︽ᠤᠯᠠᠭᠠᠨᠴᠠᠪ ᠬᠤᠲᠠ ᠶᠢᠨ ︿ᠬᠤᠯᠢᠰᠢᠨ ᠢᠳᠡᠭᠡᠨ﹀ ᠤ ᠪᠥᠲᠥᠭᠡᠨ ᠪᠠᠶᠢᠭᠤᠯᠤᠯᠲᠠ ᠶᠢᠨ ᠠᠵᠢᠯ ᠤᠨ ᠲᠥᠰᠦᠯ︾ ᠤᠨ ᠲᠤᠬᠠᠶ ᠲᠥᠷᠥ ᠶᠢᠨ ᠪᠣᠳᠣᠯᠭ᠎ᠠ ᠶᠢᠨ ᠲᠠᠶᠢᠯᠤᠮᠵᠢ
ᠨᠡᠶᠢᠲᠡᠯᠡᠭᠰᠡᠨ ᠴᠠᠭ᠄
2024/4/25
ᠨᠢᠭᠡ᠂ ᠲᠤᠭᠤᠷᠪᠢᠭᠰᠠᠨ ᠠᠬᠤᠶ ᠪᠠᠶᠢᠳᠠᠯ ᠵᠢᠴᠢ ᠶᠠᠪᠤᠴᠠ    ᠮᠠᠨ ᠤ ᠬᠤᠲᠠ ᠶᠢᠨ ︽ᠬᠤᠯᠢᠰᠢᠨ ᠢᠳᠡᠭᠡᠨ︾ ᠤ ᠪᠦᠲᠦᠭᠡᠨ ᠪᠠᠶᠢᠭᠤᠯᠤᠯᠲᠠ ᠶᠢᠨ ᠠᠵᠢᠯ ᠢ ᠤᠯᠠᠮ ᠨᠢᠭᠡ ᠠᠯᠬᠤᠮ ᠴᠢᠩᠭᠠᠳᠬᠠᠵᠤ᠂ ︽ᠬᠤᠯᠢᠰᠢᠨ ᠢᠳᠡᠭᠡᠨ︾ ᠤ ᠪᠦᠲᠦᠭᠡᠭᠳᠡᠬᠦᠨ ᠤ ᠦᠢᠯᠡᠳᠪᠦᠷᠢᠯᠡᠯ᠂ ᠵᠠᠬ᠎ᠠ ᠳᠡᠯᠭᠡᠭᠦᠷ ᠤᠨ ᠭᠦᠢᠯᠭᠡᠭᠡ᠂ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ᠂ ᠲᠣᠬᠢᠷᠠᠭᠤᠯᠤᠯ ᠡᠵᠡᠮᠳᠡᠯ ᠤᠨ ᠪᠠᠲᠤᠯᠠᠭ᠎ᠠ ᠶᠢᠨ ᠴᠢᠳᠠᠪᠤᠷᠢ ᠪᠠ ᠬᠤᠲᠠ ᠶᠢᠨ ᠠᠷᠠᠳ ᠤᠨ ᠬᠠᠨᠤᠮᠵᠢ ᠶᠢᠨ ᠬᠡᠮᠵᠢᠶ᠎ᠡ ᠶᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠬᠤᠲᠠ ᠶᠢᠨ ︽ᠬᠤᠯᠢᠰᠢᠨ ᠢᠳᠡᠭᠡᠨ︾ ᠤ ᠪᠦᠲᠦᠭᠡᠭᠳᠡᠬᠦᠨ ᠤ ᠦᠢᠯᠡᠳᠪᠦᠷᠢᠯᠡᠯ ᠪᠠ ᠬᠠᠩᠭᠠᠯᠭ᠎ᠠ ᠶᠢ ᠪᠠᠲᠤᠯᠠᠵᠤ᠂ ᠦᠨ᠎ᠡ ᠶᠢ ᠲᠣᠭᠲᠠᠪᠤᠷᠢᠵᠢᠭᠤᠯᠬᠤ ᠬᠡᠷᠡᠭᠴᠡᠭᠡ ᠶᠢ ᠦᠨᠡᠨ ᠬᠦ ᠨᠠᠶᠢᠳᠠᠪᠤᠷᠢᠵᠢᠭᠤᠯᠬᠤ  ᠶᠢᠨ ᠲᠥᠯᠥᠭᠡ᠂ ᠨᠠᠷᠢᠨ ᠬᠢᠨᠠᠮᠠᠭᠠᠶ ᠰᠤᠳᠤᠯᠤᠯᠳᠠ ᠪᠠᠷ ᠳᠡᠮᠵᠢᠨ᠂ ︽ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠳᠦᠷᠢᠮ ᠤᠨ ᠰᠢᠯᠭᠠᠨ ᠬᠢᠨᠠᠬᠤ ᠠᠷᠭ᠎ᠠ ᠶᠢ ᠬᠡᠷᠡᠭᠵᠢᠭᠦᠯᠬᠦ ᠨᠠᠷᠢᠨ ᠳᠦᠷᠢᠮ︾ ᠢ ᠴᠢᠩᠭ᠎ᠠ ᠵᠢᠷᠤᠮᠯᠠᠨ᠂ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ ᠠᠴᠠ ︽ᠤᠯᠠᠭᠠᠨᠴᠠᠪ ᠬᠤᠲᠠ ᠶᠢᠨ ︿ᠬᠤᠯᠢᠰᠢᠨ ᠢᠳᠡᠭᠡᠨ﹀ ᠤ ᠪᠥᠲᠥᠭᠡᠨ ᠪᠠᠶᠢᠭᠤᠯᠤᠯᠲᠠ ᠶᠢᠨ ᠠᠵᠢᠯ ᠤᠨ ᠲᠥᠰᠦᠯ︾ ᠢ ᠲᠤᠭᠤᠷᠪᠢᠵᠤ᠂ ᠡᠯ᠎ᠡ ᠬᠠᠮᠢᠶ᠎ᠠ ᠪᠥᠬᠦᠶ ᠰᠠᠯᠠᠭ᠎ᠠ ᠮᠥᠴᠢᠷ᠂ ᠬᠤᠰᠢᠭᠤ ᠰᠢᠶᠠᠨ ᠬᠤᠲᠠ ᠲᠣᠭᠤᠷᠢᠭ ᠤᠨ ᠵᠠᠰᠠᠭ ᠤᠨ ᠣᠷᠳᠣᠨ ᠵᠢᠴᠢ ᠣᠯᠠᠨ ᠨᠡᠶᠢᠲᠡ ᠶᠢᠨ ᠰᠠᠨᠠᠯ ᠢ ᠬᠤᠷᠢᠶᠠᠬᠤ ᠪᠠᠷ ᠳᠡᠮᠵᠢᠨ᠂ ᠨᠡᠶᠢᠲᠡ 14 ᠵᠤᠷᠪᠤᠰ ᠰᠠᠨᠠᠯ ᠭᠥᠯᠢᠶᠡᠨ ᠠᠪᠴᠤ᠂ 3 ᠵᠤᠷᠪᠤᠰ ᠢ ᠨᠢ ᠬᠡᠷᠡᠭᠯᠡᠭᠰᠡᠨ ᠥᠬᠡᠶ᠂ ᠬᠡᠷᠡᠭᠯᠡᠭᠰᠡᠨ ᠥᠬᠡᠶ ᠰᠠᠨᠠᠯ ᠤᠨ ᠲᠤᠬᠠᠢ ᠪᠦᠬᠦᠨ ᠢ ᠨᠡᠪᠲᠡᠷᠡᠯᠴᠡᠨ ᠲᠣᠳᠣᠷᠬᠠᠶᠢᠯᠠᠪᠠ᠃ 4 ᠰᠠᠷ᠎ᠠ ᠶᠢᠨ 7 ᠤ ᠡᠳᠦᠷ᠂ ᠬᠤᠲᠠ ᠶᠢᠨ ᠵᠠᠰᠠᠭ ᠤᠨ ᠣᠷᠳᠣᠨ ᠤ ᠰᠤᠳᠤᠯᠤᠨ ᠶᠠᠷᠢᠯᠴᠠᠬᠤ ᠪᠠᠷ ᠳᠠᠮᠵᠢᠨ ᠬᠤᠷᠠᠯ ᠤᠨ ᠬᠢᠨᠠᠨ ᠵᠥᠪᠯᠡᠬᠦ ᠨᠤᠤᠷᠠᠭ ᠢ ᠪᠦᠷᠢᠯᠳᠦᠭᠦᠯᠵᠦ᠂ ᠬᠤᠲᠠ ᠶᠢᠨ ᠵᠠᠰᠠᠭ ᠤᠨ ᠣᠷᠳᠣᠨ ᠤ ᠰᠤᠳᠤᠯᠬᠤ ᠲᠥᠰᠦᠯ ᠢ ᠳᠠᠷᠤᠮᠠᠯᠯᠠᠨ ᠲᠠᠷᠬᠠᠭᠠᠬᠤ ᠶᠢ ᠵᠥᠪᠰᠢᠶᠡᠷᠡᠪᠡ᠃ᠬᠤᠶᠠᠷ᠂ ᠭᠤᠣᠯ ᠠᠭᠤᠯᠭ᠎ᠠ    ᠨᠢᠭᠡ ᠳᠤ᠂ ᠦᠢᠯᠡᠳᠪᠦᠷᠢᠯᠡᠯ ᠤᠨ ᠴᠢᠳᠠᠪᠤᠷᠢ ᠶᠢᠨ ᠪᠠᠶᠢᠭᠤᠯᠤᠯᠲᠠ ᠶᠢ ᠴᠢᠩᠭᠠᠳᠬᠠᠵᠤ᠂ ᠲᠣᠭᠲᠠᠭᠤᠨ ᠬᠥᠭᠵᠢᠯᠲᠡ ᠶᠢᠨ ᠰᠠᠭᠤᠷᠢ ᠶᠢ ᠪᠠᠬᠢᠵᠢᠭᠦᠯᠦᠨ᠎ᠡ᠃ ᠢᠳᠡᠰᠢᠨ ᠨᠤᠭᠤᠭᠠᠨ ᠤ ᠦᠢᠯᠡᠳᠪᠦᠷᠢᠯᠡᠯ ᠤᠨ ᠬᠡᠪᠴᠢᠶᠡᠵᠢᠯ ᠢ ᠲᠣᠭᠲᠠᠪᠤᠷᠢᠵᠢᠭᠤᠯᠵᠤ᠂ ᠣᠷᠣᠨ ᠪᠦᠰᠡ ᠶᠢᠨ ᠪᠠᠶᠢᠷᠢᠰᠢᠭᠤᠯᠤᠯᠲᠠ ᠶᠢ ᠰᠢᠯᠢᠳᠡᠭᠵᠢᠭᠦᠯᠦᠨ᠎ᠡ᠃ ᠢᠳᠡᠰᠢᠨ ᠨᠤᠭᠤᠭᠠᠨ  ᠤ ᠦᠢᠯᠡᠳᠪᠦᠷᠢᠯᠡᠯ ᠤᠨ ᠴᠢᠳᠠᠪᠤᠷᠢ ᠶᠢ ᠳᠡᠭᠡᠭᠰᠢᠯᠡᠭᠦᠯᠵᠦ᠂ ᠦᠢᠯᠡᠳᠬᠦᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ᠃ ᠮᠠᠯ ᠵᠢᠭᠦᠷᠲᠡᠨ ᠤ ᠮᠢᠬᠠᠨ ᠤ ᠲᠥᠷᠥᠯ ᠤᠨ ᠬᠡᠮᠵᠢᠶ᠎ᠡ ᠶᠢ ᠲᠣᠭᠲᠠᠪᠤᠷᠢᠵᠢᠭᠤᠯᠵᠤ᠂ ᠦᠢᠯᠡᠳᠪᠦᠷᠢᠯᠡᠯ ᠪᠠ ᠬᠠᠩᠭᠠᠯᠭ᠎ᠠ  ᠶᠢ ᠲᠣᠭᠲᠠᠪᠤᠷᠢᠵᠢᠭᠤᠯᠦᠨ᠎ᠡ᠃ ᠤᠰᠤᠨ ᠭᠠᠷᠤᠯᠲᠠ ᠶᠢᠨ ᠲᠡᠵᠢᠭᠡᠨ ᠦᠷᠡᠵᠢᠭᠦᠯᠬᠦ ᠲᠠᠯᠠᠪᠠᠢ ᠶᠢ ᠲᠣᠭᠲᠠᠪᠤᠷᠢᠵᠢᠭᠤᠯᠵᠤ᠂ ᠶᠡᠭᠡ ᠤᠰᠤᠨ ᠰᠤᠷᠪᠤᠯᠵᠢ ᠶᠢᠨ ᠠᠮᠢ ᠠᠬᠤᠢ ᠶᠢᠨ ᠵᠢᠭᠠᠰᠤᠨ ᠠᠵᠤ ᠠᠬᠤᠢ ᠶᠢ ᠬᠥᠭᠵᠢᠭᠦᠯᠦᠨ᠎ᠡ᠃ ᠬᠤᠶᠠᠷ ᠲᠤ᠂ ︽ᠬᠤᠯᠢᠰᠢᠨ ᠢᠳᠡᠭᠡᠨ︾ ᠤ ᠪᠥᠭᠡᠮ ᠢᠶᠠᠷ ᠪᠤᠷᠣᠯᠠᠭᠤᠯᠬᠤ ᠵᠠᠬ᠎ᠠ ᠳᠡᠯᠭᠡᠭᠦᠷ ᠢ ᠰᠢᠨᠵᠢᠯᠡᠬᠦ ᠤᠬᠠᠭᠠᠨᠴᠢ ᠪᠠᠷ ᠲᠥᠯᠥᠪᠵᠢᠭᠦᠯᠦᠨ᠎ᠡ᠃ ︽ᠬᠤᠯᠢᠰᠢᠨ ᠢᠳᠡᠭᠡᠨ︾ ᠤ ᠪᠦᠭᠡᠮ ᠢᠶᠠᠷ ᠪᠤᠷᠣᠯᠠᠭᠤᠯᠬᠤ ᠵᠠᠬ᠎ᠠ ᠳᠡᠯᠭᠡᠬᠦᠷ ᠤᠨ ᠪᠦᠳᠦᠭᠡᠨ ᠪᠠᠶᠢᠭᠤᠯᠥᠯᠳᠡ ᠶᠢᠨ ᠳᠥᠯᠥᠪᠵᠢᠬᠦᠯᠬᠡ ᠶᠢᠨ ᠪᠠᠶᠢᠷᠢᠰᠢᠯ ᠢ ᠲᠣᠠᠠᠳᠠᠭᠠᠨ ᠳᠡᠬᠦᠯᠳᠡᠷᠵᠢᠬᠦᠯᠵᠦ᠂ ᠵᠦᠢ ᠵᠤᠬᠢᠰᠳᠡᠢ ᠪᠦᠷᠢᠨ ᠳᠡᠬᠦᠯᠳᠡᠷ ︽ᠬᠤᠯᠢᠰᠢᠨ ᠢᠳᠡᠭᠡᠨ︾ ᠤ ᠬᠠᠩᠭᠠᠯᠭ᠎ᠠ ᠶᠢᠨ ᠪᠠᠳᠣᠯᠠᠭ᠎ᠠ ᠶᠢᠨ ᠰᠢᠰᠲ᠋ᠧᠮᠵᠢ ᠶᠢ ᠪᠦᠷᠢᠯᠳᠦᠬᠦᠯᠥᠨ᠎ᠠ᠃ ᠭᠤᠷᠪᠠ ᠳᠤ᠂ ᠵᠠᠬ᠎ᠠ ᠳᠡᠯᠭᠡᠭᠦᠷ ᠤᠨ ᠭᠦᠢᠯᠭᠡᠭᠡᠨ ᠤ ᠴᠢᠳᠠᠪᠤᠷᠢ ᠶᠢ ᠴᠢᠩᠭᠠᠳᠬᠠᠨ᠎ᠠ᠃ ᠰᠢᠨ᠎ᠡ ᠰᠣᠷᠭᠤᠭ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠲᠡᠭᠡᠭᠡᠪᠦᠷᠢᠯᠡᠬᠦ ︽ᠰᠠᠭᠠᠳ ᠥᠬᠡᠶ ᠨᠡᠪᠲᠡᠷᠡᠬᠦ ᠵᠠᠮ︾ ᠮᠡᠲᠦ ᠶᠢᠨ ᠲᠥᠷᠥ ᠶᠢᠨ ᠪᠣᠳᠣᠯᠭ᠎ᠠ ᠶᠢ ᠴᠢᠩᠭ᠎ᠠ ᠨᠠᠶᠢᠳᠠᠪᠤᠷᠢᠵᠢᠭᠤᠯᠤᠨ᠎ᠠ᠃ ᠪᠥᠭᠡᠮ ᠢᠶᠠᠷ ᠪᠤᠷᠣᠯᠠᠭᠤᠯᠬᠤ ᠵᠠᠬ᠎ᠠ ᠳᠡᠯᠭᠡᠭᠦᠷ ᠤᠨ ᠴᠢᠳᠠᠮᠵᠢ ᠶᠢ ᠲᠡᠭᠦᠯᠳᠡᠷᠵᠢᠭᠦᠯᠦᠨ᠎ᠡ᠃ ᠵᠢᠵᠢᠭᠯᠡᠨ ᠪᠤᠷᠣᠯᠠᠭᠤᠯᠬᠤ ᠲᠣᠣᠷ ᠴᠡᠭ ᠤᠨ ᠪᠦᠲᠦᠭᠡᠨ ᠪᠠᠶᠢᠭᠤᠯᠤᠯᠲᠠ ᠶᠢᠨ ᠨᠢᠭᠲᠠᠴᠠ ᠶᠢ ᠨᠡᠮᠡᠭᠳᠡᠭᠦᠯᠦᠨ᠎ᠡ᠃ ᠲᠦᠷᠪᠡ ᠳᠤ᠂ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ᠮᠠᠨ ᠤ ᠬᠤᠲᠠ ᠶᠢᠨ ︽ᠬᠤᠯᠢᠰᠢᠨ ᠢᠳᠡᠭᠡᠨ︾ ᠤ ᠪᠦᠲᠦᠭᠡᠭᠳᠡᠬᠦᠨ ᠤ ᠭᠠᠷᠤᠯᠲᠠ ᠶᠢᠨ ᠣᠷᠣᠨ ᠤ ᠣᠷᠴᠢᠨ ᠲᠣᠭᠤᠷᠢᠨ ᠤ ᠶᠠᠰᠤ ᠴᠢᠨᠠᠷ ᠢ ᠬᠢᠨᠠᠨ ᠬᠠᠮᠢᠶᠠᠷᠤᠨ᠎ᠠ᠃ ︽ᠬᠤᠯᠢᠰᠢᠨ ᠢᠳᠡᠭᠡᠨ︾ ᠤ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠨᠠᠯᠲᠠ ᠬᠠᠮᠢᠶᠠᠷᠤᠯᠲᠠ ᠶᠢ ᠨᠠᠶᠢᠳᠠᠪᠤᠷᠢᠵᠢᠭᠤᠯᠤᠨ᠎ᠠ᠃ ︽ᠬᠤᠯᠢᠰᠢᠨ ᠢᠳᠡᠭᠡᠨ︾ ᠤ ᠪᠦᠲᠦᠭᠡᠭᠳᠡᠬᠦᠨ ᠤ ᠶᠠᠰᠤ ᠴᠢᠨᠠᠷ ᠤᠨ ᠠᠮᠤᠷ ᠲᠦᠪᠰᠢᠨ ᠤ ᠬᠢᠷᠢ ᠲᠦᠪᠰᠢᠨ ᠢ ᠪᠠᠲᠤᠯᠠᠨ᠎ᠠ᠃ ᠲᠠᠪᠤ ᠳᠤ᠂ ᠲᠣᠬᠢᠷᠠᠭᠤᠯᠤᠨ ᠡᠵᠡᠮᠳᠡᠬᠦ ᠪᠠᠲᠤᠯᠠᠭ᠎ᠠ ᠶᠢᠨ ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠬᠤᠯᠢᠰᠢᠨ ᠢᠳᠡᠭᠡᠨ︾ ᠤ ᠢᠨᠵᠧᠨᠧᠷᠢᠩ ᠤᠨ ᠲᠣᠬᠢᠷᠠᠭᠤᠯᠤᠯ ᠡᠵᠡᠮᠳᠡᠯ ᠤᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠎ᠠ᠃ ︽ᠬᠤᠯᠢᠰᠢᠨ ᠢᠳᠡᠭᠡᠨ︾ ᠤ ᠪᠦᠲᠦᠭᠡᠭᠳᠡᠬᠦᠨ ᠤ ᠦᠨ᠎ᠡ ᠬᠠᠩᠰᠢ ᠶᠢᠨ ᠵᠢᠭᠠᠯᠲᠠ ᠲᠤᠭ᠎ᠠ ᠶᠢ ᠪᠠᠲᠤᠯᠠᠨ᠎ᠠ᠃ ︽ᠬᠤᠯᠢᠰᠢᠨ ᠢᠳᠡᠭᠡᠨ︾ ᠤ ᠪᠦᠲᠦᠭᠡᠭᠳᠡᠬᠦᠨ ᠤ ᠨᠥᠭᠡᠴᠡ ᠶᠢᠨ ᠳᠦᠷᠢᠮ ᠢ ᠴᠢᠩᠭ᠎ᠠ ᠬᠡᠷᠡᠭᠵᠢᠭᠦᠯᠦᠨ᠎ᠡ᠃ ᠮᠡᠳᠡᠭᠡ ᠵᠠᠩᠭᠢ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠬᠦ ᠰᠢᠰᠲ᠋ᠧᠮᠵᠢ ᠶᠢ ᠲᠡᠭᠦᠯᠳᠡᠷᠵᠢᠭᠦᠯᠬᠦ ᠪᠠ ᠮᠡᠳᠡᠭᠡ ᠵᠠᠩᠭᠢ ᠨᠡᠶᠢᠲᠡᠯᠡᠬᠦ ᠴᠢᠳᠠᠪᠤᠷᠢ ᠶᠢ ᠳᠡᠭᠡᠭᠰᠢᠯᠡᠭᠦᠯᠦᠨ᠎ᠡ᠃ ︽ᠬᠤᠯᠢᠰᠢᠨ ᠢᠳᠡᠭᠡᠨ︾ ᠤ ᠪᠦᠲᠦᠭᠡᠭᠳᠡᠬᠦᠨ ᠤ ᠪᠠᠴᠢᠮ ᠪᠠᠶᠢᠳᠠᠯ ᠢ ᠠᠷᠭᠠᠴᠠᠵᠤ ᠬᠠᠩᠭᠠᠯᠭ᠎ᠠ ᠶᠢ ᠪᠠᠲᠤᠯᠠᠬᠤ ᠲᠣᠭᠲᠠᠴᠠ ᠶᠢ ᠨᠠᠶᠢᠳᠠᠪᠤᠷᠢᠵᠢᠭᠤᠯᠤᠨ᠎ᠠ᠃ ᠵᠢᠷᠭᠤᠭ᠎ᠠ ᠳᠤ᠂ ︽ᠬᠤᠯᠢᠰᠢᠨ ᠢᠳᠡᠭᠡᠨ︾ ᠤ ᠠᠵᠤ ᠦᠢᠯᠡᠰ ᠤᠨ ᠨᠠᠷᠠᠲᠤ ᠲᠡᠮᠳᠡᠭᠵᠢᠬᠦ ᠴᠢᠭᠯᠡᠯ ᠳᠠᠰᠢ ᠬᠥᠭᠵᠢᠬᠦ ᠶᠢ ᠠᠬᠢᠭᠤᠯᠤᠨ᠎ᠠ᠃ ᠮᠠᠨ ᠤ ᠬᠤᠲᠠ ᠶᠢᠨ ︽ᠤᠤᠷ ᠠᠮᠳᠠᠳᠤ ᠤᠯᠠᠭᠠᠨᠴᠠᠪ︾ ᠤᠨ ᠣᠷᠣᠨ ᠪᠦᠰᠡ ᠶᠢᠨ ᠨᠡᠶᠢᠲᠡ ᠶᠢᠨ ᠬᠡᠷᠡᠭᠯᠡᠭᠡᠨ ᠤ ᠲᠥᠷᠥᠯ ᠲᠡᠮᠳᠡᠭ ᠵᠢᠴᠢ ︽ᠤᠯᠠᠭᠠᠨᠴᠠᠪ ᠤᠨ ᠬᠦᠢᠲᠡᠨ ᠰᠡᠷᠢᠭᠦᠨ ᠢᠳᠡᠰᠢᠨ ᠨᠤᠭᠤᠭ᠎ᠠ︾᠂ ︽ᠤᠯᠠᠭᠠᠨᠴᠠᠪ ᠤᠨ ᠦᠬᠡᠷ ᠤᠨ ᠮᠢᠬ᠎ᠠ︾᠂ ︽ᠤᠯᠠᠭᠠᠨᠴᠠᠪ ᠤᠨ ᠬᠤᠨᠢᠨ ᠮᠢᠬ᠎ᠠ︾᠂ ︽ᠤᠯᠠᠭᠠᠨᠴᠠᠪ ᠤᠨ ᠡᠭᠡᠳᠡᠭᠰᠡᠨ ᠰᠦ︾ ᠵᠡᠷᠭᠡ ᠬᠤᠪᠢᠶᠠᠷᠢ ᠲᠥᠷᠥᠯ ᠲᠡᠮᠳᠡᠭ ᠢᠶᠠᠷ ᠭᠠᠷᠳᠠᠴᠠ ᠪᠣᠯᠭᠠᠵᠤ᠂ ︽ᠬᠤᠯᠢᠰᠢᠨ ᠢᠳᠡᠭᠡᠨ︾ ᠤ ᠪᠦᠲᠦᠭᠡᠭᠳᠡᠬᠦᠨ ᠢ ᠳᠡᠯᠭᠡᠷᠡᠭᠦᠯᠬᠦ ᠲᠣᠭᠲᠠᠴᠠ ᠶᠢ ᠤᠯᠠᠮ ᠨᠢᠭᠡ ᠠᠯᠬᠤᠮ ᠲᠡᠭᠦᠯᠳᠡᠷᠵᠢᠭᠦᠯᠦᠨ᠂ ᠮᠠᠨ ᠤ ᠬᠤᠲᠠ ᠶᠢᠨ ︽ᠬᠤᠯᠢᠰᠢᠨ ᠢᠳᠡᠭᠡᠨ︾ ᠤ ᠪᠦᠲᠦᠭᠡᠭᠳᠡᠬᠦᠨ ᠢ ᠪᠠᠳᠠᠷᠠᠭᠤᠯᠤᠨ ᠬᠦᠴᠦᠷᠬᠡᠭᠵᠢᠭᠦᠯᠵᠦ᠂ ᠪᠥᠬᠦ ᠬᠤᠲᠠ ᠶᠢᠨ ︽ᠬᠤᠯᠢᠰᠢᠨ ᠢᠳᠡᠭᠡᠨ︾ ᠤ ᠪᠦᠬᠦᠯᠢ ᠴᠣᠭᠴᠠ ᠶᠢᠨ ᠨᠠᠷᠠᠲᠤ ᠲᠥᠷᠥᠯ ᠲᠡᠮᠳᠡᠭᠲᠦ ᠶᠢᠨ ᠳᠦᠷᠢ ᠲᠥᠷᠬᠦ ᠶᠢ ᠬᠦᠴᠦ ᠪᠠᠨ ᠬᠠᠮᠲᠤᠳᠬᠠᠨ ᠪᠣᠶ ᠪᠣᠯᠭᠠᠵᠤ᠂ ᠨᠠᠷᠠᠲᠤ ᠲᠥᠷᠥᠯ ᠲᠡᠮᠳᠡᠭᠲᠦ ᠶᠢᠨ ᠦᠨ᠎ᠡ ᠥᠷᠲᠡᠭ ᠢᠶᠠᠷ ᠭᠤᠤᠯ ᠪᠣᠯᠭᠠᠭᠰᠠᠨ ᠰᠢᠨ᠎ᠡ ᠬᠡᠯᠪᠡᠷᠢ ᠶᠢᠨ ᠲᠠᠷᠢᠶᠠᠯᠠᠩ ᠢ ᠪᠣᠶ ᠪᠣᠯᠭᠠᠵᠤ᠂ ᠲᠠᠷᠢᠶᠠᠯᠠᠩ ᠤᠨ ᠦᠷ᠎ᠡ ᠠᠰᠢᠭ ᠢ ᠨᠡᠮᠡᠭᠳᠡᠭᠦᠯᠬᠦ ᠪᠠ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠬᠦ ᠶᠢ ᠳᠠᠶᠢᠴᠢᠯᠠᠨ᠎ᠠ᠃ ᠲᠤᠯᠤᠭ᠎ᠠ ᠳᠤ᠂ ᠬᠤᠳᠠ ᠶᠢᠨ ᠠᠷᠠᠳ ᠤᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ︽ᠬᠤᠯᠢᠰᠢᠨ ᠢᠳᠡᠭᠡᠨ︾ ᠤ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠤᠨ ᠤᠬᠠᠭᠤᠯᠭ᠎ᠠ ᠶᠢ ᠬᠢᠵᠦ᠂ ︽ᠬᠤᠯᠢᠰᠢᠨ ᠢᠳᠡᠭᠡᠨ︾ ᠤ ᠬᠤᠲᠠ ᠶᠢᠨ ᠳᠠᠷᠤᠭ᠎ᠠ ᠶᠢᠨ ᠬᠠᠷᠢᠭᠤᠴᠠᠯᠭ᠎ᠠ ᠶᠢᠨ ᠲᠦᠷᠢᠮ ᠤᠨ ᠬᠤᠲᠠ ᠶᠢᠨ ᠠᠷᠠᠳ ᠤᠨ ᠤᠶᠢᠯᠠᠭᠠᠵᠤ ᠮᠡᠳᠡᠬᠦ ᠨᠣᠷᠮ᠎ᠠ ᠪᠠ ᠬᠤᠲᠠ ᠶᠢᠨ ᠠᠷᠠᠳ ᠤᠨ ᠬᠠᠨᠤᠮᠵᠢ ᠶᠢᠨ ᠬᠡᠮᠵᠢᠶ᠎ᠡ ᠶᠢ ᠳᠡᠭᠡᠭᠰᠢᠯᠡᠭᠦᠯᠦᠨ᠎ᠡ᠃ᠭᠤᠷᠪᠠ᠂ ᠲᠥᠰᠦᠯ ᠢ ᠳᠠᠷᠤᠮᠠᠯᠯᠠᠨ ᠲᠠᠷᠬᠠᠭᠠᠬᠤ ᠠᠴᠢ ᠬᠤᠯᠪᠣᠭᠳᠠᠯ    ᠲᠥᠰᠦᠯ ᠢ ᠳᠠᠷᠤᠮᠠᠯᠯᠠᠨ ᠲᠠᠷᠬᠠᠭᠠᠵᠤ ᠬᠡᠷᠡᠭᠵᠢᠭᠦᠯᠬᠦ ᠨᠢ᠂ ᠮᠠᠨ ᠤ ᠬᠤᠲᠠ ᠶᠢᠨ ᠪᠡᠯᠡᠳᠭᠡᠮᠵᠢᠳᠤ ᠲᠠᠷᠢᠶᠠᠯᠠᠩ ᠤᠨ ᠣᠳᠣᠬᠢᠴᠢᠯᠠᠯᠲᠠ ᠶᠢᠨ ᠪᠥᠲᠥᠭᠡᠨ ᠪᠠᠶᠢᠭᠤᠯᠤᠯᠲᠠ ᠶᠢ ᠬᠦᠴᠦᠲᠡᠶ ᠠᠬᠢᠭᠤᠯᠵᠤ᠂ ︽ᠬᠤᠯᠢᠰᠢᠨ ᠢᠳᠡᠭᠡᠨ︾ ᠤ ᠪᠦᠲᠦᠭᠡᠭᠳᠡᠬᠦᠨ ᠤ ᠬᠠᠩᠭᠠᠯᠭ᠎ᠠ ᠶᠢᠨ ᠴᠢᠳᠠᠪᠤᠷᠢ ᠶᠢ ᠦᠨᠡᠨ ᠬᠦ ᠪᠠᠲᠤᠯᠠᠵᠤ᠂ ᠰᠠᠭᠤᠭᠠᠯᠢ ᠠᠷᠠᠳ ᠤᠨ ᠬᠡᠷᠡᠭᠯᠡᠭᠡᠨ ᠤ ᠲᠠᠰ ᠳᠡᠪᠰᠢᠬᠦ ᠱᠠᠭᠠᠷᠳᠠᠯᠭ᠎ᠠ ᠶᠢ ᠬᠠᠩᠭᠠᠵᠤ᠂ ᠬᠤᠲᠠ ᠶᠢᠨ ᠠᠷᠠᠳ ᠤᠨ ︽ᠬᠤᠯᠢᠰᠢᠨ ᠢᠳᠡᠭᠡᠨ︾ ᠤ ᠪᠦᠲᠦᠭᠡᠭᠳᠡᠬᠦᠨ ᠤ ᠬᠠᠨᠤᠮᠵᠢ ᠶᠢᠨ ᠬᠡᠮᠵᠢᠶ᠎ᠡ ᠶᠢ ᠠᠯᠬᠤᠮ ᠠᠯᠬᠤᠮ ᠢᠶᠠᠷ ᠳᠡᠭᠡᠭᠰᠢᠯᠡᠭᠦᠯᠬᠦ ᠪᠣᠯᠤᠨ᠎ᠠ᠃                            ᠤᠯᠠᠭᠠᠨᠴᠠᠪ ᠬᠤᠲᠠ ᠶᠢᠨ ᠲᠠᠷᠢᠶᠠᠯᠠᠩ ᠮᠠᠯ ᠠᠵᠤ ᠠᠬᠤᠢ ᠶᠢᠨ ᠲᠣᠪᠴᠢᠶ᠎ᠠ                                          2024 ᠣᠨ ᠤ 4 ᠰᠠᠷ᠎ᠠ ᠶᠢᠨ 10 ᠤ ᠡᠳᠦᠷ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2