᠶᠢᠨ ᠬᠦᠷᠢᠶᠡᠯᠡᠩ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ᠂ ᠴᠠᠬᠠᠷ ᠳᠡᠭᠡᠳᠦ ᠰᠢᠨ᠎ᠡ ᠮᠡᠷᠭᠡᠵᠢᠯ ᠤᠨ ᠨᠡᠭᠡᠭᠡᠯᠲᠡ ᠶᠢᠨ ᠲᠣᠭᠤᠷᠢᠭ ᠤᠨ | ᠬᠠᠮᠢᠶᠠᠷᠤᠯᠲᠠ ᠶᠢᠨ ᠵᠥᠪᠯᠡᠯ᠂ ᠵᠢᠨᠢᠩ ᠲᠣᠭᠤᠷᠢᠭ ᠤᠨ ᠵᠠᠰᠠᠭ ᠤᠨ ᠣᠷᠳᠣᠨ︶ | ᠬᠤᠶᠠᠷ᠂ ᠪᠠᠲᠤᠯᠠᠭ᠎ᠠ ᠶᠢᠨ ᠠᠷᠭ᠎ᠠ ᠬᠡᠮᠵᠢᠶ᠎ᠡ | ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠳ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠨᠢᠭᠡᠳᠦᠯᠲᠡᠢ | ᠲᠥᠯᠥᠪᠯᠡᠨ ᠵᠣᠯᠭᠠᠭᠤᠯᠬᠤ ᠶᠢ ᠴᠢᠩᠭᠠᠳᠬᠠᠵᠤ᠂ ᠢᠵᠢ ᠪᠦᠷᠢᠳᠦᠭᠦᠯᠬᠦ ᠠᠷᠭ᠎ᠠ ᠬᠡᠮᠵᠢᠶ᠎ᠡ ᠶᠢ ᠴᠠᠭ ᠲᠤᠬᠠᠢ ᠳᠤᠨᠢ | ᠰᠤᠳᠤᠯᠤᠨ ᠲᠣᠭᠲᠠᠭᠠᠵᠤ᠂ ᠲᠥᠷᠥ ᠶᠢᠨ ᠪᠣᠳᠣᠯᠭ᠎ᠠ ᠪᠠᠷ ᠬᠥᠲᠥᠯᠥᠨ ᠵᠢᠯᠤᠭᠤᠳᠬᠤ ᠪᠠ ᠬᠦᠴᠦᠨ ᠵᠦᠢᠯ ᠤᠨ | ᠪᠠᠲᠤᠯᠠᠭ᠎ᠠ ᠪᠠᠷ ᠳᠠᠮᠵᠢᠭᠤᠯᠤᠨ᠂ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠠᠵᠤ ᠦᠢᠯᠡᠰ ᠤᠨ ᠳᠠᠭᠠᠭᠠᠨ | ᠵᠣᠯᠭᠠᠭᠤᠯᠬᠤ ᠠᠵᠢᠯ ᠢ ᠪᠥᠬᠦ ᠵᠣᠬᠢᠶᠠᠨ ᠪᠠᠶᠢᠭᠤᠯᠬᠤ ᠴᠢᠳᠠᠪᠤᠷᠢ ᠪᠠᠨ ᠤᠯᠠᠮ ᠨᠢᠭᠡ ᠠᠯᠬᠤᠮ ᠴᠢᠩᠭᠠᠳᠬᠠᠵᠤ᠂ | ᠲᠤᠰᠬᠠᠢ ᠮᠡᠷᠭᠡᠵᠢᠯ ᠤᠨ ᠴᠢᠳᠠᠪᠤᠷᠢᠲᠠᠨ ᠤ ᠪᠠᠲᠤᠯᠠᠭ᠎ᠠ ᠶᠢᠨ ᠡᠷᠴᠢᠮ ᠢ ᠲᠠᠰᠤᠷᠠᠯᠲᠠ ᠦᠭᠡᠢ ᠪᠠᠲᠤᠳᠬᠠᠨ᠎ᠠ᠃ | ᠳᠠᠭᠠᠵᠤ ᠰᠢᠮᠳᠠᠭᠤᠯᠤᠨ ᠭᠦᠢᠴᠡᠳᠬᠡᠬᠦ ᠶᠢ ᠴᠢᠩᠭᠠᠳᠬᠠᠵᠤ᠂ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ | ᠪᠣᠳᠠᠲᠠᠢ ᠠᠵᠢᠯ ᠳᠤ ᠤᠯᠠᠷᠢᠯ ᠢᠶᠠᠷ ᠦᠨᠡᠯᠡᠯᠲᠡ ᠬᠢᠨ᠎ᠡ᠃ ᠠᠷᠠᠯᠵᠢᠶᠠᠴᠢᠨ ᠤᠷᠢᠵᠤ ᠪᠡᠯᠡ ᠣᠷᠣᠭᠤᠯᠬᠤ | ᠡᠷᠴᠢᠮ ᠢᠶᠠᠨ ᠴᠢᠩᠭᠠᠷᠠᠭᠤᠯᠵᠤ᠂ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠠᠵᠤ ᠦᠢᠯᠡᠰ ᠢ ᠵᠠᠯᠭᠠᠨ | ᠵᠣᠯᠭᠠᠭᠤᠯᠬᠤ ᠠᠵᠢᠯ ᠢ ᠨᠠᠶᠢᠳᠠᠪᠤᠷᠢᠵᠢᠭᠤᠯᠬᠤ ᠶᠢ ᠲᠦᠷᠭᠡᠳᠬᠡᠨ ᠠᠬᠢᠭᠤᠯᠵᠤ᠂ ᠵᠡᠭᠦᠨ ᠬᠡᠰᠡᠭ ᠤᠨ ᠭᠠᠵᠠᠷ | ᠣᠷᠣᠨ ᠤ ᠡᠳ᠋ᠰᠢᠭᠦᠯᠵᠦ ᠪᠣᠯᠪᠠᠰᠤᠷᠠᠭᠤᠯᠬᠤ ᠠᠷᠠᠯᠵᠢᠶ᠎ᠠ ᠶᠢᠨ ᠠᠵᠤ ᠦᠢᠯᠡᠰ ᠤᠨ ᠰᠢᠯᠵᠢᠵᠦ ᠭᠠᠷᠤᠭᠰᠠᠨ ᠭᠠᠵᠠᠷ | ᠯᠤᠭ᠎ᠠ ᠣᠷᠳᠣ ᠬᠤᠭᠤᠴᠠᠭ᠎ᠠ ᠪᠠᠷ ᠬᠤᠷᠰᠢᠨ ᠰᠣᠯᠢᠯᠴᠠᠬᠤ ᠲᠣᠭᠲᠠᠴᠠ ᠶᠢ ᠪᠠᠶᠢᠭᠤᠯᠤᠨ᠂ ᠡᠳ᠋ᠰᠢᠭᠦᠯᠵᠦ | ᠪᠣᠯᠪᠠᠰᠤᠷᠠᠭᠤᠯᠬᠤ ᠠᠷᠠᠯᠵᠢᠶ᠎ᠠ ᠶᠢᠨ ᠠᠵᠤ ᠦᠢᠯᠡᠰ ᠤᠨ ᠬᠥᠭᠵᠢᠯᠲᠡ ᠶᠢᠨ ᠲᠤᠷᠰᠢᠯᠭ᠎ᠠ ᠶᠢ ᠰᠢᠩᠭᠡᠬᠡᠨ ᠠᠪᠴᠤ᠂ | ᠠᠵᠤ ᠦᠢᠯᠡᠰ ᠤᠨ ᠱᠠᠲᠤᠴᠢᠯᠠᠨ ᠰᠢᠯᠵᠢᠵᠦ ᠬᠠᠮᠲᠤᠷᠠᠯᠴᠠᠬᠤ ᠳᠤᠮᠳᠠ ᠡᠳ᠋ᠰᠢᠭᠦᠯᠵᠦ ᠪᠣᠯᠪᠠᠰᠤᠷᠠᠭᠤᠯᠬᠤ | ᠠᠷᠠᠯᠵᠢᠶ᠎ᠠ ᠶᠢᠨ ᠱᠠᠲᠤᠴᠢᠯᠠᠨ ᠰᠢᠯᠵᠢᠬᠦ ᠭᠤᠣᠯᠳᠠᠯᠭ᠎ᠠ ᠲᠠᠢ ᠵᠠᠯᠭᠠᠨ ᠵᠣᠯᠭᠠᠭᠤᠯᠬᠤ ᠭᠠᠵᠠᠷ ᠤᠨ ᠪᠦᠲᠦᠭᠡᠨ | ᠪᠠᠶᠢᠭᠤᠯᠤᠯᠲᠠ ᠪᠠ ᠬᠥᠭᠵᠢᠯᠲᠡ ᠶᠢ ᠠᠬᠢᠭᠤᠯᠤᠨ᠎ᠠ᠃ | | | | |