ᠱᠠᠩᠳᠤ ᠰᠢᠶᠠᠨ ᠤ 2024 ᠣᠨ ᠤ ᠨᠢᠭᠡᠳᠦᠭᠡᠷ ᠤᠯᠠᠷᠢᠯ ᠤᠨ ᠬᠦᠢᠳᠡᠨᠰᠢᠯᠢ ᠪᠣᠬᠢᠷᠲᠤᠯ ᠦᠭᠡᠢ ᠠᠵᠤ ᠠᠬᠤᠢ ᠶᠢᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ
ᠨᠡᠶᠢᠲᠡᠯᠡᠭᠰᠡᠨ ᠴᠠᠭ᠄
2024/4/25
    ᠱᠠᠩᠳᠤ ᠰᠢᠶᠠᠨ ᠤ ᠨᠢᠭᠡᠳᠦᠭᠡᠷ ᠤᠯᠠᠷᠢᠯ ᠤᠨ ᠬᠦᠢᠳᠡᠨᠰᠢᠯᠢ ᠪᠣᠬᠢᠷᠲᠤᠯ ᠦᠭᠡᠢ ᠠᠵᠤ ᠠᠬᠤᠢ ᠶᠢᠨ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠠᠵᠤ ᠦᠢᠯᠡᠳᠪᠦᠷᠢ ᠶᠢᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ     ᠨᠢᠭᠡ ᠳᠤ᠂ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠠᠵᠤ ᠠᠬᠤᠢ ᠶᠢᠨ ᠠᠵᠢᠯᠯᠠᠭᠠᠨ ᠤ ᠪᠠᠶᠢᠳᠠᠯ᠃ ᠨᠡᠭᠡᠭᠡᠨ ᠬᠥᠭᠵᠢᠭᠦᠯᠦᠯᠲᠡ ᠶᠢᠨ ᠲᠤᠭᠤᠷᠢᠭ ᠤᠨ ᠬᠦᠷᠢᠶᠡᠯᠡᠩ ᠳᠤ ᠣᠷᠣᠭᠰᠠᠨ ᠠᠵᠤ ᠠᠬᠤᠶᠢᠯᠠᠯ 128᠂ ᠬᠡᠪᠴᠢᠶᠡᠵᠢᠯ ᠠᠴᠠ ᠳᠡᠭᠡᠭᠰᠢᠬᠢ ᠠᠵᠤ ᠠᠬᠤᠶᠢᠯᠠᠯ 43 ᠪᠠᠶᠢᠵᠤ᠂ ᠵᠢᠱᠢᠯᠲᠡ ᠪᠠᠷ ᠨᠢᠭᠡᠳᠦᠭᠡᠷ ᠤᠯᠠᠷᠢᠯ ᠳᠤ ᠬᠡᠪᠴᠢᠶᠡᠵᠢᠯ ᠠᠴᠠ ᠳᠡᠭᠡᠭᠰᠢᠬᠢ ᠠᠵᠤ ᠦᠢᠯᠡᠳᠪᠦᠷᠢ ᠶᠢᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 13% ᠪᠠᠷ ᠨᠡᠮᠡᠭᠳᠡᠬᠦ ᠪᠣᠯᠣᠨ᠎ᠠ︔ ᠬᠦᠷᠢᠶᠡᠯᠡᠩ ᠳᠤ ᠤᠷᠤᠭᠤᠯᠬᠤ ᠲᠥᠷᠥᠯ ᠵᠦᠢᠯ ᠤᠨ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠶᠢᠨ ᠨᠡᠮᠡᠭᠳᠡᠯ ᠤᠨ ᠬᠤᠷᠳᠤᠴᠠ ᠨᠢ ᠨᠢᠳᠤᠨᠤᠨ ᠤ ᠠᠳᠠᠯᠢ ᠬᠤᠭᠤᠴᠠᠭᠠᠨ ᠤ ᠬᠢ ᠠᠴᠠ 35% ᠠᠴᠠ ᠳᠡᠭᠡᠭᠰᠢ ᠪᠠᠶᠢᠵᠤ᠂ ᠭᠤᠣᠯᠳᠠᠭᠤ ᠰᠢᠶᠠᠩ ᠹᠦ᠋᠂ ᠶᠧ ᠵᠣᠣ᠂ ᠹᠦ᠋ ᠵᠢᠩ ᠲᠠᠩ ᠵᠡᠷᠭᠡ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠤᠷᠳᠤᠴᠠ ᠨᠡᠯᠢᠶᠡᠳ ᠲᠦᠷᠭᠡᠨ ᠪᠠᠶᠢᠵᠤ᠂ ᠪᠡᠶᠡᠯᠡᠭᠦᠯᠦᠭᠰᠡᠨ ᠪᠡᠯᠡ ᠣᠷᠣᠭᠤᠯᠤᠯᠲᠠ ᠶᠢᠨ ᠲᠤᠭ᠎ᠠ ᠨᠢ ᠨᠡᠯᠢᠶᠡᠳ ᠤᠯᠠᠨ ᠪᠤᠯᠤᠨ᠎ᠠ᠃ ᠠᠵᠤ ᠠᠬᠤᠢ ᠶᠢᠨ ᠠᠵᠢᠯᠯᠠᠭᠠᠨ ᠳᠤ ᠶᠡᠷᠦᠩᠬᠡᠢ ᠳᠡᠭᠡᠨ ᠲᠣᠭᠲᠠᠭᠤᠨ ᠢᠶᠠᠷ ᠳᠡᠭᠡᠭᠰᠢᠯᠡᠬᠦ᠂ ᠲᠤᠭ᠎ᠠ ᠬᠡᠮᠵᠢᠶ᠎ᠡ ᠶᠠᠰᠤ ᠴᠢᠨᠠᠷ ᠵᠡᠷᠭᠡᠪᠡᠷ ᠳᠡᠭᠡᠭᠰᠢᠯᠡᠬᠦ ᠨᠡᠯᠢᠶᠡᠳ ᠰᠠᠶᠢᠨ ᠪᠠᠶᠢᠳᠠᠯ ᠢᠯᠡᠷᠡᠵᠡᠢ᠃     ᠬᠤᠶᠠᠷ ᠲᠤ᠂ ᠴᠢᠬᠤᠯᠠ ᠶᠡᠭᠡ ᠲᠦᠷᠦᠯ ᠵᠦᠢᠯ ᠤᠨ ᠠᠵᠢᠯ ᠢᠶᠠᠨ ᠡᠬᠢᠯᠡᠭᠦᠯᠦᠭᠰᠡᠨ ᠪᠠ ᠰᠡᠷᠭᠦᠭᠡᠭᠰᠡᠨ ᠪᠠᠶᠢᠳᠠᠯ᠃ 2024 ᠣᠨ ᠳᠤ ᠬᠦᠷᠢᠶᠡᠯᠡᠩ ᠳᠤ ᠣᠷᠣᠭᠤᠯᠬᠤ ᠴᠢᠬᠤᠯᠠ ᠶᠡᠭᠡ ᠲᠥᠷᠥᠯ ᠵᠦᠢᠯ ᠢ 12 ᠬᠡᠷᠡᠭᠵᠢᠭᠦᠯᠵᠦ᠂ ᠲᠥᠯᠥᠪᠯᠡᠭᠡ ᠪᠠᠷ ᠨᠡᠶᠢᠲᠡ 165.7 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠵᠤ᠂ ᠵᠢᠯ ᠤᠨ ᠲᠥᠯᠥᠪᠯᠡᠭᠡ ᠪᠠᠷ 32.7 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠤᠨ᠎ᠠ᠂ ᠡᠭᠦᠨ ᠳᠤ ᠰᠢᠨ᠎ᠡ ᠪᠠᠷ ᠪᠠᠶᠢᠭᠤᠯᠬᠤ ᠲᠥᠷᠥᠯ ᠵᠦᠢᠯ 8᠂ ᠦᠷᠭᠦᠯᠵᠢᠯᠡᠨ ᠪᠠᠶᠢᠭᠤᠯᠬᠤ ᠲᠥᠷᠥᠯ ᠵᠦᠢᠯ 4 ᠪᠠᠶᠢᠵᠤ᠂ ᠥᠪᠥᠷ ᠮᠣᠩᠭᠤᠯ ᠤᠨ ᠴᠢᠨ ᠶᠤᠸᠠᠨ ᠤ ᠲᠡᠮᠦᠷ ᠤᠨ ᠬᠠᠶᠢᠯᠤᠰᠢ ᠵᠢᠴᠢ ᠦᠯᠡᠳᠡᠪᠦᠷᠢ ᠬᠡᠢ ᠪᠠᠷ ᠴᠠᠬᠢᠯᠭᠠᠨ ᠭᠠᠷᠭᠠᠬᠤ ᠲᠥᠷᠥᠯ ᠵᠦᠢᠯ ᠨᠢ ᠡᠮᠦᠨᠡᠬᠢ ᠬᠤᠭᠤᠴᠠᠭᠠᠨ ᠤ ᠭᠠᠷᠳᠠᠮ ᠢ ᠭᠦᠢᠴᠡᠳᠬᠡᠬᠦ ᠶᠠᠪᠤᠴᠠ ᠳᠤ ᠪᠠᠶᠢᠵᠤ᠂ ᠦᠯᠡᠳᠡᠭᠰᠡᠨ 11 ᠲᠥᠷᠥᠯ ᠵᠦᠢᠯ ᠤᠨ ᠡᠮᠦᠨᠡᠬᠢ ᠬᠤᠭᠤᠴᠠᠭᠠᠨ ᠤ ᠭᠠᠷᠳᠠᠮ ᠢ ᠴᠥᠮ ᠭᠦᠢᠴᠡᠳᠬᠡᠵᠦ ᠳᠠᠭᠤᠰᠬᠠᠪᠠ᠃ ᠨᠢᠭᠡᠨᠲᠡ ᠠᠵᠢᠯ ᠡᠬᠢᠯᠡᠭᠦᠯᠦᠭᠰᠡᠨ ᠪᠤᠶᠤ ᠰᠡᠷᠭᠦᠭᠡᠭᠰᠡᠨ ᠴᠢᠬᠤᠯᠠ ᠶᠡᠭᠡ ᠲᠥᠷᠥᠯ ᠵᠦᠢᠯ 9 ᠪᠠᠶᠢᠵᠤ᠂ ᠠᠵᠢᠯ ᠡᠬᠢᠯᠡᠭᠦᠯᠦᠭᠰᠡᠨ ᠪᠠ ᠰᠡᠷᠭᠦᠭᠡᠭᠰᠡᠨ ᠨᠣᠷᠮ᠎ᠠ 75% ᠳᠤ ᠬᠥᠷᠪᠡ᠃ ᠣᠳᠣᠬᠠᠨ ᠳᠤ 3 ᠲᠥᠷᠥᠯ ᠵᠦᠢᠯ ᠤᠨ ᠠᠵᠢᠯ ᠢ ᠡᠬᠢᠯᠡᠭᠦᠯᠦᠭᠡᠳᠦᠢ᠂ ᠡᠭᠦᠨ ᠳᠤ ᠵᠢᠢ ᠮᠧᠶ ᠯᠢᠲ᠋ᠢ ᠶᠢᠨ ᠴᠠᠬᠢᠯᠭᠠᠨ ᠤ ᠪᠢᠯᠢᠭ ᠲᠤᠶᠢᠯ ᠤᠨ ᠮᠠᠲ᠋ᠧᠷᠢᠶᠠᠯ ᠪᠣᠯᠣᠨ ᠬᠦᠷᠢᠶᠡᠯᠡᠩ ᠲᠣᠭᠤᠷᠢᠭ ᠤᠨ ᠪᠣᠬᠢᠷᠲᠤᠯ ᠦᠭᠡᠢ ᠴᠠᠬᠢᠯᠭᠠᠨ ᠬᠠᠩᠭᠠᠬᠤ 2 ᠲᠥᠷᠥᠯ ᠵᠦᠢᠯ ᠢ 5 ᠳ᠋ᠤᠭᠠᠷ ᠰᠠᠷ᠎ᠠ ᠳᠤ ᠠᠵᠢᠯ ᠡᠬᠢᠯᠡᠭᠦᠯᠦᠨ ᠪᠠᠶᠢᠭᠤᠯᠬᠤ ᠪᠠᠷ ᠲᠥᠯᠥᠪᠯᠡᠵᠦ᠂ 10 ᠳ᠋ᠦᠩᠰᠢᠭᠤᠷ ᠲᠥᠭᠦᠷᠢᠭ ᠤᠨ ᠪᠡᠯᠡ ᠤᠷᠤᠭᠤᠯᠬᠤ ᠪᠠᠷ ᠵᠢᠱᠢᠵᠦ ᠪᠣᠶ᠃     ᠭᠤᠷᠪᠠ ᠳᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠢ ᠥᠷᠨᠢᠭᠦᠯᠦᠭᠰᠡᠨ ᠪᠠᠶᠢᠳᠠᠯ᠃ 4 ᠰᠠᠷ᠎ᠠ ᠶᠢᠨ 23 ᠤ ᠡᠳᠦᠷ ᠪᠣᠯᠲᠠᠯ᠎ᠠ᠂ ᠨᠡᠭᠡᠭᠡᠨ ᠬᠥᠭᠵᠢᠭᠦᠯᠦᠯᠲᠡ ᠶᠢᠨ ᠲᠣᠭᠤᠷᠢᠭ ᠤᠨ ᠬᠠᠮᠢᠶᠠᠷᠤᠯᠲᠠ ᠶᠢᠨ ᠵᠥᠪᠯᠡᠯ ᠨᠡᠶᠢᠲᠡ 8 ᠪᠦᠯᠦᠭ ᠬᠤᠳᠠᠯᠳᠤᠭᠠᠴᠢᠨ ᠲᠠᠢ ᠠᠭᠤᠯᠵᠠᠵᠤ᠂ ᠭᠠᠳᠠᠭᠰᠢ ᠭᠠᠷᠴᠤ 3 ᠤᠳᠠᠭ᠎ᠠ ᠬᠤᠳᠠᠯᠳᠤᠭᠠᠴᠢᠨ ᠤᠷᠢᠵᠤ᠂ 12 ᠠᠵᠤ ᠠᠬᠤᠶᠢᠯᠠᠯ ᠲᠠᠢ ᠵᠣᠯᠭᠠᠵᠠᠢ᠃ ᠬᠦᠷᠢᠶᠡᠯᠡᠩ ᠳᠤ ᠣᠷᠣᠭᠤᠯᠬᠤ ᠲᠥᠷᠥᠯ ᠵᠦᠢᠯ 11 ᠪᠠᠶᠢᠵᠤ᠂ ᠲᠥᠯᠥᠪᠯᠡᠭᠡ ᠪᠠᠷ ᠶᠡᠷᠦᠩᠬᠡᠢ ᠪᠡᠯᠡ ᠣᠷᠣᠭᠤᠯᠤᠯᠲᠠ 115.9 ᠳ᠋ᠦᠩᠰᠢᠭᠤᠷ ᠲᠥᠭᠦᠷᠢᠭ ᠲᠤ ᠬᠦᠷᠴᠦ᠂ ᠵᠢᠯ ᠳᠤ 21 ᠳ᠋ᠦᠩᠰᠢᠭᠤᠷ ᠲᠥᠭᠦᠷᠢᠭ ᠤᠨ ᠪᠡᠯᠡ ᠣᠷᠣᠭᠤᠯᠬᠤ ᠪᠠᠷ ᠲᠥᠯᠥᠪᠯᠡᠵᠦ ᠪᠣᠶ᠂ ᠡᠭᠦᠨ ᠳᠤ ᠨᠢᠭᠡᠨᠲᠡ 8 ᠲᠥᠷᠥᠯ ᠵᠦᠢᠯ ᠢ ᠪᠠᠶᠢᠭᠤᠯᠵᠤ᠂ ᠲᠥᠷᠥᠯ ᠵᠦᠢᠯ ᠲᠣᠭᠲᠠᠭᠠᠬᠤ ᠭᠠᠷᠳᠠᠮ ᠢ ᠭᠦᠢᠴᠡᠳᠬᠡᠭᠰᠡᠨ ᠨᠣᠷᠮ᠎ᠠ 73% ᠳᠤ ᠬᠦᠷᠴᠡᠢ᠃ 6 ᠲᠥᠷᠥᠯ ᠵᠦᠢᠯ ᠢ ᠠᠵᠢᠯ ᠡᠬᠢᠯᠡᠭᠦᠯᠵᠦ᠂ ᠠᠵᠢᠯ ᠡᠬᠢᠯᠡᠭᠦᠯᠦᠭᠰᠡᠨ ᠨᠣᠷᠮ᠎ᠠ ᠨᠢ 55% ᠪᠠᠶᠢᠵᠤ᠂ ᠪᠣᠳᠠᠲᠠᠶᠢᠵᠢᠭᠤᠯᠤᠭᠰᠠᠨ ᠪᠡᠯᠡ ᠮᠥᠩᠭᠦ ᠨᠢ 2.6 ᠳ᠋ᠦᠩᠰᠢᠭᠤᠷ ᠲᠥᠭᠦᠷᠢᠭ ᠲᠤ ᠬᠥᠷᠪᠡ᠃
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2