ᠰᠢᠩ ᠾᠧ ᠰᠢᠶᠠᠨ ᠤ 2024 ᠣᠨ ᠤ 1 — 3 ᠰᠠᠷ᠎ᠠ ᠶᠢᠨ ᠠᠷᠠᠳ ᠲᠤ ᠠᠰᠢᠭ ᠬᠦᠷᠲᠡᠭᠡᠵᠦ ᠲᠠᠷᠢᠶᠠᠴᠢᠳ ᠲᠤ ᠠᠰᠢᠭ ᠬᠦᠷᠲᠡᠭᠡᠬᠦ ᠡᠳ᠋ ᠤᠨ ᠵᠠᠰᠠᠭ ᠤᠨ ᠨᠥᠬᠦᠪᠦᠷᠢ ᠶᠢᠨ ᠮᠥᠩᠭᠦ ᠶᠢᠨ ︽ᠪᠦᠬᠦᠨ ᠳᠤ ᠲᠣᠬᠢᠷᠠᠬᠤ ᠺᠠᠷᠲ︾ ᠢ ᠣᠯᠭᠤᠭᠰᠠᠨ ᠪᠠᠶᠢᠳᠠᠯ
ᠨᠡᠶᠢᠲᠡᠯᠡᠭᠰᠡᠨ ᠴᠠᠭ᠄
2024/4/26
    ᠠᠷᠠᠳ ᠲᠤ ᠠᠰᠢᠭ ᠬᠦᠷᠳᠡᠭᠡᠵᠦ ᠲᠠᠷᠢᠶᠠᠴᠢᠳ ᠲᠤ ᠠᠰᠢᠭ ᠬᠦᠷᠲᠡᠭᠡᠬᠦ ᠡᠳ᠋ ᠤᠨ ᠵᠠᠰᠠᠭ ᠤᠨ ᠨᠥᠬᠦᠪᠦᠷᠢ ᠶᠢᠨ ᠲᠥᠷᠥ ᠶᠢᠨ ᠪᠣᠳᠣᠯᠭ᠎ᠠ ᠶᠢ ᠬᠡᠷᠡᠭᠵᠢᠭᠦᠯᠦᠭᠰᠡᠨ ᠠᠴᠠ ᠨᠠᠰᠢ᠂ ᠰᠢᠩ ᠾᠧ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠬᠠᠮᠢᠶ᠎ᠠ ᠪᠦᠬᠦᠢ ᠪᠢᠴᠢᠭ ᠮᠠᠲ᠋ᠧᠷᠢᠶᠠᠯ ᠤᠨ ᠵᠢᠭᠠᠪᠤᠷᠢ ᠶᠢ ᠴᠢᠩᠭ᠎ᠠ ᠵᠢᠷᠤᠮᠯᠠᠨ᠂ ᠨᠦᠬᠦᠪᠦᠷᠢ ᠶᠢᠨ ᠮᠥᠩᠭᠦ ᠣᠯᠭᠤᠬᠤ ᠠᠵᠢᠯ ᠢ ᠨᠠᠷᠢᠨ ᠬᠢᠨᠠᠮᠠᠭᠠᠢ ᠵᠣᠬᠢᠶᠠᠨ ᠪᠠᠶᠢᠭᠤᠯᠵᠤ᠂ ᠨᠠᠷᠢᠨ ᠲᠣᠳᠣᠷᠬᠠᠢ ᠲᠥᠯᠥᠪᠯᠡᠭᠡ ᠲᠣᠭᠲᠠᠭᠠᠵᠤ᠂ ᠨᠦᠬᠦᠪᠦᠷᠢ ᠶᠢᠨ ᠮᠦᠩᠬᠦ ᠤᠯᠭᠤᠬᠤ ᠶᠠᠪᠤᠴᠠ ᠶᠢ ᠰᠢᠯᠢᠳᠡᠭᠵᠢᠭᠦᠯᠬᠦ ᠪᠠᠷ ᠳᠠᠮᠵᠢᠨ᠂ ᠬᠢᠨᠠᠯᠲᠠ ᠲᠠᠯᠪᠢᠵᠤ ᠪᠠᠶᠢᠴᠠᠭᠠᠬᠤ ᠪᠠᠨ ᠴᠢᠩᠭᠠᠳᠬᠠᠵᠤ᠂ ᠨᠥᠬᠦᠪᠦᠷᠢ ᠶᠢᠨ ᠮᠥᠩᠭᠦ ᠶᠢ ᠮᠠᠯᠴᠢᠨ ᠲᠠᠷᠢᠶᠠᠴᠢᠨ ᠳᠤ ᠴᠠᠭ ᠲᠤᠬᠠᠢ ᠳᠤᠨᠢ᠂ ᠣᠨᠣᠪᠴᠢᠲᠠᠶ ᠣᠯᠭᠤᠬᠤ ᠶᠢ ᠦᠨᠡᠨᠬᠦ ᠪᠠᠲᠤᠯᠠᠪᠠ᠃ ᠣᠳᠣᠬᠠᠨ ᠳᠤ 1 - 3 ᠳ᠋ᠤᠭᠠᠷ ᠰᠠᠷ᠎ᠠ ᠳᠤ ᠠᠷᠠᠳ ᠲᠤ ᠠᠰᠢᠭ ᠬᠦᠷᠲᠡᠭᠡᠵᠦ ᠲᠠᠷᠢᠶᠠᠴᠢᠳ ᠲᠤ ᠠᠰᠢᠭ ᠬᠦᠷᠲᠡᠭᠡᠬᠦ ᠡᠳ᠋ ᠤᠨ ᠵᠠᠰᠠᠭ ᠤᠨ ᠡᠯ᠎ᠡ ᠵᠦᠢᠯ ᠤᠨ ᠨᠥᠬᠦᠪᠦᠷᠢ ᠶᠢᠨ ᠮᠥᠩᠭᠦ ᠶᠢ ᠨᠢᠭᠡᠨᠲᠡ ᠪᠦᠬᠦ ᠲᠠᠯ᠎ᠠ ᠪᠠᠷ ᠲᠠᠷᠬᠠᠭᠠᠵᠤ᠂ ᠢᠯᠡᠳᠲᠡ ᠨᠡᠶᠢᠭᠡᠮ ᠤᠨ ᠦᠷ᠎ᠡ ᠪᠦᠲᠦᠮᠵᠢ ᠤᠯᠪᠠ᠃     1 — 3 ᠰᠠᠷ᠎ᠠ ᠳᠤ᠂ ᠰᠢᠩ ᠾᠧ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠥᠪᠥᠷ ᠮᠣᠩᠭᠤᠯ ᠤᠨ ᠡᠳ᠋ ᠤᠨ ᠵᠠᠰᠠᠭ ᠤᠨ ᠠᠷᠠᠳ ᠤᠨ ᠠᠮᠢᠳᠤᠷᠠᠯ ᠤᠨ ᠦᠢᠯᠡᠴᠢᠯᠡᠭᠡᠨ ᠤ ᠮᠡᠳᠡᠭᠡ ᠵᠠᠩᠭᠢ ᠶᠢᠨ ᠲᠠᠪᠴᠠᠩ ᠢᠶᠠᠷ ᠳᠠᠮᠵᠢᠭᠤᠯᠤᠨ ᠠᠷᠠᠳ ᠲᠤ ᠠᠰᠢᠭ ᠬᠦᠷᠲᠡᠭᠡᠬᠦ ᠨᠥᠬᠦᠪᠦᠷᠢ ᠶᠢᠨ ᠮᠥᠩᠭᠦ ᠶᠢ 9593.24 ᠲᠦᠮᠡᠨ ᠲᠥᠭᠦᠷᠢᠭ ᠲᠠᠷᠬᠠᠭᠠᠵᠤ᠂ ᠨᠥᠬᠦᠪᠦᠷᠢ ᠶᠢᠨ ᠪᠡᠯᠡ ᠮᠥᠩᠭᠦ 7 ᠬᠦᠷᠢᠶ᠎ᠡ ᠴᠠᠷᠠᠭᠠᠨ ᠤ 39 ᠲᠥᠷᠥᠯ ᠤᠨ 42 ᠵᠦᠢᠯ ᠳᠤ ᠬᠤᠯᠪᠣᠭᠳᠠᠵᠤ᠂ ᠨᠥᠬᠦᠪᠦᠷᠢ ᠶᠢᠨ ᠮᠦᠩᠬᠦ 425762 ᠬᠥᠮᠥᠨ ᠳᠤ ᠠᠰᠢᠭ ᠬᠦᠷᠳᠡᠭᠡᠪᠡ᠃ ᠡᠭᠦᠨ ᠳᠤ᠂ ᠲᠠᠷᠢᠶᠠᠯᠠᠩ ᠤᠨ ᠲᠥᠷᠥᠯ ᠤᠨ ᠨᠥᠬᠦᠪᠦᠷᠢ   ᠶᠢᠨ ᠮᠥᠩᠭᠦ 357.8 ᠲᠦᠮᠡᠨ ᠲᠥᠭᠦᠷᠢᠭ ᠲᠠᠷᠬᠠᠭᠠᠵᠤ᠂ 61626 ᠬᠥᠮᠥᠨ ᠳᠤ ᠠᠰᠢᠭ ᠬᠦᠷᠳᠡᠭᠡᠪᠡ︔ ᠣᠢ ᠰᠢᠭᠤᠢ ᠶᠢᠨ ᠲᠥᠷᠥᠯ ᠤᠨ ᠨᠥᠬᠦᠪᠦᠷᠢ ᠶᠢᠨ ᠮᠥᠩᠭᠦ 0.89 ᠲᠦᠮᠡᠨ ᠲᠥᠭᠦᠷᠢᠭ ᠲᠠᠷᠬᠠᠭᠠᠵᠤ᠂ 44 ᠬᠥᠮᠥᠨ ᠳᠤ ᠠᠰᠢᠭ ᠬᠦᠷᠲᠡᠭᠡᠪᠡ︔ ᠰᠤᠷᠭᠠᠨ ᠬᠥᠮᠦᠵᠢᠯ ᠤᠨ ᠲᠥᠷᠥᠯ ᠤᠨ ᠨᠥᠬᠦᠪᠦᠷᠢ ᠶᠢᠨ ᠮᠥᠩᠭᠦ 27.32 ᠲᠦᠮᠡᠨ ᠲᠥᠭᠦᠷᠢᠭ ᠲᠠᠷᠬᠠᠭᠠᠵᠤ᠂ 231 ᠬᠥᠮᠥᠨ ᠳᠤ ᠠᠰᠢᠭ ᠬᠦᠷᠲᠡᠭᠡᠪᠡ︔ ᠲᠥᠯᠥᠪᠯᠡᠭᠡᠲᠦ ᠦᠷᠡᠵᠢᠯ ᠤᠨ ᠨᠥᠬᠦᠪᠦᠷᠢ ᠶᠢᠨ ᠮᠥᠩᠭᠦ 0.86 ᠲᠦᠮᠡᠨ ᠲᠥᠭᠦᠷᠢᠭ ᠲᠠᠷᠬᠠᠭᠠᠵᠤ᠂ 9 ᠬᠥᠮᠥᠨ ᠳᠤ ᠠᠰᠢᠭ ᠬᠦᠷᠲᠡᠭᠡᠪᠡ︔ ᠪᠦᠲᠦᠭᠡᠨ ᠪᠠᠶᠢᠭᠤᠯᠤᠯᠲᠠ ᠶᠢᠨ ᠲᠥᠷᠥᠯ ᠤᠨ ᠨᠥᠬᠦᠪᠦᠷᠢ ᠶᠢᠨ ᠮᠥᠩᠭᠦ 552.87 ᠲᠦᠮᠡᠨ ᠲᠥᠭᠦᠷᠢᠭ ᠲᠠᠷᠬᠠᠭᠠᠵᠤ᠂ 5882 ᠬᠥᠮᠥᠨ ᠳᠤ ᠠᠰᠢᠭ ᠬᠦᠷᠳᠡᠭᠡᠪᠡ︔ ᠨᠡᠶᠢᠭᠡᠮ ᠤᠨ ᠪᠠᠲᠤᠯᠠᠭ᠎ᠠ ᠶᠢᠨ ᠲᠥᠷᠥᠯ ᠤᠨ ᠨᠥᠬᠦᠪᠦᠷᠢ ᠶᠢᠨ ᠮᠥᠩᠭᠦ 8005.31 ᠲᠦᠮᠡᠨ ᠲᠥᠭᠦᠷᠢᠭ ᠲᠠᠷᠬᠠᠭᠠᠵᠤ᠂ 356795 ᠬᠥᠮᠥᠨ ᠳᠤ ᠠᠰᠢᠭ ᠬᠦᠷᠳᠡᠭᠡᠪᠡ︔ ᠴᠠᠯᠢᠩ ᠨᠥᠬᠦᠪᠦᠷᠢ ᠶᠢᠨ ᠲᠥᠷᠥᠯ ᠤᠨ ᠨᠦᠬᠦᠪᠦᠷᠢ ᠶᠢᠨ ᠮᠦᠩᠬᠦ 648.18 ᠲᠦᠮᠡᠨ ᠲᠥᠭᠦᠷᠢᠭ ᠲᠠᠷᠬᠠᠭᠠᠵᠤ᠂1175 ᠬᠥᠮᠥᠨ ᠳᠤ ᠠᠰᠢᠭ ᠬᠦᠷᠲᠡᠭᠡᠪᠡ᠃     ᠰᠢᠩ ᠾᠧ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠨᠢᠭᠡ ᠲᠠᠯ᠎ᠠ ᠪᠠᠷ ᠠᠵᠢᠯ ᠤᠨ ᠠᠬᠢᠴᠠ ᠪᠠᠨ ᠲᠠᠰᠤᠷᠠᠯᠲᠠ ᠦᠭᠡᠢ ᠴᠢᠩᠭᠠᠷᠠᠭᠤᠯᠵᠤ᠂ ᠲᠥᠷᠥ ᠶᠢᠨ ᠪᠣᠳᠣᠯᠭ᠎ᠠ ᠶᠢᠨ ᠲᠣᠭᠲᠠᠭᠠᠯ ᠪᠠ ᠲᠠᠰ ᠳᠠᠷᠠᠭᠠᠯᠠᠯ ᠤᠨ ᠱᠠᠭᠠᠷᠳᠠᠯᠭ᠎ᠠ ᠶᠢ ᠴᠢᠩᠭ᠎ᠠ ᠵᠢᠷᠤᠮᠯᠠᠨ᠂ ᠨᠥᠬᠦᠴᠡᠯ ᠳᠤ ᠨᠡᠶᠢᠴᠡᠬᠦ ᠮᠠᠯᠴᠢᠨ ᠲᠠᠷᠢᠶᠠᠴᠢᠨ ᠢ ᠨᠠᠷᠢᠨ ᠬᠢᠨᠠᠮᠠᠭᠠᠢ ᠬᠢᠨᠠᠨ ᠬᠠᠷᠭᠤᠭᠤᠯᠬᠤ ᠪᠠ ᠬᠢᠨᠠᠨ ᠵᠥᠪᠰᠢᠶᠡᠷᠡᠵᠦ᠂ ᠨᠥᠬᠦᠪᠦᠷᠢ ᠶᠢᠨ ᠮᠥᠩᠭᠦ ᠶᠢᠨ ᠨᠠᠷᠢᠯᠢᠭ ᠣᠨᠣᠴᠠᠲᠠᠢ ᠪᠠ ᠢᠯᠡ ᠲᠣᠳᠣ ᠤᠯᠭᠤᠬᠤ ᠶᠢ ᠦᠨᠡᠨᠬᠦ ᠪᠠᠲᠤᠯᠠᠪᠠ᠃ ᠨᠥᠭᠦᠭᠡ ᠲᠠᠯ᠎ᠠ ᠪᠠᠷ ᠪᠠᠰᠠ ᠪᠠᠩᠬᠢ ᠵᠡᠷᠭᠡ ᠬᠠᠮᠢᠶ᠎ᠠ ᠪᠦᠬᠦᠢ ᠰᠠᠯᠠᠭ᠎ᠠ ᠮᠥᠴᠢᠷ  ᠯᠦᠭᠡ ᠶᠢᠨ ᠨᠡᠪᠲᠡᠷᠡᠯᠴᠡᠭᠡ ᠵᠣᠬᠢᠴᠠᠭᠤᠯᠭ᠎ᠠ ᠪᠠᠨ ᠴᠢᠩᠭᠠᠳᠬᠠᠵᠤ᠂ ᠪᠡᠯᠡ ᠮᠥᠩᠭᠦ ᠣᠯᠭᠤᠬᠤ ᠠᠷᠭ᠎ᠠ ᠵᠠᠮ ᠤᠨ ᠰᠠᠭᠠᠳ ᠦᠭᠡᠢ ᠨᠡᠪᠲᠡᠷᠡᠬᠦ ᠶᠢ ᠦᠨᠡᠨᠬᠦ ᠪᠠᠲᠤᠯᠠᠵᠤ᠂ ᠪᠡᠯᠡ ᠮᠥᠩᠭᠦ ᠣᠯᠭᠤᠬᠤ ᠦᠷ᠎ᠡ ᠪᠦᠲᠦᠮᠵᠢ ᠪᠠ ᠣᠨᠣᠪᠴᠢᠲᠤ ᠴᠢᠨᠠᠷ ᠢ ᠳᠡᠭᠡᠭᠰᠢᠯᠡᠭᠦᠯᠪᠡ᠃ ᠰᠢᠩ ᠾᠧ ᠰᠢᠶᠠᠨ ᠤ ᠡᠳ᠋ ᠤᠨ ᠵᠠᠰᠠᠭ ᠤᠨ ᠲᠣᠪᠴᠢᠶ᠎ᠠ ᠲᠥᠷᠥ ᠶᠢᠨ ᠪᠣᠳᠣᠯᠭ᠎ᠠ ᠶᠢᠨ ᠤᠬᠠᠭᠤᠯᠭ᠎ᠠ ᠪᠠᠨ ᠴᠢᠩᠭᠠᠳᠬᠠᠵᠤ᠂ ᠬᠢᠨᠠᠨ ᠵᠥᠪᠰᠢᠶᠡᠷᠡᠭᠦᠯᠬᠦ ᠪᠠᠷ ᠭᠤᠶᠤᠴᠢᠯᠠᠬᠤ ᠶᠠᠪᠤᠴᠠ ᠶᠢ ᠰᠢᠯᠢᠳᠡᠭᠵᠢᠬᠦᠯᠵᠦ᠂ ᠨᠡᠶᠢᠭᠡᠮ ᠤᠨ ᠡᠶ᠎ᠡ ᠵᠣᠬᠢᠴᠠᠯ ᠲᠠᠢ ᠬᠥᠭᠵᠢᠯᠲᠡ ᠶᠢ ᠲᠦᠯᠬᠢᠨ ᠠᠬᠢᠭᠤᠯᠬᠤ ᠪᠠ ᠮᠠᠯᠴᠢᠨ ᠲᠠᠷᠢᠶᠠᠴᠢᠨ ᠤ ᠠᠮᠢᠳᠤᠷᠠᠯ ᠤᠨ ᠬᠢᠷᠢ ᠲᠦᠪᠰᠢᠨ ᠢ ᠳᠡᠭᠡᠭᠰᠢᠯᠡᠭᠦᠯᠬᠦ ᠳᠤ ᠪᠠᠲᠤ ᠪᠠᠬᠢ ᠰᠠᠭᠤᠷᠢ ᠶᠢ ᠲᠠᠯᠪᠢᠵᠤ ᠥᠭᠴᠡᠢ᠃
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2