ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ︽ᠵᠢᠷᠭᠤᠭᠠᠨ ᠢᠨᠵᠧᠨᠧᠷᠢᠩ︾ ᠢ ᠠᠬᠢᠭᠤᠯᠬᠤ ᠤᠳᠤᠷᠢᠳᠬᠤ ᠳᠤᠭᠤᠶᠢᠯᠠᠩ ᠤᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/26
   4 ᠰᠠᠷ᠎ᠠ ᠶᠢᠨ 24 ᠤ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠵᠢᠴᠢ ︽ᠵᠢᠷᠭᠤᠭᠠᠨ ᠢᠨᠵᠧᠨᠧᠷᠢᠩ︾ ᠢ ᠲᠦᠯᠬᠢᠨ ᠠᠬᠢᠭᠤᠯᠬᠤ ᠤᠳᠤᠷᠢᠳᠬᠤ ᠳᠤᠭᠤᠶᠢᠯᠠᠩ ᠤᠨ ᠬᠤᠷᠠᠯ ᠢ ᠡᠷᠭᠢᠯᠡᠨ ᠬᠤᠷᠠᠯᠳᠤᠭᠤᠯᠵᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ᠂ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠬᠤ ᠢᠨᠵᠧᠨᠧᠷᠢᠩ ᠢ ᠲᠦᠯᠬᠢᠨ ᠠᠬᠢᠭᠤᠯᠤᠭᠰᠠᠨ ᠪᠠᠶᠢᠳᠠᠯ ᠤᠨ ᠬᠠᠷᠢᠭᠤ ᠮᠡᠳᠡᠭᠦᠯᠦᠯᠲᠡ ᠶᠢ ᠰᠣᠨᠣᠰᠴᠤ᠂ ︽ᠤᠯᠠᠭᠠᠨᠴᠠᠪ ᠬᠤᠲᠠ ᠶᠢᠨ ᠣᠲᠣ ᠦᠶ᠎ᠡ ᠶᠢᠨ ᠭᠦᠢᠯᠭᠡᠭᠡᠨ ᠤ ᠪᠠᠶᠢᠯᠳᠤᠬᠤ ᠪᠣᠳᠣᠯᠭ᠎ᠠ ᠶᠢᠨ ᠲᠤᠯᠬᠤ ᠴᠡᠭ ᠤᠨ ᠬᠤᠲᠠ ᠶᠢ ᠪᠦᠲᠦᠭᠡᠨ ᠪᠠᠶᠢᠭᠤᠯᠬᠤ ᠲᠥᠰᠥᠯ︾ ᠵᠡᠷᠭᠡ ᠶᠢ ᠬᠢᠨᠠᠨ ᠶᠠᠷᠢᠯᠴᠠᠵᠤ᠂ ᠲᠠᠷᠠᠭᠠᠴᠢ ᠶᠢᠨ ᠠᠯᠬᠤᠮ ᠤᠨ ᠠᠵᠢᠯ ᠢ ᠰᠤᠳᠤᠯᠤᠨ ᠪᠠᠶᠢᠷᠢᠯᠠᠭᠤᠯᠪᠠ᠃    ᠬᠤᠷᠠᠯ ᠠᠴᠠ᠂ ᠡᠯ᠎ᠡ ᠱᠠᠲᠤ ᠡᠯ᠎ᠡ ᠰᠠᠯᠠᠭ᠎ᠠ ᠮᠥᠴᠢᠷ ︽ᠵᠢᠷᠭᠤᠭᠠᠨ ᠢᠨᠵᠧᠨᠧᠷᠢᠩ︾ ᠤᠨ ᠭᠤᠣᠯᠳᠠᠯᠭ᠎ᠠ ᠲᠠᠢ ᠡᠭᠦᠷᠭᠡ ᠶᠢ ᠴᠢᠩᠭ᠎ᠠ ᠠᠩᠬᠠᠷᠴᠤ᠂ ᠠᠵᠢᠯ ᠤᠨ ᠬᠠᠮᠵᠢᠯᠴᠠᠭ᠎ᠠ ᠶᠢ ᠴᠢᠩᠭᠠᠳᠬᠠᠵᠤ᠂ ᠮᠥᠷᠳᠡᠨ ᠲᠣᠬᠢᠷᠠᠭᠤᠯᠬᠤ ᠶᠢ ᠴᠢᠩᠭᠠᠳᠬᠠᠵᠤ᠂ ᠡᠯ᠎ᠡ ᠵᠦᠢᠯ ᠤᠨ ᠠᠷᠭ᠎ᠠ ᠬᠡᠮᠵᠢᠶ᠎ᠡ ᠶᠢ ᠲᠦᠷᠭᠡᠨ ᠨᠠᠶᠢᠳᠠᠪᠤᠷᠢᠵᠢᠭᠤᠯᠵᠤ᠂ ᠡᠷᠲᠡᠬᠡᠨ ᠦᠷ᠎ᠡ ᠪᠦᠲᠦᠮᠵᠢ ᠣᠯᠬᠤ ᠶᠢ ᠠᠬᠢᠭᠤᠯᠬᠤ ᠬᠡᠷᠡᠭᠲᠡᠢ᠃ ᠠᠵᠢᠯ ᠤᠨ ᠬᠠᠷᠢᠭᠤᠴᠠᠯᠭ᠎ᠠ ᠶᠢ ᠪᠣᠳᠠᠲᠠᠶᠢᠵᠢᠭᠤᠯᠵᠤ᠂ ᠶᠡᠭᠡ ᠲᠠᠯ᠎ᠠ ᠳᠤ ᠦᠢᠯᠡᠴᠢᠯᠡᠬᠦ ᠶᠢ ᠪᠠᠷᠢᠮᠲᠠᠯᠠᠵᠤ᠂ ︽ᠦᠨᠡᠨᠴᠢ ᠢᠲᠡᠭᠡᠮᠵᠢᠲᠡᠢ ᠪᠠᠶᠢᠬᠤ ᠶᠢ ᠡᠷᠬᠢᠮᠯᠡᠬᠦ᠂ ᠦᠨᠡᠨᠴᠢ ᠢᠲᠡᠭᠡᠮᠵᠢᠲᠡᠢ ᠪᠠᠶᠢᠬᠤ ᠶᠢ ᠴᠢᠬᠤᠯᠠᠴᠢᠯᠠᠬᠤ᠂ ᠦᠨᠡᠨᠴᠢ ᠢᠲᠡᠭᠡᠮᠵᠢᠲᠡᠢ ᠪᠠᠶᠢᠬᠤ ᠶᠢ ᠪᠠᠷᠢᠮᠲᠠᠯᠠᠬᠤ︾ ᠭᠦᠨ ᠵᠤᠵᠠᠭᠠᠨ ᠨᠡᠶᠢᠭᠡᠮ ᠤᠨ ᠠᠭᠤᠷ ᠠᠮᠢᠰᠬᠤᠯ ᠢ ᠬᠠᠮᠲᠤᠪᠠᠷ ᠪᠤᠢ ᠪᠣᠯᠭᠠᠵᠤ᠂ ᠨᠡᠩ ᠤᠯᠠᠨ ᠪᠡᠯᠡ ᠣᠷᠣᠭᠤᠯᠤᠯᠲᠠ ᠪᠣᠯᠣᠨ ᠲᠦᠷᠦᠯ ᠵᠦᠢᠯ ᠢ ᠲᠠᠲᠠᠵᠤ᠂ ᠨᠡᠩ ᠤᠯᠠᠨ ᠬᠤᠳᠠᠯᠳᠤᠭᠠᠨ ᠤ ᠪᠠᠶᠢᠳᠠᠯ ᠪᠣᠯᠣᠨ ᠬᠥᠮᠥᠰ ᠤᠨ ᠬᠦᠷᠢᠶᠡᠯᠡᠯ ᠢ ᠬᠤᠷᠠᠮᠳᠤᠭᠤᠯᠬᠤ ᠬᠡᠷᠡᠭᠲᠡᠢ᠃ ᠲᠦᠷᠦ ᠶᠢᠨ ᠪᠣᠳᠣᠯᠭ᠎ᠠ ᠶᠢᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠥᠭᠡᠳᠡᠯᠡᠨ ᠲᠠᠪᠰᠢᠬᠤ ᠡᠷᠴᠢᠮ ᠢᠶᠠᠨ ᠴᠢᠩᠭᠠᠷᠠᠭᠤᠯᠵᠤ᠂ ᠦᠷ᠎ᠡ ᠪᠦᠲᠦᠭᠡᠯ ᠤᠨ ᠬᠤᠪᠢᠷᠠᠭᠤᠯᠤᠯᠲᠠ ᠶᠢ ᠰᠠᠶᠢᠲᠤᠷ ᠬᠢᠵᠦ᠂ ᠲᠦᠷᠦ ᠶᠢᠨ ᠪᠣᠳᠣᠯᠭ᠎ᠠ ᠶᠢᠨ ᠠᠰᠢᠭ ᠢ ᠦᠨᠡᠨ ᠬᠦ ᠪᠣᠳᠠᠲᠤ ᠦᠢᠯᠡᠳᠪᠦᠷᠢᠯᠡᠯ ᠤᠨ ᠬᠦᠴᠦᠨ ᠪᠣᠯᠭᠠᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠰᠢᠰᠲ᠋ᠧᠮᠲᠦ ᠰᠡᠳᠬᠢᠬᠦᠢ ᠪᠣᠯᠣᠨ ᠪᠦᠬᠦ ᠲᠠᠯ᠎ᠠ ᠶᠢᠨ ᠦᠵᠡᠯᠲᠡ ᠶᠢ ᠪᠠᠷᠢᠮᠲᠠᠯᠠᠵᠤ᠂ ᠤᠳᠤ ᠦᠶ᠎ᠡ ᠶᠢᠨ ᠭᠦᠢᠯᠭᠡᠭᠡᠨ ᠤ ᠪᠠᠶᠢᠯᠳᠤᠬᠤ ᠪᠣᠳᠣᠯᠭ᠎ᠠ ᠶᠢᠨ ᠲᠤᠯᠬᠤ ᠴᠡᠭ ᠤᠨ ᠬᠤᠳᠠ ᠶᠢ ᠪᠠᠶᠢᠭᠤᠯᠬᠤ ᠪᠠᠷ ᠠᠵᠠ ᠲᠣᠬᠢᠶᠠᠯ ᠪᠣᠯᠭᠠᠵᠤ᠂ ᠳᠣᠲᠣᠭᠠᠳᠤ ᠳᠠᠭᠠᠨ ᠰᠠᠭᠠᠳ ᠦᠭᠡᠢ ᠪᠥᠭᠡᠳ ᠭᠠᠳᠠᠭᠠᠳᠤ ᠲᠠᠢ ᠬᠤᠯᠪᠣᠭᠠᠯᠠᠬᠤ ᠤᠳᠤ ᠦᠶ᠎ᠡ ᠶᠢᠨ ᠭᠦᠢᠯᠭᠡᠭᠡᠨ ᠤ ᠲᠣᠣᠷ ᠢ ᠲᠦᠷᠭᠡᠨ ᠪᠠᠶᠢᠭᠤᠯᠵᠤ᠂ ᠰᠢᠨ᠎ᠡ ᠬᠥᠭᠵᠢᠯᠲᠡ ᠶᠢᠨ ᠪᠠᠶᠢᠷᠢᠰᠢᠯ ᠢ ᠲᠤᠯᠭᠠᠭᠤᠷᠢᠯᠠᠨ ᠪᠠᠶᠢᠭᠤᠯᠬᠤ ᠬᠡᠷᠡᠭᠲᠡᠢ᠃ ᠡᠷᠬᠡ ᠬᠠᠷᠢᠭᠤᠴᠠᠯᠭ᠎ᠠ ᠶᠢᠨ ᠨᠠᠷᠢᠨ ᠲᠠᠩᠰᠠ ᠶᠢᠨ ᠳᠦᠷᠢᠮ ᠢ ᠪᠥᠬᠦ ᠲᠠᠯ᠎ᠠ ᠪᠠᠷ ᠨᠠᠶᠢᠳᠠᠪᠤᠷᠢᠵᠢᠭᠤᠯᠵᠤ᠂ ᠵᠠᠰᠠᠭ ᠵᠠᠬᠢᠷᠭᠠᠨ ᠤ ᠡᠷᠬᠡ ᠶᠢᠨ ᠵᠦᠢᠯᠡᠰ ᠢ ᠰᠢᠯᠵᠢᠭᠦᠯᠦᠨ ᠲᠤᠰᠢᠶᠠᠵᠤ ᠳᠠᠭᠠᠭᠠᠨ ᠠᠪᠬᠤ ᠠᠵᠢᠯ ᠢ ᠰᠠᠶᠢᠲᠤᠷ ᠬᠢᠵᠦ᠂ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠪᠠᠷᠢᠮᠵᠢᠶᠠᠵᠢᠯᠲᠠ᠂ ᠵᠢᠷᠤᠮᠵᠢᠭᠤᠯᠤᠯᠲᠠ᠂ ᠳᠥᠭᠦᠮᠴᠢᠯᠡᠯᠲᠡ ᠶᠢ ᠦᠷᠭᠦᠯᠵᠢᠯᠡᠨ ᠠᠬᠢᠭᠤᠯᠵᠤ᠂ ᠠᠵᠤ ᠠᠬᠤᠶᠢᠯᠠᠯ ᠪᠠ ᠣᠯᠠᠨ ᠲᠦᠮᠡᠨ ᠤ ᠠᠵᠢᠯ ᠶᠠᠪᠤᠳᠠᠯ ᠭᠦᠢᠴᠡᠳᠬᠡᠬᠦ ᠳᠤ ᠬᠠᠮᠤᠭ ᠤᠨ ᠶᠡᠭᠡ ᠬᠡᠮᠵᠢᠶ᠎ᠡ ᠪᠠᠷ ᠲᠥᠬᠦᠮ ᠦᠵᠡᠭᠦᠯᠬᠦ ᠬᠡᠷᠡᠭᠲᠡᠢ᠃ ᠰᠢᠨ᠎ᠡ ᠪᠠᠷ ᠲᠠᠲᠠᠵᠤ ᠠᠪᠴᠢᠷᠠᠭᠰᠠᠨ ᠠᠵᠤ ᠠᠬᠤᠶᠢᠯᠠᠯ ᠤᠨ ︽ᠲᠥᠷᠥᠯ ᠵᠦᠢᠯ ᠤᠨ ᠬᠠᠮᠢᠶᠠᠷᠤᠯᠲᠠ ᠶᠢᠨ ᠳᠦᠷᠢᠮ︾ ᠪᠠ ᠨᠢᠭᠡᠨᠲᠡ ᠨᠠᠶᠢᠳᠠᠪᠤᠷᠢᠵᠢᠭᠤᠯᠤᠭᠰᠠᠨ ᠠᠵᠤ ᠠᠬᠤᠶᠢᠯᠠᠯ ᠤᠨ ︽ᠬᠤᠯᠪᠤᠭᠠᠯᠠᠨ ᠦᠢᠯᠡᠴᠢᠯᠡᠬᠦ ᠳᠦᠷᠢᠮ︾ ᠢ ᠭᠦᠢᠴᠡᠳ ᠪᠠᠳᠠᠷᠠᠭᠤᠯᠵᠤ᠂ ᠠᠵᠤ ᠠᠬᠤᠶᠢᠯᠠᠯ ᠤᠨ ᠬᠥᠭᠵᠢᠯᠲᠡ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠶᠠᠪᠤᠴᠠ ᠳᠠᠬᠢ ᠠᠰᠠᠭᠤᠳᠠᠯ ᠢ ᠦᠨᠡᠨᠬᠦ ᠬᠠᠪᠰᠤᠷᠤᠨ ᠰᠢᠢᠳᠪᠦᠷᠢᠯᠡᠵᠦ᠂ ᠠᠵᠤ ᠠᠬᠤᠶᠢᠯᠠᠯ ᠤᠨ ᠪᠤᠵᠠᠭᠠᠶᠢᠷᠠᠬᠤ ᠳᠠᠯᠳᠠ ᠬᠦᠴᠦᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠬᠥᠳᠡᠯᠭᠡᠬᠦ ᠬᠦᠴᠦᠨ᠂ ᠠᠵᠤ ᠠᠬᠤᠢ ᠶᠢᠨ ᠬᠥᠭᠵᠢᠯᠲᠡ ᠶᠢᠨ ᠠᠮᠢᠵᠢᠷᠠᠯ ᠤᠨ ᠬᠦᠴᠦᠨ ᠢ ᠭᠦᠢᠴᠡᠳ ᠪᠠᠳᠠᠷᠠᠭᠤᠯᠬᠤ ᠬᠡᠷᠡᠭᠲᠡᠢ ᠭᠡᠵᠦ ᠱᠠᠭᠠᠷᠳᠠᠪᠠ᠃     ᠬᠤᠷᠠᠯ ᠠᠴᠠ ᠪᠠᠰᠠ ᠪᠤᠰᠤᠳ ᠵᠦᠢᠯ ᠢ ᠰᠤᠳᠤᠯᠵᠠᠢ᠃                                              ᠣᠷᠴᠢᠭᠤᠯᠤᠭᠴᠢ᠄ ᠭᠤᠸ᠎ᠠ                                              ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2