| | 2024 ᠣᠨ ᠤ 1 ︱ 3 ᠰᠠᠷ᠎ᠠ ᠳᠤ᠂ ᠳᠥᠷᠪᠡᠳ ᠬᠤᠰᠢᠭᠤᠨ ᠤ ᠡᠩ ᠤᠨ ᠣᠯᠠᠨ ᠨᠡᠶᠢᠲᠡ ᠶᠢᠨ | ᠲᠥᠰᠥᠪ ᠤᠨ ᠣᠷᠣᠯᠭ᠎ᠠ ᠶᠢ ᠨᠡᠶᠢᠲᠡ 12975 ᠲᠦᠮᠡᠨ ᠲᠥᠭᠦᠷᠢᠭ ᠪᠡᠶᠡᠯᠡᠭᠦᠯᠵᠦ᠂ ᠣᠨ ᠤ ᠲᠥᠰᠥᠪ ᠤᠨ | ᠡᠭᠦᠷᠭᠡ ᠶᠢᠨ 35072 ᠲᠦᠮᠡᠨ ᠲᠥᠭᠦᠷᠢᠭ ᠤᠨ 37% ᠶᠢ ᠪᠡᠶᠡᠯᠡᠭᠦᠯᠵᠦ᠂ ᠳᠡᠭᠡᠷ᠎ᠡ ᠵᠢᠯ ᠤᠨ ᠠᠳᠠᠯᠢ | ᠬᠤᠭᠤᠴᠠᠭᠠᠨ ᠤ 10330 ᠲᠦᠮᠡᠨ ᠲᠥᠭᠦᠷᠢᠭ ᠠᠴᠠ 2645 ᠲᠦᠮᠡᠨ ᠲᠥᠭᠦᠷᠢᠭ ᠤᠨ ᠣᠷᠣᠯᠭ᠎ᠠ ᠨᠡᠮᠡᠭᠳᠡᠵᠦ᠂ | ᠨᠡᠮᠡᠭᠳᠡᠯ ᠤᠨ ᠬᠡᠮᠵᠢᠶ᠎ᠡ ᠨᠢ 25.61% ᠳᠤ ᠬᠦᠷᠴᠡᠢ᠃ ᠡᠭᠦᠨ ᠳᠤ᠄ ᠭᠠᠶᠢᠯᠢ ᠶᠢᠨ ᠣᠷᠣᠯᠭ᠎ᠠ ᠶᠢ ᠨᠡᠶᠢᠲᠡ | 2519 ᠲᠦᠮᠡᠨ ᠲᠥᠭᠦᠷᠢᠭ ᠪᠡᠶᠡᠯᠡᠭᠦᠯᠵᠦ᠂ ᠣᠨ ᠤ ᠲᠥᠰᠥᠪ ᠤᠨ ᠡᠭᠦᠷᠭᠡ ᠶᠢᠨ 24552 ᠲᠦᠮᠡᠨ | ᠲᠥᠭᠦᠷᠢᠭ ᠤᠨ 10.26% ᠶᠢ ᠪᠡᠶᠡᠯᠡᠭᠦᠯᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ 6114 ᠲᠦᠮᠡᠨ | ᠲᠥᠭᠦᠷᠢᠭ ᠠᠴᠠ 3595 ᠲᠦᠮᠡᠨ ᠲᠥᠭᠦᠷᠢᠭ ᠳᠤᠲᠠᠭᠤ ᠬᠤᠷᠢᠶᠠᠵᠤ᠂ 58.8% ᠪᠠᠷ ᠬᠠᠰᠤᠭᠳᠠᠪᠠ︔ | ᠭᠠᠶᠢᠯᠢ ᠶᠢᠨ ᠪᠤᠰᠤ ᠣᠷᠣᠯᠭ᠎ᠠ ᠶᠢ ᠨᠡᠶᠢᠲᠡ 10456 ᠲᠦᠮᠡᠨ ᠲᠥᠭᠦᠷᠢᠭ ᠪᠡᠶᠡᠯᠡᠭᠦᠯᠵᠦ᠂ ᠵᠢᠯ ᠤᠨ ᠲᠥᠰᠥᠪ ᠤᠨ | ᠡᠭᠦᠷᠭᠡ ᠶᠢᠨ 10520 ᠲᠦᠮᠡᠨ ᠲᠥᠭᠦᠷᠢᠭ ᠤᠨ 99.39% ᠶᠢ ᠪᠡᠶᠡᠯᠡᠭᠦᠯᠵᠦ᠂ ᠳᠡᠭᠡᠷ᠎ᠡ ᠵᠢᠯ ᠤᠨ ᠠᠳᠠᠯᠢ | ᠬᠤᠭᠤᠴᠠᠭᠠᠨ ᠤ 4216 ᠲᠦᠮᠡᠨ ᠲᠥᠭᠦᠷᠢᠭ ᠠᠴᠠ 6240 ᠲᠦᠮᠡᠨ ᠲᠥᠭᠦᠷᠢᠭ ᠤᠨ ᠣᠷᠣᠯᠭ᠎ᠠ ᠨᠡᠮᠡᠭᠳᠡᠵᠦ᠂ | ᠨᠡᠮᠡᠭᠳᠡᠯ ᠤᠨ ᠬᠡᠮᠵᠢᠶ᠎ᠡ ᠨᠢ 148.01% ᠳᠤ ᠬᠦᠷᠴᠡᠢ᠃ | ᠪᠥᠬᠦ ᠬᠤᠰᠢᠭᠤᠨ ᠤ ᠡᠩ ᠤᠨ ᠣᠯᠠᠨ ᠨᠡᠶᠢᠲᠡ ᠶᠢᠨ ᠲᠥᠰᠥᠪ ᠤᠨ ᠵᠠᠷᠤᠯᠭ᠎ᠠ ᠶᠢ ᠨᠡᠶᠢᠲᠡ 70090 ᠲᠦᠮᠡᠨ | ᠲᠥᠭᠦᠷᠢᠭ ᠪᠡᠶᠡᠯᠡᠭᠦᠯᠵᠦ᠂ ᠵᠢᠯ ᠤᠨ ᠡᠬᠢᠨ ᠤ ᠲᠥᠰᠥᠪ ᠤᠨ ᠡᠭᠦᠷᠭᠡ ᠶᠢᠨ 299756 ᠲᠦᠮᠡᠨ ᠲᠥᠭᠦᠷᠢᠭ ᠤᠨ | 23.38% ᠶᠢ ᠪᠡᠶᠡᠯᠡᠭᠦᠯᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ 65630 ᠲᠦᠮᠡᠨ ᠲᠥᠭᠦᠷᠢᠭ ᠠᠴᠠ | 4460 ᠲᠦᠮᠡᠨ ᠲᠥᠭᠦᠷᠢᠭ ᠨᠡᠮᠡᠭᠳᠡᠨ᠂ 6.8% ᠪᠠᠷ ᠨᠡᠮᠡᠭᠳᠡᠪᠡ᠃ | ᠪᠥᠬᠦ ᠬᠤᠰᠢᠭᠤᠨ ᠤ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦᠨ ᠤ ᠲᠥᠰᠥᠪ ᠤᠨ ᠣᠷᠣᠯᠭ᠎ᠠ | ᠨᠡᠶᠢᠲᠡ 223 ᠲᠦᠮᠡᠨ ᠲᠥᠭᠦᠷᠢᠭ ᠲᠤ ᠬᠦᠷᠴᠦ᠂ ᠵᠢᠯ ᠤᠨ ᠡᠬᠢᠨ ᠤ ᠲᠥᠰᠥᠪ ᠤᠨ ᠡᠭᠦᠷᠭᠡ ᠶᠢᠨ 17031 | ᠲᠦᠮᠡᠨ ᠲᠥᠭᠦᠷᠢᠭ ᠤᠨ 1.31% ᠶᠢ ᠪᠡᠶᠡᠯᠡᠭᠦᠯᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ 42 ᠲᠦᠮᠡᠨ | ᠲᠥᠭᠦᠷᠢᠭ ᠠᠴᠠ 181 ᠲᠦᠮᠡᠨ ᠲᠥᠭᠦᠷᠢᠭ ᠤᠨ ᠣᠷᠣᠯᠭ᠎ᠠ ᠨᠡᠮᠡᠭᠳᠡᠵᠦ᠂ 431% ᠪᠠᠷ ᠨᠡᠮᠡᠭᠳᠡᠪᠡ᠃ | ᠪᠥᠬᠦ ᠬᠤᠰᠢᠭᠤᠨ ᠤ ᠵᠠᠰᠠᠭ ᠤᠨ ᠣᠷᠳᠣᠨ ᠤ ᠴᠢᠨᠠᠷᠲᠠᠢ ᠰᠠᠭᠤᠷᠢ ᠮᠥᠩᠭᠦ ᠶᠢᠨ ᠲᠥᠰᠥᠪ ᠤᠨ ᠵᠠᠷᠤᠯᠭ᠎ᠠ ︵ | ᠨᠡᠶᠢᠭᠡᠮ ᠤᠨ ᠪᠠᠲᠤᠯᠠᠭ᠎ᠠ ᠶᠢᠨ ᠰᠠᠭᠤᠷᠢ ᠮᠥᠩᠭᠦ ᠶᠢ ᠪᠠᠭᠲᠠᠭᠠᠬᠤ ᠦᠭᠡᠢ︶ ᠶᠢ 631 ᠲᠦᠮᠡᠨ ᠲᠥᠭᠦᠷᠢᠭ ᠢ | ᠪᠡᠶᠡᠯᠡᠭᠦᠯᠵᠦ᠂ ᠵᠢᠯ ᠤᠨ ᠡᠬᠢᠨ ᠤ ᠲᠥᠰᠥᠪ ᠤᠨ ᠡᠭᠦᠷᠭᠡ ᠶᠢᠨ 22353 ᠲᠦᠮᠡᠨ ᠲᠥᠭᠦᠷᠢᠭ ᠤᠨ 2.82% ᠶᠢ | ᠪᠡᠶᠡᠯᠡᠭᠦᠯᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ 7902 ᠲᠦᠮᠡᠨ ᠲᠥᠭᠦᠷᠢᠭ ᠠᠴᠠ 7271 ᠲᠦᠮᠡᠨ | ᠲᠥᠭᠦᠷᠢᠭ ᠪᠠᠭᠠᠰᠴᠤ᠂ 92.01% ᠪᠠᠷ ᠪᠠᠭᠤᠷᠠᠵᠠᠢ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |