ᠴᠢ ᠹᠧᠢ ᠶᠦᠨ ᠬᠤᠲᠠ ᠶᠢᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠤᠴᠢᠷ ᠶᠠᠪᠤᠳᠠᠯ ᠢ ᠰᠤᠳᠤᠯᠤᠨ ᠪᠠᠶᠢᠷᠢᠯᠠᠭᠤᠯᠪᠠ
ᠨᠡᠶᠢᠲᠡᠯᠡᠭᠰᠡᠨ ᠴᠠᠭ᠄
2024/4/25
    4 ᠰᠠᠷ᠎ᠠ ᠶᠢᠨ 22 ᠤᠨ ᠡᠳᠦᠷ ᠠᠴᠠ 23 ᠤ ᠡᠳᠦᠷ ᠪᠣᠯᠲᠠᠯ᠎ᠠ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠬᠤᠲᠠ ᠶᠢᠨ ᠳᠠᠷᠤᠭ᠎ᠠ ᠶᠢᠨ ᠠᠯᠪᠠᠨ ᠠᠵᠢᠯ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤ᠂ ᠵᠦᠸᠧᠽᠢ ᠰᠢᠶᠠᠨ ᠤ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃     ᠴᠢ ᠹᠧᠢ ᠶᠦᠨ᠂ ᠰᠣᠶᠣᠯ ᠵᠢᠭᠤᠯᠴᠢᠯᠠᠯ ᠤᠨ ᠠᠵᠤ ᠦᠢᠯᠡᠰ ᠪᠣᠯ ᠥᠭᠡᠳᠡᠯᠡᠬᠦ ᠠᠵᠤ ᠦᠢᠯᠡᠰ᠂ ᠠᠷᠠᠳ ᠢ ᠪᠠᠶᠠᠵᠢᠭᠤᠯᠬᠤ ᠠᠵᠤ ᠦᠢᠯᠡᠰ ᠪᠣᠯᠣᠨ᠎ᠠ᠃ ᠡᠯ᠎ᠡ ᠭᠠᠵᠠᠷ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠰᠣᠶᠣᠯ ᠤᠨ ᠵᠢᠭᠤᠯᠴᠢᠯᠠᠯ ᠤᠨ ᠬᠡᠷᠡᠭᠯᠡᠭᠡᠨ ᠤ ᠰᠢᠨ᠎ᠡ ᠠᠷᠭ᠎ᠠ ᠮᠠᠶ᠋ᠢᠭ ᠲᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠵᠢᠭᠤᠯᠴᠢᠯᠠᠯ ᠤᠨ ᠦᠵᠡᠮᠵᠢ ᠶᠢᠨ ᠣᠷᠣᠨ ᠤ ᠬᠠᠮᠢᠶᠠᠷᠤᠯᠲᠠ ᠶᠢᠨ ᠬᠢᠷᠢ ᠬᠡᠮᠵᠢᠶ᠎ᠡ ᠪᠠ ᠦᠢᠯᠡᠴᠢᠯᠡᠭᠡᠨ ᠤ ᠶᠠᠰᠤ ᠴᠢᠨᠠᠷ ᠢ ᠦᠨᠡᠨᠬᠦ ᠳᠡᠭᠡᠭᠰᠢᠯᠡᠭᠦᠯᠵᠦ᠂ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠲᠠᠰ ᠳᠡᠪᠰᠢᠬᠦ ᠶᠢ ᠠᠬᠢᠭᠤᠯᠬᠤ ᠬᠡᠷᠡᠭᠲᠡᠢ᠃ ᠦᠵᠡᠮᠵᠢ ᠶᠢᠨ ᠣᠷᠣᠨ ᠤ ᠰᠣᠶᠣᠯ ᠤᠨ ᠠᠭᠤᠯᠤᠭᠳᠠᠬᠤᠨ ᠢ ᠭᠦᠨᠵᠡᠭᠡᠢ ᠠᠭᠤᠳᠠᠯᠵᠤ᠂ ᠲᠡᠦᠬᠡ ᠰᠣᠶᠣᠯ ᠤᠨ ᠦᠯᠢᠭᠡᠷ ᠢ ᠰᠠᠶᠢᠲᠤᠷ ᠶᠠᠷᠢᠵᠤ᠂ ᠰᠣᠶᠣᠯ ᠪᠠ ᠵᠢᠭᠤᠯᠴᠢᠯᠠᠯ ᠤᠨ ᠦᠢᠯᠡᠰ ᠤᠨ ᠭᠦᠨᠵᠡᠭᠡᠢ ᠠᠭᠤᠰᠤᠯᠴᠠᠯ ᠢ ᠠᠬᠢᠭᠤᠯᠬᠤ ᠬᠡᠷᠡᠭᠲᠡᠢ᠃ ᠬᠤᠯᠪᠤᠭᠠᠯᠠᠨ ᠬᠥᠭᠵᠢᠬᠦ ᠶᠢ ᠴᠢᠬᠤᠯᠠᠴᠢᠯᠠᠵᠤ᠂ ᠵᠦᠷᠢᠶᠡᠴᠢᠯᠡᠭᠰᠡᠨ ᠡᠵᠡᠩᠨᠡᠯᠲᠡ ᠶᠢ ᠲᠣᠪᠤᠶᠢᠯᠭᠠᠨ᠂ ᠰᠣᠳᠣᠨ ᠵᠢᠭᠤᠯᠴᠢᠯᠠᠯ ᠤᠨ ᠵᠠᠮ ᠱᠤᠭᠤᠮ ᠢ ᠪᠣᠶ ᠪᠣᠯᠭᠠᠵᠤ᠂ ᠵᠢᠭᠤᠯᠴᠢᠯᠠᠯ ᠤᠨ ᠦᠵᠡᠮᠵᠢ ᠶᠢᠨ ᠣᠷᠣᠨ ᠢ ᠬᠡᠯᠬᠢᠶ᠎ᠡ ᠱᠤᠭᠤᠮ ᠪᠣᠯᠭᠠᠬᠤ ᠶᠢ ᠲᠦᠯᠬᠢᠨ ᠠᠬᠢᠭᠤᠯᠬᠤ ᠬᠡᠷᠡᠭᠲᠡᠢ᠃ ᠠᠷᠠᠳ ᠤᠨ ᠣᠷᠣᠨ ᠰᠠᠭᠤᠴᠠ ᠶᠢᠨ ᠠᠵᠤ ᠦᠢᠯᠡᠰ ᠢ ᠶᠡᠬᠡᠪᠡᠷ ᠬᠥᠭᠵᠢᠭᠦᠯᠵᠦ᠂ ᠡᠵᠡᠩᠨᠡᠯᠲᠡ ᠬᠠᠮᠢᠶᠠᠷᠤᠯᠲᠠ ᠶᠢ ᠵᠢᠷᠤᠮᠵᠢᠭᠤᠯᠤᠨ᠂ ᠵᠡᠷᠭᠡ ᠳᠡᠰ ᠢ ᠦᠨᠡᠯᠡᠨ ᠲᠣᠭᠲᠠᠭᠠᠬᠤ ᠶᠢ ᠰᠠᠨᠠᠭᠠᠴᠢᠯᠠᠭ᠎ᠠ ᠠᠴᠠ ᠪᠠᠨ ᠥᠷᠨᠢᠭᠦᠯᠵᠦ᠂ ᠵᠦᠢ ᠵᠣᠬᠢᠰᠲᠠᠢ ᠡᠮᠬᠢ ᠵᠢᠷᠤᠮ ᠲᠠᠢ ᠠᠷᠠᠳ ᠤᠨ ᠣᠷᠣᠨ ᠰᠠᠭᠤᠴᠠ ᠶᠢᠨ ᠨᠠᠷᠠᠲᠤ ᠲᠥᠷᠥᠯ ᠲᠡᠮᠳᠡᠭᠲᠦ ᠶᠢᠨ ᠪᠦᠲᠦᠴᠡ ᠶᠢ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃     ᠴᠢ ᠹᠧᠢ ᠶᠦᠨ᠂ ︽5.1︾ ᠤ ᠠᠮᠠᠷᠠᠯᠲᠠ ᠶᠢᠨ ᠬᠤᠭᠤᠴᠠᠭ᠎ᠠ ᠤᠳᠠᠯ ᠦᠭᠡᠢ ᠬᠦᠷᠴᠦ ᠢᠷᠡᠬᠦ ᠨᠢ ᠪᠥᠬᠦ ᠬᠤᠲᠠ ᠶᠢᠨ ᠵᠢᠭᠤᠯᠴᠢᠯᠠᠯ ᠤᠨ ᠭᠥᠯᠢᠶᠡᠨ ᠠᠪᠬᠤ ᠠᠵᠢᠯ ᠳᠤ ᠠᠪᠴᠤ ᠬᠡᠯᠡᠪᠡᠯ ᠨᠢᠭᠡ ᠤᠳᠠᠭᠠᠨ ᠤ ᠰᠢᠯᠭᠠᠯᠲᠠ ᠪᠣᠯᠣᠨ᠎ᠠ᠃ ᠵᠢᠭᠤᠯᠴᠢᠯᠠᠯ ᠤᠨ ᠦᠢᠯᠡᠰ ᠤᠨ ᠬᠡᠪ ᠪᠠᠶᠢᠳᠠᠯ ᠢ ᠪᠦᠬᠦ ᠲᠠᠯ᠎ᠠ ᠪᠠᠷ ᠳᠡᠭᠡᠭᠰᠢᠯᠡᠭᠦᠯᠵᠦ᠂ ᠢᠵᠢ ᠪᠦᠷᠢᠳᠦᠭᠰᠡᠨ ᠲᠥᠬᠦᠭᠡᠷᠦᠮᠵᠢ ᠶᠢ ᠦᠷᠭᠦᠯᠵᠢᠯᠡᠨ ᠲᠡᠭᠦᠯᠳᠡᠷᠵᠢᠭᠦᠯᠵᠦ᠂ ᠵᠤᠭᠠᠴᠠᠭᠰᠠᠳ ᠲᠤ ᠠᠷᠢᠭᠤᠨ ᠴᠡᠪᠡᠷ᠂ ᠭᠤᠶᠢᠳᠠ ᠰᠠᠶᠢᠬᠠᠨ ᠵᠤᠭᠠᠴᠠᠯ ᠤᠨ ᠣᠷᠴᠢᠨ ᠲᠣᠭᠤᠷᠢᠨ ᠢ ᠬᠠᠩᠭᠠᠬᠤ ᠪᠠᠷ ᠴᠢᠷᠮᠠᠶᠢᠬᠤ ᠬᠡᠷᠡᠭᠲᠡᠢ᠃ ᠣᠶᠤᠨᠴᠢᠯᠠᠭᠰᠠᠨ ᠬᠠᠮᠢᠶᠠᠷᠤᠯᠲᠠ ᠶᠢᠨ ᠲᠠᠪᠴᠠᠩ ᠤᠨ ᠪᠠᠶᠢᠭᠤᠯᠤᠯᠲᠠ ᠶᠢ ᠴᠢᠩᠭᠠᠳᠬᠠᠵᠤ᠂ ᠰᠦᠯᠵᠢᠶᠡᠨ ᠳᠡᠭᠡᠷ᠎ᠡ ᠪᠣᠯᠵᠣᠬᠤ᠂ ᠣᠷᠭᠢᠯ ᠵᠥᠷᠢᠭᠦᠯᠦᠨ ᠵᠤᠭᠠᠴᠠᠬᠤ ᠵᠡᠷᠭᠡ ᠴᠢᠳᠠᠮᠵᠢ ᠶᠢ ᠲᠡᠭᠦᠯᠳᠡᠷᠵᠢᠭᠦᠯᠵᠦ᠂ ᠬᠥᠮᠥᠨ ᠲᠡᠷᠭᠡ ᠴᠤᠪᠤᠷᠠᠬᠤ ᠡᠮᠬᠢ ᠳᠢᠭᠯᠢᠮ ᠤᠨ ᠲᠣᠭᠲᠠᠭᠤᠨ ᠪᠥᠭᠡᠳ ᠡᠮᠬᠢ ᠳᠢᠭᠯᠢᠮ ᠲᠠᠢ ᠪᠠᠶᠢᠬᠤ ᠶᠢ ᠪᠠᠲᠤᠯᠠᠬᠤ ᠬᠡᠷᠡᠭᠲᠡᠢ᠃ ᠠᠵᠢᠯ ᠲᠦᠷᠦᠯ ᠤᠨ ᠠᠶᠤᠯᠭᠦᠢ ᠦᠢᠯᠡᠳᠪᠦᠷᠢᠯᠡᠯ ᠢ ᠬᠡᠷᠡᠭᠵᠢᠭᠦᠯᠬᠦ ᠶᠢ ᠠᠳᠬᠤᠵᠤ᠂ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠦᠷᠭᠦᠯᠵᠢᠯᠡᠨ ᠵᠢᠷᠤᠮᠵᠢᠭᠤᠯᠵᠤ᠂ ᠵᠤᠭᠠᠴᠠᠯ ᠳᠤ ᠬᠤᠯᠪᠣᠭᠳᠠᠭᠰᠠᠨ ᠵᠠᠭᠠᠯᠳᠤᠯᠭ᠎ᠠ ᠡᠶᠡᠳᠡᠭᠦᠯᠭᠡ ᠶᠢ ᠴᠢᠩᠭᠠᠳᠬᠠᠵᠤ᠂ ᠦᠢᠯᠡᠴᠢᠯᠡᠭᠡᠨ ᠤ ᠪᠠᠲᠤᠯᠠᠭ᠎ᠠ ᠶᠢᠨ ᠳᠤᠯᠠᠭᠠᠴᠠ ᠲᠠᠢ᠂ ᠰᠣᠶᠣᠯ ᠵᠢᠭᠤᠯᠴᠢᠯᠠᠯ ᠤᠨ ᠣᠶᠢᠯᠠᠭᠠᠯᠲᠠ ᠶᠢᠨ ᠭᠦᠨᠴᠡ ᠲᠠᠢ ᠵᠢᠭᠤᠯᠴᠢᠯᠠᠯ ᠤᠨ ᠣᠷᠴᠢᠨ ᠲᠣᠭᠤᠷᠢᠨ ᠢ ᠢᠳᠡᠪᠬᠢᠲᠡᠢ ᠪᠤᠢ ᠪᠣᠯᠭᠠᠬᠤ ᠬᠡᠷᠡᠭᠲᠡᠢ᠃ ᠣᠳᠣᠳ ᠢᠶᠠᠷ ᠲᠠᠨᠢᠯᠴᠠᠭᠤᠯᠬᠤ ᠵᠡᠷᠭᠡ ᠤᠯᠠᠨ ᠵᠦᠢᠯ ᠤᠨ ᠠᠷᠭ᠎ᠠ ᠬᠡᠯᠪᠡᠷᠢ ᠪᠠᠷ ᠳᠠᠮᠵᠢᠭᠤᠯᠤᠨ ᠤᠬᠠᠭᠤᠯᠭ᠎ᠠ ᠶᠢᠨ ᠡᠷᠴᠢᠮ ᠢᠶᠠᠨ ᠴᠢᠩᠭᠠᠷᠠᠭᠤᠯᠵᠤ᠂ ᠡᠯᠪᠡᠭ ᠪᠠᠶᠠᠯᠢᠭ ᠤᠯᠠᠨ ᠶᠠᠩᠵᠤ ᠶᠢᠨ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠤᠬᠠᠭᠠᠯᠠᠨ ᠲᠥᠰᠥᠪᠯᠡᠵᠦ᠂ ᠨᠡᠩ ᠤᠯᠠᠨ ᠠᠩᠬᠠᠷᠤᠯ ᠢ ᠲᠠᠲᠠᠬᠤ ᠴᠡᠭ᠂ ᠬᠡᠷᠡᠭᠯᠡᠭᠡᠨ ᠤ ᠴᠡᠭ ᠢ ᠪᠤᠢ ᠪᠣᠯᠭᠠᠵᠤ᠂ ᠤᠯᠠᠭᠠᠨᠴᠠᠪ ᠤᠨ ᠵᠢᠭᠤᠯᠴᠢᠯᠠᠯ ᠤᠨ ᠢᠷᠠᠭᠤ ᠠᠯᠳᠠᠷ ᠤᠨ ᠬᠡᠮᠵᠢᠶ᠎ᠡ ᠪᠠ ᠠᠯᠳᠠᠷᠰᠢᠯ ᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ ᠭᠡᠵᠦ ᠴᠢᠬᠤᠯᠠᠴᠢᠯᠠᠪᠠ᠃      ᠹᠠᠩ ᠽᠧ ᠬᠤᠷᠠᠯ ᠳᠤ ᠣᠷᠣᠯᠴᠠᠪᠠ᠃                                                     ᠣᠷᠴᠢᠭᠤᠯᠤᠭᠴᠢ᠄ ᠭᠤᠸ᠎ᠠ                                                     ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2