ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ
ᠨᠡᠶᠢᠲᠡᠯᠡᠭᠰᠡᠨ ᠴᠠᠭ᠄
2024/4/26
     ᠤᠯᠠᠭᠠᠨᠴᠠᠪ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠵᠥᠪᠯᠡᠯ ᠪᠣᠯ ᠬᠤᠲᠠ ᠶᠢᠨ ᠠᠷᠠᠳ ᠤᠨ ᠵᠠᠰᠠᠭ ᠤᠨ ᠣᠷᠳᠣᠨ ᠤ ᠠᠵᠢᠯ ᠤᠨ ᠰᠠᠯᠠᠭ᠎ᠠ ᠮᠥᠴᠢᠷ ᠪᠣᠯᠣᠨ᠎ᠠ᠃ ᠨᠢᠭᠡ᠂ ᠭᠤᠣᠯ ᠡᠭᠦᠷᠭᠡ ᠬᠠᠷᠢᠭᠤᠴᠠᠯᠭ᠎ᠠ᠄ ︵ᠨᠢᠭᠡ︶ ᠪᠥᠬᠦ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠥᠷᠥ ᠶᠢᠨ ᠪᠣᠳᠣᠯᠭ᠎ᠠ ᠶᠢ ᠵᠣᠬᠢᠶᠠᠨ ᠪᠠᠶᠢᠭᠤᠯᠤᠨ ᠲᠣᠭᠲᠠᠭᠠᠵᠤ᠂ ᠣᠷᠣᠨ ᠨᠤᠲᠤᠭ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠪᠠᠷᠢᠮᠵᠢᠶ᠎ᠠ ᠶᠢ ᠲᠥᠯᠥᠪᠵᠢᠭᠦᠯᠦᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠡᠬᠢ ᠪᠠᠶᠠᠯᠢᠭ ᠤᠨ ᠲᠣᠬᠢᠷᠠᠭᠤᠯᠤᠯᠲᠠ ᠶᠢ ᠨᠢᠭᠡᠳᠦᠯᠲᠡᠢ ᠲᠥᠯᠥᠪᠵᠢᠭᠦᠯᠵᠦ᠂ ᠣᠷᠣᠨ ᠪᠦᠰᠡ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠥᠯᠦᠪᠵᠢᠭᠦᠯᠭᠡ ᠶᠢ ᠨᠠᠶᠢᠷᠠᠭᠤᠯᠤᠨ ᠵᠣᠬᠢᠶᠠᠬᠤ ᠪᠠ ᠬᠡᠷᠡᠭᠵᠢᠭᠦᠯᠬᠦ ᠶᠢ ᠵᠢᠯᠣᠭᠤᠳᠤᠨ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠣᠯᠠᠨ ᠨᠡᠶᠢᠲᠡ ᠶᠢᠨ ᠦᠨᠳᠦᠰᠦᠨ ᠦᠢᠯᠡᠴᠢᠯᠡᠭᠡ ᠶᠢ ᠠᠳᠠᠯᠢ ᠲᠡᠭᠰᠢ ᠪᠣᠯᠭᠠᠬᠤ᠂ ᠲᠦᠭᠡᠮᠡᠯ ᠠᠰᠢᠭ ᠬᠦᠷᠲᠡᠭᠡᠬᠦ᠂ ᠳᠥᠭᠦᠮ ᠳᠥᠲᠡ ᠪᠣᠯᠭᠠᠬᠤ ᠪᠠ ᠣᠯᠠᠨ ᠨᠡᠶᠢᠲᠡ ᠶᠢᠨ ᠡᠬᠢ ᠪᠠᠶᠠᠯᠢᠭ ᠢ ᠦᠨᠳᠦᠰᠦᠨ ᠱᠠᠲᠤ ᠳᠠᠰᠢ ᠤᠷᠲᠤᠳᠬᠠᠬᠤ ᠶᠢ ᠠᠬᠢᠭᠤᠯᠬᠤ ᠵᠡᠷᠭᠡ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ︵ᠬᠤᠶᠠᠷ︶ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠶᠢ ᠵᠣᠬᠢᠴᠠᠭᠤᠯᠤᠨ ᠠᠬᠢᠭᠤᠯᠵᠤ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠴᠢᠬᠤᠯᠠ ᠶᠡᠭᠡ ᠴᠢᠭᠯᠡᠯᠲᠡ᠂ ᠲᠥᠷᠥ ᠶᠢᠨ ᠪᠣᠳᠣᠯᠭ᠎ᠠ᠂ ᠠᠷᠭ᠎ᠠ ᠬᠡᠮᠵᠢᠶ᠎ᠡ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠵᠣᠬᠢᠶᠠᠨ ᠪᠠᠶᠢᠭᠤᠯᠤᠨ ᠭᠦᠨᠵᠡᠭᠡᠶᠢᠷᠡᠭᠦᠯᠵᠦ᠂ ᠬᠠᠮᠢᠶᠠᠷᠬᠤ ᠪᠠ ᠡᠷᠭᠢᠯᠡᠬᠦ ᠶᠢ ᠰᠠᠯᠭᠠᠬᠤ ᠶᠢ ᠠᠬᠢᠭᠤᠯᠤᠨ᠂ ᠣᠲᠣ ᠦᠶ᠎ᠡ ᠶᠢᠨ ᠡᠮᠨᠡᠯᠭᠡ ᠶᠢᠨ ᠬᠤᠷᠢᠶ᠎ᠠ ᠶᠢᠨ ᠬᠠᠮᠢᠶᠠᠷᠤᠯᠲᠠ ᠶᠢᠨ ᠳᠦᠷᠢᠮ ᠢ ᠪᠦᠷᠢᠨᠰᠢᠭᠦᠯᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠣᠯᠠᠨ ᠨᠡᠶᠢᠲᠡ ᠶᠢᠨ ᠦᠢᠯᠡᠴᠢᠯᠡᠭᠡ ᠬᠠᠩᠭᠠᠬᠤ ᠭᠤᠣᠯ ᠴᠣᠭᠴᠠ ᠶᠢᠨ ᠣᠯᠠᠨ ᠡᠰᠢᠴᠢᠯᠡᠭᠰᠡᠨ ᠲᠥᠷᠥ ᠶᠢᠨ ᠪᠣᠳᠣᠯᠭ᠎ᠠ ᠶᠢ ᠨᠠᠶᠢᠳᠠᠪᠤᠷᠢᠵᠢᠭᠤᠯᠤᠨ᠂ ᠡᠮᠴᠢᠯᠡᠭᠡᠨ ᠤ ᠦᠢᠯᠡᠴᠢᠯᠡᠭᠡ ᠪᠠ ᠡᠮ ᠤᠨ ᠵᠦᠢᠯ ᠤᠨ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠳᠤᠷᠠᠳᠤᠨ᠎ᠠ᠃ ︵ᠭᠤᠷᠪᠠ︶ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠲᠥᠯᠦᠪᠵᠢᠭᠦᠯᠭᠡ ᠵᠢᠴᠢ ᠠᠷᠠᠳ ᠲᠦᠮᠡᠨ ᠤ ᠡᠷᠡᠭᠦᠯ ᠮᠡᠨᠳᠦ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠳᠤ ᠬᠦᠨᠳᠦ ᠨᠣᠴᠢᠲᠠᠢ ᠬᠤᠣᠷ ᠬᠥᠨᠥᠭᠡᠯ ᠤᠴᠠᠷᠠᠭᠤᠯᠬᠤ ᠠᠰᠠᠭᠤᠳᠠᠯ ᠳᠤ ᠭᠠᠷ ᠲᠦᠷᠦᠭᠦ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠨᠠᠶᠢᠳᠠᠪᠤᠷᠢᠵᠢᠭᠤᠯᠵᠤ᠂ ᠤᠯᠤᠰ ᠤᠨ ᠴᠠᠷᠤᠯᠲᠠ ᠶᠢᠨ ᠲᠥᠯᠦᠪᠵᠢᠭᠦᠯᠭᠡ ᠶᠢ ᠬᠡᠷᠡᠭᠵᠢᠭᠦᠯᠦᠨ᠂ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠠᠵᠢᠯ ᠢ ᠬᠠᠷᠢᠭᠤᠴᠠᠵᠤ᠂ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠢ ᠰᠡᠷᠭᠡᠶᠢᠯᠡᠨ ᠬᠢᠵᠠᠭᠠᠷᠯᠠᠬᠤ ᠪᠠ ᠡᠯ᠎ᠡ ᠲᠥᠷᠥᠯ ᠤᠨ ᠭᠡᠨᠡᠳᠲᠡ ᠶᠢᠨ ᠣᠯᠠᠨ ᠨᠡᠶᠢᠲᠡ ᠶᠢᠨ ᠬᠡᠷᠡᠭ ᠤᠨ ᠡᠮᠴᠢᠯᠡᠭᠡ ᠡᠷᠡᠭᠦᠯ ᠬᠠᠮᠠᠭᠠᠯᠠᠯ ᠤᠨ ᠠᠪᠤᠷᠠᠨ ᠲᠤᠰᠠᠯᠠᠬᠤ ᠠᠵᠢᠯ ᠢ ᠵᠣᠬᠢᠶᠠᠨ ᠪᠠᠶᠢᠭᠤᠯᠤᠨ ᠵᠢᠯᠣᠭᠤᠳᠤᠨ᠎ᠠ᠃ ︵ᠳᠥᠷᠪᠡ︶ ᠬᠥᠮᠥᠨ ᠠᠮᠠ ᠶᠢᠨ ᠨᠠᠰᠤᠵᠢᠯᠲᠠ ᠶᠢ ᠠᠷᠭᠠᠴᠠᠬᠤ ᠲᠥᠷᠥ ᠶᠢᠨ ᠪᠣᠳᠣᠯᠭ᠎ᠠ ᠶᠢᠨ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠤᠨ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠴᠠᠭᠤᠯᠤᠨ ᠨᠠᠶᠢᠳᠠᠪᠤᠷᠢᠵᠢᠭᠤᠯᠵᠤ᠂ ᠪᠥᠬᠦ ᠬᠤᠲᠠ ᠶᠢᠨ ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠪᠠ ᠡᠮᠨᠡᠬᠦ ᠰᠤᠪᠢᠯᠠᠬᠤ ᠶᠢ ᠤᠶᠠᠯᠳᠤᠭᠤᠯᠬᠤ ᠠᠵᠢᠯ ᠢ ᠬᠠᠷᠢᠭᠤᠴᠠᠨ ᠠᠬᠢᠭᠤᠯᠤᠨ᠎ᠠ᠃ ︵ᠲᠠᠪᠤ︶ ᠤᠯᠤᠰ ᠤᠨ ᠡᠮ ᠤᠨ ᠵᠦᠢᠯ ᠤᠨ ᠲᠥᠷᠥ ᠶᠢᠨ ᠪᠣᠳᠣᠯᠭ᠎ᠠ ᠪᠠ ᠦᠨᠳᠦᠰᠦᠨ ᠡᠮ ᠤᠨ ᠵᠦᠢᠯ ᠤᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠢᠳᠡᠭᠡᠨ ᠤ ᠠᠮᠤᠷ ᠲᠥᠪᠰᠢᠨ ᠤ ᠲᠦᠭᠰᠢᠭᠦᠷᠢ ᠶᠢ ᠬᠢᠨᠠᠨ ᠬᠡᠮᠵᠢᠵᠦ ᠦᠨᠡᠯᠡᠨ ᠵᠢᠱᠢᠬᠦ ᠶᠢ ᠵᠣᠬᠢᠶᠠᠨ ᠪᠠᠶᠢᠭᠤᠯᠤᠨ ᠥᠷᠨᠢᠭᠦᠯᠵᠦ᠂ ᠢᠳᠡᠭᠡᠨ ᠤ ᠠᠶᠤᠯ ᠦᠭᠡᠢ ᠶᠢᠨ ᠪᠠᠷᠢᠮᠵᠢᠶ᠎ᠠ ᠶᠢ ᠮᠥᠷᠳᠡᠨ ᠦᠨᠡᠯᠡᠬᠦ ᠠᠵᠢᠯ ᠢ ᠰᠠᠶᠢᠲᠤᠷ ᠬᠢᠨ᠎ᠡ᠃ ︵ᠵᠢᠷᠭᠤᠭ᠎ᠠ︶ ᠲᠤᠰᠢᠶᠠᠯ ᠬᠠᠷᠢᠭᠤᠴᠠᠯᠭ᠎ᠠ ᠶᠢᠨ ᠢᠶᠠᠨ ᠬᠡᠪᠴᠢᠶᠡᠨ ᠳᠣᠲᠣᠷᠠᠬᠢ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ᠂ ᠰᠠᠴᠤᠷᠠᠭ ᠢᠳᠡᠪᠬᠢ ᠡᠷᠡᠭᠦᠯ ᠬᠠᠮᠠᠭᠠᠯᠠᠯ᠂ ᠣᠷᠴᠢᠨ ᠠᠬᠤᠢ ᠶᠢᠨ ᠡᠷᠡᠭᠦᠯ ᠬᠠᠮᠠᠭᠠᠯᠠᠯ᠂ ᠰᠤᠷᠭᠠᠭᠤᠯᠢ ᠶᠢᠨ ᠡᠷᠡᠭᠦᠯ ᠬᠠᠮᠠᠭᠠᠯᠠᠯ᠂ ᠤᠯᠠᠨ ᠨᠡᠶᠢᠲᠡ ᠶᠢᠨ ᠲᠠᠯᠠᠪᠤᠷ ᠤᠨ ᠡᠷᠡᠭᠦᠯ ᠬᠠᠮᠠᠭᠠᠯᠠᠯ᠂ ᠤᠤᠭᠤᠬᠤ ᠤᠰᠤᠨ ᠤ ᠡᠷᠡᠭᠦᠯ ᠬᠠᠮᠠᠭᠠᠯᠠᠯ ᠵᠡᠷᠭᠡ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠢᠨᠠᠯᠲᠠ ᠬᠠᠮᠢᠶᠠᠷᠤᠯᠲᠠ ᠶᠢ ᠬᠠᠷᠢᠭᠤᠴᠠᠵᠤ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠳᠤ ᠬᠢᠨᠠᠯᠲᠠ ᠲᠠᠯᠪᠢᠬᠤ ᠶᠢ ᠬᠠᠷᠢᠭᠤᠴᠠᠵᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠶᠡᠷᠦᠩᠬᠡᠶᠢᠯᠡᠭᠰᠡᠨ ᠬᠢᠨᠠᠯᠲᠠ ᠶᠢᠨ ᠰᠢᠰᠲ᠋ᠧᠮ ᠢ ᠲᠡᠭᠦᠯᠳᠡᠷᠵᠢᠭᠦᠯᠦᠨ᠎ᠡ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠤᠤᠭᠤᠬᠤ ᠤᠰᠤᠨ ᠤ ᠡᠬᠢ ᠰᠤᠷᠪᠤᠯᠵᠢ ᠶᠢᠨ ᠭᠡᠨᠡᠳᠲᠡ ᠶᠢᠨ ᠡ᠊ᠨᠳᠡᠯ ᠢ ᠤᠷᠢᠳᠴᠢᠯᠠᠨ ᠰᠡᠷᠭᠡᠶᠢᠯᠡᠬᠦ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠠᠵᠢᠯ ᠢ ᠰᠠᠶᠢᠲᠤᠷ ︽ᠲᠠᠮᠠᠬᠢ ᠶᠢ ᠬᠢᠵᠠᠭᠠᠷᠯᠠᠬᠤ ᠪᠣᠷᠣ ᠲᠥᠯᠥᠪ ᠤᠨ ᠨᠡᠶᠢᠲᠡ ᠶᠢᠨ ᠭᠡᠷ᠎ᠡ︾ ᠶᠢᠨ ᠭᠡᠷ᠎ᠡ ᠶᠢ ᠭᠦᠢᠴᠡᠳᠬᠡᠬᠦ ᠠᠵᠢᠯ ᠢ ᠲᠦᠷᠦᠭᠦᠯᠡᠨ ᠬᠢᠨ᠎ᠡ᠃ ︵ᠳᠣᠯᠤᠭ᠎ᠠ︶ ᠡᠮᠴᠢᠯᠡᠭᠡᠨ ᠤ ᠪᠠᠶᠢᠭᠤᠯᠤᠮᠵᠢ᠂ ᠡᠮᠴᠢᠯᠡᠭᠡᠨ ᠤ ᠦᠢᠯᠡᠴᠢᠯᠡᠭᠡᠨ ᠤ ᠠᠵᠢᠯ ᠲᠥᠷᠥᠯ ᠤᠨ ᠬᠠᠮᠢᠶᠠᠷᠤᠯᠲᠠ ᠶᠢᠨ ᠠᠷᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠨ ᠬᠡᠷᠡᠭᠵᠢᠭᠦᠯᠵᠦ᠂ ᠡᠮᠴᠢᠯᠡᠭᠡᠨ ᠤ ᠦᠢᠯᠡᠴᠢᠯᠡᠭᠡᠨ ᠤ ᠦᠨᠡᠯᠡᠯᠲᠡ ᠪᠠ ᠬᠢᠨᠠᠯᠲᠠ ᠬᠠᠮᠢᠶᠠᠷᠤᠯᠲᠠ ᠶᠢᠨ ᠰᠢᠰᠲ᠋ᠧᠮᠵᠢ ᠶᠢ ᠪᠠᠶᠢᠭᠤᠯᠤᠨ᠎ᠠ᠃ ᠬᠤᠯᠪᠣᠭᠳᠠᠯ ᠪᠦᠬᠦᠢ ᠰᠠᠯᠠᠭ᠎ᠠ ᠮᠥᠴᠢᠷ ᠲᠠᠢ ᠬᠠᠮᠲᠤᠷᠠᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠤᠰᠬᠠᠢ ᠮᠡᠷᠭᠡᠵᠢᠯ ᠤᠨ ᠠᠵᠢᠯᠲᠠᠨ ᠤ ᠬᠢᠷᠢ ᠬᠡᠮ ᠤᠨ ᠪᠠᠷᠢᠮᠵᠢᠶ᠎ᠠ ᠶᠢ ᠲᠣᠭᠲᠠᠭᠠᠵᠤ ᠬᠡᠷᠡᠭᠵᠢᠭᠦᠯᠦᠨ᠎ᠡ᠃ ᠡᠮᠴᠢᠯᠡᠭᠡᠨ ᠤ ᠦᠢᠯᠡᠴᠢᠯᠡᠭᠡᠨ ᠤ ᠵᠢᠷᠤᠮᠵᠢᠯ᠂ ᠪᠠᠷᠢᠮᠵᠢᠶ᠎ᠠ ᠪᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠤᠰᠬᠠᠢ ᠮᠡᠷᠭᠡᠵᠢᠯ ᠤᠨ ᠠᠵᠢᠯᠲᠠᠨ ᠤ ᠠᠵᠢᠯ ᠡᠷᠭᠢᠯᠡᠬᠦ ᠳᠦᠷᠢᠮ᠂ ᠦᠢᠯᠡᠴᠢᠯᠡᠭᠡᠨ ᠤ ᠵᠢᠷᠤᠮᠵᠢᠯ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠵᠤ ᠬᠡᠷᠡᠭᠵᠢᠭᠦᠯᠦᠨ᠎ᠡ᠃ ︵ᠨᠠᠢᠮᠠ︶ ᠲᠥᠯᠥᠪᠯᠡᠭᠡᠲᠦ ᠦᠷᠡᠵᠢᠯ ᠤᠨ ᠬᠠᠮᠢᠶᠠᠷᠤᠯᠲᠠ ᠪᠠ ᠦᠢᠯᠡᠴᠢᠯᠡᠭᠡᠨ ᠤ ᠠᠵᠢᠯ ᠢ ᠬᠠᠷᠢᠭᠤᠴᠠᠵᠤ᠂ ᠬᠥᠮᠥᠨ ᠠᠮᠠ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠥᠷᠨᠢᠭᠦᠯᠦᠨ᠂ ᠬᠥᠮᠥᠨ ᠠᠮᠠ ᠬᠢᠭᠡᠳ ᠭᠡᠷ ᠪᠦᠯᠢ ᠶᠢᠨ ᠬᠥᠭᠵᠢᠯᠲᠡ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠣᠷᠣᠨ ᠨᠤᠲᠤᠭ ᠤᠨ ᠲᠥᠯᠥᠪᠯᠡᠭᠡᠲᠦ ᠦᠷᠡᠵᠢᠯ ᠤᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠦᠨ᠎ᠡ᠃ ︵ᠶᠢᠰᠦ︶ ᠦᠨᠳᠦᠰᠦᠨ ᠱᠠᠲᠤᠨ ᠤ ᠡᠮᠴᠢᠯᠡᠭᠡ ᠡᠷᠡᠭᠦᠯ ᠬᠠᠮᠠᠭᠠᠯᠠᠯ᠂ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮᠵᠢ ᠪᠠ ᠶᠡᠷᠦᠩᠬᠡᠢ ᠰᠠᠯᠠᠭᠠᠨ ᠤ ᠡᠮᠴᠢ ᠶᠢᠨ ᠡᠩᠨᠡᠭᠡ ᠶᠢᠨ ᠪᠠᠶᠢᠭᠤᠯᠤᠯᠲᠠ ᠶᠢ ᠵᠢᠯᠤᠭᠤᠳᠴᠤ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠦᠨ ᠬᠥᠭᠵᠢᠬᠦ ᠶᠢ ᠠᠬᠢᠭᠤᠯᠤᠨ᠎ᠠ᠃ ︵ᠠᠷᠪᠠ︶ ᠮᠣᠩᠭᠤᠯ ᠬᠢᠲᠠᠳ ᠡᠮ ᠡᠮᠨᠡᠯᠭᠡ ᠶᠢᠨ ᠡᠮᠴᠢᠯᠡᠭᠡ᠂ ᠡᠷᠡᠭᠦᠯᠵᠢᠯ᠂ ᠰᠤᠷᠭᠠᠨ ᠬᠥᠮᠦᠵᠢᠯ᠂ ᠰᠢᠨᠵᠢᠯᠡᠬᠦ ᠤᠬᠠᠭᠠᠨ ᠤ ᠰᠤᠳᠤᠯᠤᠯ᠂ ᠰᠣᠶᠣᠯ ᠬᠢᠭᠡᠳ ᠬᠠᠮᠢᠶ᠎ᠠ ᠪᠦᠬᠦᠢ ᠠᠵᠤ ᠦᠢᠯᠡᠰ ᠤᠨ ᠥᠭᠡᠷᠡᠴᠢᠯᠡᠯᠲᠡ ᠬᠥᠭᠵᠢᠯᠲᠡ ᠬᠢᠭᠡᠳ ᠭᠠᠳᠠᠭᠠᠳᠤ ᠯᠤᠭ᠎ᠠ ᠶᠢᠨ ᠰᠣᠯᠢᠯᠴᠠᠭ᠎ᠠ ᠬᠤᠷᠰᠢᠯᠴᠠᠭ᠎ᠠ ᠶᠢ ᠪᠠᠲᠤᠯᠠᠬᠤ ᠪᠠ ᠠᠬᠢᠭᠤᠯᠵᠤ᠂ ᠮᠣᠩᠭᠤᠯ ᠬᠢᠲᠠᠳ ᠡᠮ ᠡᠮᠨᠡᠯᠭᠡ ᠶᠢᠨ ᠤᠯᠠᠮᠵᠢᠯᠠᠨ ᠵᠠᠯᠭᠠᠮᠵᠢᠯᠠᠵᠤ ᠰᠢᠨ᠎ᠡ ᠶᠢ ᠡᠭᠦᠳᠬᠦ ᠪᠠ ᠬᠥᠭᠵᠢᠭᠦᠯᠦᠨ ᠮᠠᠨᠳᠤᠭᠤᠯᠬᠤ ᠶᠢ ᠲᠤᠶᠢᠯᠬᠢᠠ ᠠᠬᠢᠭᠤᠯᠤᠨ᠎ᠠ᠃ ︵ᠠᠷᠪᠠᠨ ᠨᠢᠭᠡ︶ ᠬᠤᠲᠠ ᠶᠢᠨ ᠡᠷᠡᠭᠦᠯ ᠮᠡᠨᠳᠦ ᠶᠢ ᠬᠠᠮᠠᠭᠠᠯᠠᠬᠤ ᠡᠲᠡᠭᠡᠳ ᠤᠨ ᠡᠮᠴᠢᠯᠡᠭᠡ ᠡᠷᠡᠭᠦᠯᠵᠢᠯ ᠤᠨ ᠠᠵᠢᠯ ᠢ ᠬᠠᠷᠢᠭᠤᠴᠠᠵᠤ᠂ ᠴᠢᠬᠤᠯᠠ ᠬᠤᠷᠠᠯ ᠪᠠ ᠴᠢᠬᠤᠯᠠ ᠶᠡᠭᠡ ᠠᠵᠢᠯᠯᠠᠭ᠎ᠠ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃ ︵ᠠᠷᠪᠠᠨ ᠬᠤᠶᠠᠷ︶ ᠬᠤᠲᠠ ᠶᠢᠨ ᠨᠠᠰᠤᠲᠠᠶᠢᠴᠤᠳ ᠤᠨ ᠡᠷᠡᠭᠦᠯ ᠮᠡᠨᠳᠦ ᠶᠢᠨ ᠠᠵᠢᠯ ᠢ ᠬᠠᠷᠢᠭᠤᠴᠠᠨ᠎ᠠ᠃ ︵ᠠᠷᠪᠠᠨ ᠭᠤᠷᠪᠠ︶ ᠪᠥᠬᠦ ᠬᠤᠲᠠ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠬᠦᠷᠢᠶᠡᠨ ᠳᠠᠬᠢ ᠴᠢᠳᠠᠪᠤᠷᠢᠲᠠᠨ ᠤ ᠡᠩᠨᠡᠭᠡ ᠶᠢᠨ ᠪᠠᠶᠢᠭᠤᠯᠤᠯᠲᠠ ᠶᠢ ᠵᠢᠯᠤᠭᠤᠳᠴᠤ᠂ ᠭᠠᠳᠠᠭᠠᠳᠤ ᠲᠠᠢ ᠴᠢᠳᠠᠪᠤᠷᠢᠲᠠᠨ᠂ ᠮᠡᠷᠭᠡᠵᠢᠯ ᠤᠨ ᠰᠣᠯᠢᠯᠴᠠᠭ᠎ᠠ ᠪᠠ ᠬᠠᠮᠲᠤᠷᠠᠯᠴᠠᠭ᠎ᠠ ᠶᠢ ᠥᠷᠨᠢᠭᠦᠯᠦᠨ᠎ᠡ᠃ ︵ᠠᠷᠪᠠᠨ ᠳᠥᠷᠪᠡ︶ ᠡᠭᠦᠷᠭᠡ ᠬᠠᠷᠢᠭᠤᠴᠠᠯᠭ᠎ᠠ ᠶᠢᠨ ᠠᠵᠢᠯ ᠤᠨ ᠬᠤᠪᠢᠶᠠᠷᠢᠯᠠᠯ ᠶᠣᠰᠣᠭᠠᠷ᠂ ᠲᠣᠰ ᠰᠠᠯᠠᠭ᠎ᠠ ᠮᠥᠴᠢᠷ ᠤᠨ ᠢᠶᠠᠨ ᠨᠠᠮ ᠤᠨ ᠰᠤᠷᠲᠠᠯ ᠪᠠ ᠴᠢᠬᠡᠴᠢ ᠵᠠᠰᠠᠭ ᠤᠨ ᠪᠠᠶᠢᠭᠤᠯᠤᠯᠲᠠ᠂ ᠦᠵᠡᠯ ᠤᠬᠠᠮᠰᠠᠷ ᠤᠨ ᠬᠡᠯᠪᠡᠷᠢ᠂ ᠠᠶᠤᠯ ᠦᠭᠡᠢ ᠦᠢᠯᠡᠳᠪᠦᠷᠢᠯᠡᠯ᠂ ᠠᠮᠢ ᠠᠬᠤᠢ ᠣᠷᠴᠢᠨ ᠲᠣᠭᠤᠷᠢᠨ ᠤ ᠬᠠᠮᠠᠭᠠᠯᠠᠯᠲᠠ᠂ ᠲᠣᠭᠲᠠᠭᠤᠨ ᠢ ᠬᠠᠮᠠᠭᠠᠯᠠᠬᠤ ᠵᠠᠬᠢᠳᠠᠯ ᠰᠣᠷᠪᠤᠯᠵᠢᠯᠠᠭ᠎ᠠ᠂ ᠶᠠᠳᠠᠭᠤ ᠠᠴᠠ ᠠᠩᠭᠢᠵᠢᠷᠠᠭᠤᠯᠬᠤ ᠪᠣᠭᠤᠮᠲᠠ ᠰᠢᠪᠲᠤᠯᠬᠤ ᠵᠡᠷᠭᠡ ᠠᠵᠢᠯ ᠢ ᠬᠠᠷᠢᠭᠤᠴᠠᠨ᠎ᠠ᠃ ︵ᠠᠷᠪᠠᠨ ᠲᠠᠪᠤ︶ ᠬᠤᠳᠠ ᠶᠢᠨ ᠨᠠᠮ ᠤᠨ ᠬᠤᠷᠢᠶ᠎ᠠ᠂ ᠬᠤᠳᠠ ᠶᠢᠨ ᠵᠠᠰᠠᠭ ᠤᠨ ᠣᠷᠳᠣᠨ ᠤ ᠲᠤᠰᠢᠶᠠᠭᠰᠠᠨ ᠪᠤᠰᠤᠳ ᠡᠭᠦᠷᠭᠡ ᠨᠦᠭᠦᠳ ᠢ ᠪᠡᠶᠡᠯᠡᠭᠦᠯᠦᠨ᠎ᠡ᠃ ᠬᠤᠶᠠᠷ᠂ ᠳᠣᠲᠣᠭᠠᠳᠤ ᠪᠠᠶᠢᠭᠤᠯᠤᠮᠵᠢ᠄ ︵ᠨᠢᠭᠡ︶ ᠠᠯᠪᠠᠨ ᠭᠡᠷ᠃ ᠪᠠᠶᠢᠭᠤᠯᠭ᠎ᠠ ᠶᠢᠨ ᠡᠳᠦᠷ ᠲᠤᠲᠤᠮ ᠤᠨ ᠠᠵᠢᠯᠯᠠᠭᠠᠨ ᠢ ᠬᠠᠷᠢᠭᠤᠴᠠᠵᠤ᠂ ᠠᠮᠤᠷ ᠲᠦᠪᠰᠢᠨ᠂ ᠨᠢᠭᠤᠴᠠ ᠶᠢ ᠬᠠᠮᠠᠭᠠᠯᠠᠬᠤ᠂ ᠵᠠᠬᠢᠳᠠᠯ ᠰᠣᠷᠪᠤᠯᠵᠢᠯᠠᠭ᠎ᠠ᠂ ᠭᠠᠳᠠᠭᠠᠳᠤ ᠲᠠᠢ ᠬᠠᠮᠲᠤᠷᠠᠨ ᠰᠣᠯᠢᠯᠴᠠᠭ᠎ᠠ ᠬᠢᠬᠦ᠂ ᠵᠠᠰᠠᠭ ᠤᠨ ᠶᠠᠪᠤᠳᠠᠯ ᠢ ᠢᠯᠡ ᠪᠣᠯᠭᠠᠬᠤ ᠵᠡᠷᠭᠡ ᠠᠵᠢᠯ ᠢ ᠡᠭᠦᠷᠭᠡᠯᠡᠨ᠎ᠡ᠃ ︵ᠬᠤᠶᠠᠷ︶ ᠠᠵᠢᠯᠲᠠᠨ ᠤ ᠶᠠᠪᠤᠳᠠᠯ ᠤᠨ ᠰᠠᠯᠠᠭ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠴᠢᠳᠠᠪᠤᠷᠢᠲᠠᠨ ᠤ ᠬᠥᠭᠵᠢᠯᠲᠡ ᠶᠢᠨ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠵᠤ᠂ ᠪᠠᠶᠢᠭᠤᠯᠭ᠎ᠠ ᠪᠣᠯᠣᠨ ᠬᠠᠷᠢᠶ᠎ᠠ ᠨᠢᠭᠡᠴᠢ  ᠶᠢᠨ ᠠᠵᠢᠯᠲᠠᠨ ᠤ ᠶᠠᠪᠤᠳᠠᠯ ᠤᠨ ᠬᠠᠮᠢᠶᠠᠷᠤᠯᠲᠠ᠂ ᠪᠠᠶᠢᠭᠤᠯᠤᠮᠵᠢ ᠶᠢᠨ ᠣᠷᠣᠨ ᠲᠤᠭ᠎ᠠ᠂ ᠡᠩᠨᠡᠭᠡ ᠶᠢᠨ ᠪᠠᠶᠢᠭᠤᠯᠤᠯᠲᠠ ᠵᠡᠷᠭᠡ ᠠᠵᠢᠯ ᠢ ᠡᠭᠦᠷᠭᠡᠯᠡᠨ᠎ᠡ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠤᠰᠬᠠᠢ ᠮᠡᠷᠭᠡᠵᠢᠯᠲᠡᠨ ᠤ ᠬᠢᠷᠢ ᠬᠡᠮ ᠤᠨ ᠬᠠᠮᠢᠶᠠᠷᠤᠯᠲᠠ ᠶᠢ ᠬᠠᠷᠢᠭᠤᠴᠠᠨ᠎ᠠ᠃ ᠪᠠᠶᠢᠭᠤᠯᠭ᠎ᠠ ᠶᠢᠨ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠥᠰ ᠤᠨ ᠠᠵᠢᠯ ᠢ ᠬᠠᠷᠢᠭᠤᠴᠠᠵᠤ᠂ ᠬᠠᠷᠢᠶ᠎ᠠ ᠨᠢᠭᠡᠴᠢ ᠶᠢᠨ ᠢᠶᠠᠨ ᠠᠵᠢᠯ ᠠᠴᠠ ᠪᠠᠨ ᠰᠠᠯᠵᠤ ᠠᠮᠠᠷᠠᠭᠰᠠᠨ ᠪᠠ ᠠᠵᠢᠯ ᠠᠴᠠ ᠪᠠᠨ ᠪᠠᠭᠤᠵᠤ ᠠᠮᠠᠷᠠᠭᠰᠠᠨ ᠬᠥᠮᠥᠰ ᠤᠨ ᠠᠵᠢᠯ ᠢ ᠵᠢᠯᠣᠭᠤᠳᠤᠨ᠎ᠠ᠃ ︵ᠭᠤᠷᠪᠠ︶ ᠡᠳ᠋ ᠤᠨ ᠶᠠᠪᠤᠳᠠᠯ ᠤᠨ ᠰᠠᠯᠠᠭ᠎ᠠ᠃ ᠪᠠᠶᠢᠭᠤᠯᠭ᠎ᠠ ᠪᠠ ᠲᠥᠰᠥᠪ ᠤᠨ ᠬᠠᠮᠢᠶᠠᠷᠤᠯᠲᠠ ᠶᠢᠨ ᠨᠢᠭᠡᠴᠢ ᠶᠢᠨ ᠲᠥᠰᠥᠪ ᠪᠠ ᠲᠥᠰᠥᠪ ᠤᠨ ᠭᠦᠢᠴᠡᠳᠬᠡᠯ᠂ ᠡᠳ᠋ ᠤᠨ ᠶᠠᠪᠤᠳᠠᠯ᠂ ᠡᠳ᠋ ᠬᠥᠷᠥᠩᠭᠡ ᠶᠢᠨ ᠬᠠᠮᠢᠶᠠᠷᠤᠯᠲᠠ ᠪᠠ ᠳᠣᠲᠣᠭᠠᠳᠤ ᠶᠢᠨ ᠬᠢᠨᠠᠨ ᠪᠤᠳᠤᠬᠤ ᠠᠵᠢᠯ ᠢ ᠡᠭᠦᠷᠭᠡᠯᠡᠨ᠎ᠡ᠃ ︵ᠳᠥᠷᠪᠡ︶ ᠲᠥᠯᠥᠪᠵᠢᠭᠦᠯᠦᠨ ᠬᠥᠭᠵᠢᠭᠦᠯᠬᠦ ᠪᠠ ᠮᠡᠳᠡᠭᠡ ᠵᠠᠩᠭᠢ ᠶᠢᠨ ᠰᠠᠯᠠᠭ᠎ᠠ᠃ ᠡᠷᠡᠭᠦᠯ ᠮᠡᠨᠳᠦ ᠤᠯᠠᠭᠠᠨᠴᠠᠪ ᠤᠨ ᠪᠠᠶᠢᠭᠤᠯᠤᠯᠲᠠ ᠶᠢ ᠵᠣᠬᠢᠴᠠᠭᠤᠯᠤᠨ ᠠᠬᠢᠭᠤᠯᠬᠤ ᠠᠵᠢᠯ ᠢ ᠡᠭᠦᠷᠭᠡᠯᠡᠵᠦ᠂ ᠪᠥᠬᠦ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠰ ᠤᠨ ᠬᠥᠭᠵᠢᠯᠲᠡ ᠶᠢᠨ ᠳᠤᠮᠳᠠ ᠣᠷᠳᠣ ᠬᠤᠭᠤᠴᠠᠭᠠᠨ ᠤ ᠲᠥᠯᠦᠪᠵᠢᠭᠦᠯᠭᠡ ᠶᠢ ᠵᠣᠬᠢᠶᠠᠨ ᠪᠠᠶᠢᠭᠤᠯᠤᠨ ᠲᠤᠭᠤᠷᠪᠢᠵᠤ᠂ ᠪᠥᠬᠦ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮᠵᠢ᠂ ᠮᠡᠳᠡᠭᠡ ᠵᠠᠩᠭᠢᠵᠢᠯᠲᠠ ᠶᠢᠨ ᠪᠠᠶᠢᠭᠤᠯᠤᠯᠲᠠ ᠪᠠ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠪᠦᠷᠢᠳᠬᠡᠯ ᠤᠨ ᠠᠵᠢᠯ ᠢ ᠵᠢᠯᠣᠭᠤᠳᠤᠨ᠎ᠠ᠃ ︵ᠲᠠᠪᠤ︶ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠰᠠᠯᠠᠭ᠎ᠠ᠃ ᠪᠥᠬᠦ ᠬᠤᠲᠠ ᠶᠢᠨ ᠬᠦᠨᠳᠦ ᠶᠡᠭᠡ ᠡᠪᠡᠳᠴᠢᠨ ᠡᠮᠭᠡᠭ ᠢ ᠰᠡᠷᠭᠡᠶᠢᠯᠡᠨ ᠵᠠᠰᠠᠬᠤ ᠲᠥᠯᠦᠪᠵᠢᠭᠦᠯᠭᠡ᠂ ᠡᠭᠡᠯᠢᠯᠡᠭᠡ ᠶᠢᠨ ᠲᠥᠯᠦᠪᠵᠢᠭᠦᠯᠭᠡ᠂ ᠠᠷᠠᠳ ᠲᠦᠮᠡᠨ ᠤ ᠡᠷᠡᠭᠦᠯ ᠮᠡᠨᠳᠦ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠳᠤ ᠬᠦᠨᠳᠦ ᠨᠣᠴᠢᠲᠠᠢ ᠬᠤᠣᠷ ᠬᠥᠨᠥᠭᠡᠯ ᠤᠴᠠᠷᠠᠭᠤᠯᠬᠤ ᠠᠰᠠᠭᠤᠳᠠᠯ ᠳᠤ ᠭᠠᠷ ᠲᠦᠷᠦᠭᠦ ᠠᠷᠭ᠎ᠠ ᠬᠡᠮᠵᠢᠶ᠎ᠡ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠪᠡᠳᠴᠢᠨ ᠡᠮᠭᠡᠭ ᠢ ᠰᠡᠷᠭᠡᠶᠢᠯᠡᠨ ᠡᠵᠡᠮᠳᠡᠬᠦ ᠰᠢᠰᠲ᠋ᠧᠮᠵᠢ ᠶᠢ ᠲᠡᠭᠦᠯᠳᠡᠷᠵᠢᠭᠦᠯᠦᠨ᠎ᠡ᠃ ᠬᠠᠯᠳᠠᠪᠤᠷᠢᠲᠤ ᠡᠪᠡᠳᠴᠢᠨ ᠤ ᠬᠢᠵᠢᠭ ᠤᠨ ᠪᠠᠶᠢᠳᠠᠯ ᠤᠨ ᠮᠡᠳᠡᠭᠡ ᠵᠠᠩᠭᠢ ᠶᠢ ᠨᠡᠶᠢᠲᠡᠯᠡᠬᠦ ︽ᠲᠠᠮᠠᠬᠢ ᠶᠢ ᠬᠢᠵᠠᠭᠠᠷᠯᠠᠬᠤ ᠪᠣᠷᠣ ᠲᠥᠯᠥᠪ ᠤᠨ ᠨᠡᠶᠢᠲᠡ ᠶᠢᠨ ᠭᠡᠷ᠎ᠡ︾ ᠶᠢᠨ ᠭᠡᠷ᠎ᠡ ᠶᠢ ᠭᠦᠢᠴᠡᠳᠬᠡᠬᠦ ᠠᠵᠢᠯ ᠢ ᠡᠭᠦᠷᠭᠡᠯᠡᠨ᠎ᠡ᠃ ᠢᠳᠡᠭᠡᠨ ᠤ ᠠᠮᠤᠷ ᠲᠦᠪᠰᠢᠨ ᠤ ᠪᠠᠷᠢᠮᠵᠢᠶ᠎ᠠ ᠶᠢ ᠮᠥᠷᠳᠡᠨ ᠦᠨᠡᠯᠡᠬᠦ ᠠᠵᠢᠯ ᠢ ᠢᠳᠡᠭᠡᠨ ᠤ ᠠᠶᠤᠯ ᠦᠭᠡᠢ ᠶᠢᠨ ᠲᠦᠭᠰᠢᠭᠦᠷᠢ ᠶᠢ ᠬᠢᠨᠠᠨ ᠬᠡᠮᠵᠢᠬᠦ᠂ ᠰᠣᠯᠢᠯᠴᠠᠬᠤ᠂ ᠰᠡᠷᠡᠮᠵᠢᠯᠡᠭᠦᠯᠬᠦ ᠠᠵᠢᠯ᢭ ᠢ ᠬᠠᠷᠢᠭᠤᠴᠠᠨ᠎ᠠ᠃ ᠤᠯᠠᠭᠠᠨᠴᠠᠪ ᠬᠤᠲᠠ ᠶᠢᠨ ᠤᠯᠤᠰ ᠢᠶᠠᠨ ᠬᠠᠶᠢᠷᠠᠯᠠᠬᠤ ᠡᠷᠡᠭᠦᠯ ᠬᠠᠮᠠᠭᠠᠯᠠᠯ ᠤᠨ ᠬᠥᠳᠡᠯᠭᠡᠭᠡᠨ ᠤ ᠠᠵᠢᠯ ᠢ ᠡᠭᠦᠷᠭᠡᠯᠡᠨ᠎ᠡ᠃ ᠠᠵᠢᠯ ᠮᠡᠷᠭᠡᠵᠢᠯ ᠤᠨ ᠡᠷᠡᠭᠦᠯ ᠬᠠᠮᠠᠭᠠᠯᠠᠯ᠂ ᠰᠠᠴᠤᠷᠠᠭ ᠢᠳᠡᠪᠬᠢ ᠴᠢᠨᠠᠷ ᠤᠨ ᠡᠷᠡᠭᠦᠯ ᠬᠠᠮᠠᠭᠠᠯᠠᠯ ᠤᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ᠂ ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠭᠤᠣᠯᠳᠠᠯᠭ᠎ᠠ ᠲᠠᠢ ᠠᠵᠢᠯ ᠤᠨ ᠨᠥᠯᠥᠭᠡᠨ ᠤ ᠡᠪᠡᠳᠴᠢᠨ ᠢ  ᠬᠢᠨᠠᠨ ᠬᠡᠮᠵᠢᠬᠦ᠂ ᠲᠤᠰᠬᠠᠢ ᠵᠦᠢᠯ ᠤᠨ ᠪᠠᠶᠢᠴᠠᠭᠠᠯᠲᠠ᠂ ᠠᠵᠢᠯ ᠮᠡᠷᠭᠡᠵᠢᠯ ᠤᠨ ᠡᠷᠡᠭᠦᠯ ᠮᠡᠨᠳᠤ ᠶᠢᠨ ᠲᠦᠭᠰᠢᠭᠦᠷᠢ ᠶᠢ ᠦᠨᠡᠯᠡᠨ ᠵᠢᠱᠢᠬᠦ ᠪᠠ ᠠᠵᠢᠯ ᠮᠡᠷᠭᠡᠵᠢᠯ ᠤᠨ ᠬᠥᠮᠥᠰ ᠤᠨ ᠡᠷᠡᠭᠦᠯ ᠮᠡᠨᠳᠤ ᠶᠢᠨ ᠬᠠᠮᠢᠶᠠᠷᠤᠯᠲᠠ ᠶᠢᠨ ᠠᠵᠢᠯ ᠢ ᠥᠷᠨᠢᠭᠦᠯᠦᠨ᠎ᠡ᠃ ᠠᠵᠢᠯ ᠤᠨ ᠨᠥᠯᠥᠭᠡᠨ  ᠤ ᠡᠪᠡᠳᠴᠢᠨ ᠢ ᠰᠡᠷᠭᠡᠶᠢᠯᠡᠨ ᠵᠠᠰᠠᠬᠤ ᠠᠵᠢᠯ ᠢ ᠵᠣᠬᠢᠴᠠᠭᠤᠯᠤᠨ ᠥᠷᠨᠢᠭᠦᠯᠦᠨ᠎ᠡ᠃ ︵ᠵᠢᠷᠭᠤᠭ᠎ᠠ︶ ᠡᠮᠨᠡᠯᠭᠡ ᠶᠢᠨ ᠶᠠᠪᠤᠳᠠᠯ ᠡᠮᠨᠡᠯᠭᠡ ᠶᠢᠨ ᠬᠠᠮᠢᠶᠠᠷᠤᠯᠲᠠ ᠶᠢᠨ ᠰᠠᠯᠠᠭ᠎ᠠ ︵ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢᠨ ᠠᠯᠪᠠᠨ ᠭᠡᠷ︶᠃ ᠡᠮᠴᠢᠯᠡᠭᠡᠨ ᠤ ᠪᠠᠶᠢᠭᠤᠯᠤᠮᠵᠢ ᠵᠢᠴᠢ ᠡᠮᠨᠡᠯᠭᠡ ᠶᠢᠨ ᠠᠵᠢᠯᠲᠠᠨ᠂ ᠡᠮᠴᠢᠯᠡᠭᠡᠨ ᠤ ᠮᠡᠷᠭᠡᠵᠢᠯ ᠤᠨ ᠬᠡᠷᠡᠭᠯᠡᠯᠲᠡ᠂ ᠡᠮᠴᠢᠯᠡᠭᠡᠨ ᠤ ᠶᠠᠰᠤ ᠴᠢᠨᠠᠷ ᠪᠠ ᠠᠮᠤᠷ ᠲᠦᠪᠰᠢᠨ᠂ ᠡᠮᠴᠢᠯᠡᠭᠡᠨ ᠤ ᠦᠢᠯᠡᠴᠢᠯᠡᠭᠡ᠂ ᠴᠢᠰᠤ ᠠᠪᠬᠤ ᠴᠢᠰᠤ ᠬᠠᠩᠭᠠᠬᠤ ᠪᠠᠶᠢᠭᠤᠯᠤᠮᠵᠢ ᠶᠢᠨ ᠬᠠᠮᠢᠶᠠᠷᠤᠯᠲᠠ ᠵᠢᠴᠢ ᠠᠵᠢᠯ ᠲᠥᠷᠥᠯ ᠤᠨ ᠰᠤᠷᠲᠠᠯ ᠤᠨ ᠪᠠᠶᠢᠭᠤᠯᠤᠯᠲᠠ ᠵᠡᠷᠭᠡ ᠠᠵᠢᠯ ᠲᠥᠷᠥᠯ ᠤᠨ ᠬᠠᠮᠢᠶᠠᠷᠤᠯᠲᠠ ᠶᠢᠨ ᠲᠥᠷᠥ ᠶᠢᠨ ᠪᠣᠳᠣᠯᠭ᠎ᠠ ᠶᠢᠨ ᠵᠢᠷᠤᠮᠵᠢᠯ᠂ ᠪᠠᠷᠢᠮᠵᠢᠶ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠬᠢᠨᠠᠯᠲᠠ ᠲᠠᠯᠪᠢᠵᠤ ᠬᠡᠷᠡᠭᠵᠢᠭᠦᠯᠦᠨ᠎ᠡ᠃ ᠰᠤᠪᠢᠯᠠᠬᠤ᠂ ᠡᠷᠡᠭᠦᠯᠵᠢᠭᠦᠯᠬᠦ ᠦᠢᠯᠡᠰ ᠤᠨ ᠬᠥᠭᠵᠢᠯᠲᠡ ᠶᠢ ᠠᠬᠢᠭᠤᠯᠬᠤ ᠠᠵᠢᠯ ᠢ ᠡᠭᠦᠷᠭᠡᠯᠡᠨ᠎ᠡ᠃ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠠᠵᠢᠯᠯᠠᠭᠠᠨ ᠢ ᠬᠢᠨᠠᠨ ᠬᠠᠮᠢᠶᠠᠷᠬᠤ᠂ ᠠᠮᠵᠢᠯᠲᠠ ᠪᠦᠲᠦᠮᠵᠢ ᠶᠢ ᠦᠨᠡᠯᠡᠬᠦ ᠪᠠ ᠬᠢᠨᠠᠨ ᠰᠢᠯᠭᠠᠬᠤ ᠳᠦᠷᠢᠮ ᠢ ᠲᠤᠭᠤᠷᠪᠢᠨ ᠲᠣᠭᠲᠠᠭᠠᠨ᠎ᠠ᠃ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠪᠣᠳᠠᠲᠠᠢ ᠠᠵᠢᠯ ᠢ ᠡᠭᠦᠷᠭᠡᠯᠡᠵᠦ᠂ ᠡᠮ ᠡᠮᠨᠡᠯᠭᠡ ᠡᠷᠡᠭᠦᠯ ᠬᠠᠮᠠᠭᠠᠯᠠᠯ ᠤᠨ ᠪᠠᠶᠢᠭᠤᠯᠤᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠬᠦ ᠴᠢᠬᠤᠯᠠ ᠶᠡᠭᠡ ᠴᠢᠭᠯᠡᠯᠲᠡ᠂ ᠲᠥᠷᠥ ᠶᠢᠨ ᠪᠣᠳᠣᠯᠭ᠎ᠠ᠂ ᠠᠷᠭ᠎ᠠ ᠬᠡᠮᠵᠢᠶ᠎ᠡ ᠶᠢᠨ ᠰᠠᠨᠠᠭᠤᠯᠭ᠎ᠠ ᠶᠢ ᠰᠤᠳᠤᠯᠤᠨ ᠳᠤᠷᠠᠳᠴᠤ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶᠠᠨ ᠤ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠵᠣᠬᠢᠶᠠᠨ ᠪᠠᠶᠢᠭᠤᠯᠤᠨ ᠲᠦᠯᠬᠢᠨ ᠠᠬᠢᠭᠤᠯᠤᠨ᠎ᠠ᠃ ᠤᠯᠤᠰ ᠤᠨ ᠦᠨᠳᠦᠰᠦᠨ ᠡᠮ ᠤᠨ ᠵᠦᠢᠯ ᠤᠨ ᠳᠦᠷᠢᠮ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠡᠮ ᠤᠨ ᠵᠦᠢᠯ ᠤᠨ ᠬᠡᠷᠡᠭᠯᠡᠯᠲᠡ ᠶᠢ ᠬᠢᠨᠠᠨ ᠬᠡᠮᠵᠢᠬᠦ᠂ ᠡᠮᠴᠢᠯᠡᠭᠡᠨ ᠤ ᠶᠡᠷᠦᠩᠬᠡᠶᠢᠯᠡᠭᠰᠡᠨ ᠦᠨᠡᠯᠡᠯᠲᠡ ᠬᠢᠬᠦ ᠪᠠ ᠳᠤᠲᠠᠭᠳᠠᠵᠤ ᠪᠠᠶᠢᠭ᠎ᠠ ᠡᠮ ᠤᠨ ᠵᠦᠢᠯ ᠢ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠥᠷᠨᠢᠭᠦᠯᠦᠨ᠎ᠡ᠃ ᠤᠯᠠᠭᠠᠨᠴᠠᠪ ᠬᠤᠲᠠ ᠶᠢᠨ ᠡᠷᠡᠭᠦᠯᠵᠢᠯ ᠤᠨ ᠡᠲᠡᠭᠡᠳ ᠤᠨ ᠡᠮᠴᠢᠯᠡᠭᠡ ᠡᠷᠡᠭᠦᠯᠵᠢᠯ ᠪᠠ ᠤᠷᠢᠳᠴᠢᠯᠠᠨ ᠰᠡᠷᠭᠡᠶᠢᠯᠡᠬᠦ ᠡᠷᠡᠭᠦᠯᠵᠢᠯ ᠤᠨ ᠠᠵᠢᠯ ᠢ ᠡᠭᠦᠷᠭᠡᠯᠡᠵᠦ᠂ ᠴᠢᠬᠤᠯᠠ ᠬᠤᠷᠠᠯ᠂ ᠴᠢᠬᠤᠯᠠ ᠶᠡᠭᠡ ᠠᠵᠢᠯᠯᠠᠭ᠎ᠠ ᠶᠢᠨ ᠡᠮᠴᠢᠯᠡᠭᠡ ᠡᠷᠡᠭᠦᠯ ᠬᠠᠮᠠᠭᠠᠯᠠᠯ ᠤᠨ ᠪᠠᠲᠤᠯᠠᠭ᠎ᠠ ᠶᠢᠨ ᠠᠵᠢᠯ ᠢ ᠬᠠᠷᠢᠭᠤᠴᠠᠨ᠎ᠠ᠃ ︵ᠳᠣᠯᠤᠭ᠎ᠠ︶ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠠᠯᠠᠭ᠎ᠠ᠃ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠥᠷᠥ ᠶᠢᠨ ᠪᠣᠳᠣᠯᠭ᠎ᠠ᠂ ᠪᠠᠷᠢᠮᠵᠢᠶ᠎ᠠ ᠪᠠ ᠵᠢᠷᠤᠮᠵᠢᠯ ᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠦᠨᠳᠦᠰᠦᠨ ᠱᠠᠲᠤᠨ ᠤ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠪᠠ ᠬᠥᠳᠡᠭᠡ ᠲᠣᠰᠬᠤᠨ ᠤ ᠡᠮᠴᠢ ᠶᠢᠨ ᠬᠠᠮᠢᠶ᠎ᠠ ᠪᠦᠬᠦᠢ ᠬᠠᠮᠢᠶᠠᠷᠤᠯᠲᠠ ᠶᠢᠨ ᠠᠵᠢᠯ ᠢ ᠵᠢᠯᠣᠭᠤᠳᠤᠨ᠎ᠠ᠃ ︵ᠨᠠᠢᠮᠠ︶ ᠡᠬᠡ ᠨᠢᠯᠬᠠᠰ ᠤᠨ ᠡᠷᠡᠭᠦᠯ ᠮᠡᠨᠳᠦ ᠶᠢᠨ ᠰᠠᠯᠠᠭ᠎ᠠ᠃ ᠡᠬᠡ ᠨᠢᠯᠬᠠᠰ ᠤᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠲᠥᠷᠥ ᠶᠢᠨ ᠪᠣᠳᠣᠯᠭ᠎ᠠ᠂ ᠪᠠᠷᠢᠮᠵᠢᠶ᠎ᠠ ᠪᠠ ᠵᠢᠷᠤᠮᠵᠢᠯ ᠢ ᠲᠤᠭᠤᠷᠪᠢᠨ ᠲᠣᠭᠲᠠᠭᠠᠵᠤ᠂ ᠡᠬᠡ ᠨᠢᠯᠬᠠᠰ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮᠵᠢ ᠶᠢᠨ ᠪᠠᠶᠢᠭᠤᠯᠤᠯᠲᠠ ᠶᠢ ᠠᠬᠢᠭᠤᠯᠤᠨ᠂ ᠡᠬᠡ ᠨᠢᠯᠬᠠᠰ ᠤᠨ ᠡᠷᠡᠭᠦᠯ ᠬᠠᠮᠠᠭᠠᠯᠠᠯ᠂ ᠵᠡᠷᠡᠮᠳᠡᠭ ᠲᠦᠷᠦᠭᠦ ᠶᠢ ᠰᠡᠷᠭᠡᠶᠢᠯᠡᠨ ᠵᠠᠰᠠᠬᠤ᠂ ᠨᠢᠯᠬ᠎ᠠ ᠬᠡᠦᠬᠡᠳ ᠤᠨ ᠠᠩᠬᠠᠨ ᠤ ᠬᠤᠭᠤᠴᠠᠭᠠᠨ ᠤ ᠬᠥᠭᠵᠢᠯᠲᠡ᠂ ᠬᠥᠮᠥᠨ ᠲᠥᠷᠥᠯᠬᠢᠲᠡᠨ ᠤ ᠲᠤᠰᠠᠯᠠᠬᠤ ᠦᠷᠡᠵᠢᠯ ᠤᠨ ᠮᠡᠷᠭᠡᠵᠢᠯ ᠤᠨ ᠬᠠᠮᠢᠶᠠᠷᠤᠯᠲᠠ᠂ ᠦᠷᠡᠵᠢᠯ ᠤᠨ ᠮᠡᠷᠭᠡᠵᠢᠯ ᠤᠨ ᠦᠢᠯᠡᠴᠢᠯᠡᠭᠡᠨ ᠤ ᠠᠵᠢᠯ ᠢ ᠵᠢᠯᠣᠭᠤᠳᠤᠨ᠎ᠠ᠃ ︵ᠶᠢᠰᠦ︶ ᠮᠣᠩᠭᠤᠯ ᠬᠢᠲᠠᠳ ᠡᠮ ᠡᠮᠨᠡᠯᠭᠡ ᠶᠢᠨ ᠰᠠᠯᠠᠭ᠎ᠠ᠃ ᠮᠣᠩᠭᠤᠯ ᠬᠢᠲᠠᠳ ᠡᠮ ᠡᠮᠨᠡᠯᠭᠡ ᠶᠢᠨ ᠲᠥᠷᠥ ᠶᠢᠨ ᠪᠣᠳᠣᠯᠭ᠎ᠠ ᠪᠠ ᠶᠡᠷᠦᠩᠬᠡᠶᠢᠯᠡᠨ ᠬᠢᠨᠠᠯᠲᠠ ᠲᠠᠯᠪᠢᠬᠤ᠂ ᠰᠣᠶᠣᠯ ᠤᠨ ᠪᠠᠶᠢᠭᠤᠯᠤᠯᠲᠠ᠂ ᠰᠣᠨᠢᠨ ᠮᠡᠳᠡᠭᠡᠨ ᠤ ᠤᠬᠠᠭᠤᠯᠭ᠎ᠠ᠂ ᠡᠷᠡᠭᠦᠯ ᠮᠡᠡᠳᠦ ᠶᠢ ᠠᠬᠢᠭᠤᠯᠬᠤ ᠵᠢᠴᠢ ᠮᠡᠳᠡᠭᠡ ᠵᠠᠩᠭᠢᠵᠢᠭᠤᠯᠬᠤ ᠪᠠᠶᠢᠭᠤᠯᠤᠯᠲᠠ ᠵᠡᠷᠭᠡ ᠠᠵᠢᠯ ᠢ ᠬᠠᠷᠢᠭᠤᠴᠠᠨ᠎ᠠ᠃ ᠮᠣᠩᠭᠤᠯ ᠬᠢᠲᠠᠳ ᠡᠮᠨᠡᠯᠭᠡ ᠶᠢᠨ ᠡᠮᠴᠢᠯᠡᠭᠡᠨ ᠤ ᠪᠠᠶᠢᠭᠤᠯᠤᠮᠵᠢ᠂ ᠡᠮᠨᠡᠯᠭᠡ ᠶᠢᠨ ᠠᠵᠢᠯᠲᠠᠨ᠂ ᠡᠮᠴᠢᠯᠡᠭᠡᠨ ᠤ ᠮᠡᠷᠭᠡᠵᠢᠯ ᠤᠨ ᠬᠡᠷᠡᠭᠯᠡᠯᠲᠡ ᠪᠣᠯᠣᠨ ᠡᠮᠴᠢᠯᠡᠭᠡᠨ ᠳᠤ ᠬᠡᠷᠡᠭᠯᠡᠬᠦ ᠡᠮ ᠤᠨ ᠬᠠᠮᠢᠶᠠᠷᠤᠯᠲᠠ᠂ ᠦᠨᠡᠯᠡᠯᠲᠡ ᠶᠢ ᠬᠠᠷᠢᠭᠤᠴᠠᠵᠤ᠂ ᠮᠣᠩᠭᠤᠯ ᠬᠢᠲᠠᠳ ᠡᠮ ᠡᠮᠨᠡᠯᠭᠡ ᠶᠢᠨ ᠥᠭᠡᠷᠡᠴᠢᠯᠡᠯᠲᠡ ᠬᠥᠭᠵᠢᠯᠲᠡ ᠪᠣᠯᠣᠨ ᠴᠢᠳᠠᠪᠤᠷᠢ ᠶᠢᠨ ᠳᠡᠭᠡᠭᠰᠢᠯᠡᠯᠲᠡ ᠶᠢ ᠲᠦᠯᠬᠢᠨ ᠠᠬᠢᠭᠤᠯᠵᠤ᠂ ᠦᠨᠳᠦᠰᠦᠨ ᠱᠠᠲᠤᠨ ᠤ ᠡᠮᠨᠡᠯᠭᠡ ᠡᠷᠡᠭᠦᠯ ᠬᠠᠮᠠᠭᠠᠯᠠᠯ  ᠤᠨ ᠪᠠᠶᠢᠭᠤᠯᠤᠮᠵᠢ᠂ ᠪᠤᠰᠤᠳ ᠡᠮᠴᠢᠯᠡᠭᠡᠨ ᠤ ᠪᠠᠶᠢᠭᠤᠯᠤᠮᠵᠢ ᠶᠢᠨ ᠮᠣᠩᠭᠤᠯ ᠬᠢᠲᠠᠳ ᠡᠮ ᠡᠮᠨᠡᠯᠭᠡ ᠶᠢᠨ ᠦᠢᠯᠡᠴᠢᠯᠡᠭᠡᠨ ᠢ ᠵᠢᠯᠣᠭᠤᠳᠤᠨ᠎ᠠ᠃ ᠮᠣᠩᠭᠤᠯ ᠬᠢᠲᠠᠳ ᠡᠮ ᠡᠮᠨᠡᠯᠭᠡ ᠶᠢᠨ ᠬᠠᠮᠢᠶ᠎ᠠ ᠪᠦᠬᠦᠢ ᠨᠡᠶᠢᠭᠡᠮ ᠤᠨ ᠵᠣᠬᠢᠶᠠᠨ ᠪᠠᠶᠢᠭᠤᠯᠤᠯᠲᠠ ᠶᠢ ᠬᠠᠮᠢᠶᠠᠷᠤᠨ᠎ᠠ᠃ ᠮᠣᠩᠭᠤᠯ ᠬᠢᠲᠠᠳ ᠡᠮ ᠡᠮᠨᠡᠯᠭᠡ ᠶᠢᠨ ᠤᠨᠦᠯ᠂ ᠡᠮᠨᠡᠯᠭᠡ ᠶᠢᠨ ᠮᠡᠷᠭᠡᠵᠢᠯ ᠪᠣᠯᠣᠨ ᠡᠮ ᠤᠨ ᠵᠦᠢᠯ ᠢ ᠠᠭᠤᠳᠠᠯᠬᠤ᠂ ᠬᠠᠮᠠᠭᠠᠯᠠᠬᠤ ᠪᠠ ᠠᠰᠢᠭᠯᠠᠬᠤ ᠶᠢ ᠬᠠᠷᠢᠭᠤᠴᠠᠵᠤ᠂ ᠮᠣᠩᠭᠤᠯ ᠬᠢᠲᠠᠳ ᠡᠮ ᠡᠮᠨᠡᠯᠭᠡ ᠶᠢᠨ ᠴᠢᠳᠠᠪᠤᠷᠢᠲᠠᠨ ᠬᠥᠮᠥᠵᠢᠭᠦᠯᠬᠦ ᠪᠠ ᠰᠢᠨᠵᠢᠯᠡᠬᠦ ᠤᠬᠠᠭᠠᠨ ᠤ ᠰᠤᠳᠤᠯᠤᠯ ᠢ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠮᠣᠩᠭᠤᠯ ᠬᠢᠲᠠᠳ ᠡᠮ ᠡᠮᠨᠡᠯᠭᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠬᠤᠪᠢᠷᠠᠭᠤᠯᠬᠤ᠂ ᠬᠡᠷᠡᠭᠯᠡᠬᠦ᠂ ᠳᠡᠯᠭᠡᠷᠡᠭᠦᠯᠬᠦ ᠪᠠ ᠮᠣᠩᠭᠤᠯ ᠬᠢᠲᠠᠳ ᠡᠮ ᠡᠮᠨᠡᠯᠭᠡ ᠶᠢᠨ ᠭᠠᠳᠠᠭᠠᠳᠤ ᠯᠤᠭ᠎ᠠ ᠰᠣᠯᠢᠯᠴᠠᠭ᠎ᠠ ᠬᠢᠵᠦ ᠬᠤᠷᠰᠢᠯᠴᠠᠬᠤ ᠶᠢ ᠠᠬᠢᠭᠤᠯᠤᠨ᠎ᠠ᠃ ︵ᠠᠷᠪᠠ︶ ᠬᠠᠤᠯᠢ ᠳᠦᠷᠢᠮ ᠤᠨ ᠬᠢᠨᠠᠯᠲᠠ ᠲᠠᠯᠪᠢᠬᠤ ᠰᠠᠯᠠᠭ᠎ᠠ ︵ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠰᠠᠯᠠᠭ᠎ᠠ︶᠃ ᠰᠠᠯᠠᠭ᠎ᠠ ᠮᠥᠴᠢᠷ ᠤᠨ ᠳᠦᠷᠢᠮ ᠲᠣᠭᠲᠠᠭᠠᠯ᠂ ᠵᠢᠷᠤᠮᠵᠢᠯ ᠤᠨ ᠴᠢᠨᠠᠷᠲᠠᠢ ᠪᠢᠴᠢᠭ ᠮᠠᠲ᠋ᠧᠷᠢᠶᠠᠯ ᠤᠨ ᠬᠠᠤᠯᠢ ᠶᠣᠰᠣᠨ ᠤ ᠲᠣᠭᠲᠠᠭᠠᠯ ᠳᠤ ᠨᠡᠶᠢᠴᠡᠬᠦ ᠴᠢᠨᠠᠷ ᠲᠠᠢ ᠬᠢᠨᠠᠨ ᠬᠠᠷᠭᠤᠭᠤᠯᠬᠤ᠂ ᠮᠡᠳᠡᠭᠦᠯᠦᠨ ᠳᠠᠩᠰᠠᠯᠠᠭᠤᠯᠬᠤ ᠠᠵᠢᠯ ᠢ ᠡᠭᠦᠷᠭᠡᠯᠡᠵᠦ᠂ ᠵᠠᠰᠠᠭ ᠵᠠᠬᠢᠷᠭᠠᠨ ᠤ ᠲᠠᠬᠢᠨ ᠵᠥᠪᠯᠡᠬᠦ᠂ ᠵᠠᠰᠠᠭ ᠵᠠᠬᠢᠷᠭᠠᠨ ᠤ ᠵᠠᠷᠭᠤ ᠬᠦᠯᠢᠶᠡᠬᠦ ᠵᠡᠷᠭᠡ ᠠᠵᠢᠯ ᠢ ᠡᠭᠦᠷᠭᠡᠯᠡᠨ᠎ᠡ᠃ ᠣᠯᠠᠨ ᠨᠡᠶᠢᠲᠡ ᠶᠢᠨ ᠡᠷᠡᠭᠦᠯ ᠬᠠᠮᠠᠭᠠᠯᠠᠯ᠂ ᠡᠮᠴᠢᠯᠡᠭᠡ ᠡᠷᠡᠭᠦᠯ ᠬᠠᠮᠠᠭᠠᠯᠠᠯ ᠵᠡᠷᠭᠡ ᠳᠤ ᠬᠢᠨᠠᠯᠲᠠ ᠲᠠᠯᠪᠢᠬᠤ ᠠᠵᠢᠯ ᠢ ᠡᠭᠦᠷᠭᠡᠯᠡᠵᠦ᠂ ᠡᠮᠴᠢᠯᠡᠭᠡᠨ ᠤ ᠦᠢᠯᠡᠴᠢᠯᠡᠭᠡᠨ ᠤ ᠵᠠᠬ᠎ᠠ ᠳᠡᠯᠭᠡᠭᠦᠷ ᠤᠨ ᠬᠠᠤᠯᠢ ᠠᠴᠠ ᠵᠥᠷᠢᠴᠡᠭᠰᠡᠨ ᠦᠶᠯᠡ ᠠᠵᠢᠯᠯᠠᠭ᠎ᠠ ᠶᠢ ᠪᠠᠶᠢᠴᠠᠭᠠᠨ ᠰᠢᠢᠳᠪᠦᠷᠢᠯᠡᠵᠦ᠂ ᠰᠤᠷᠭᠠᠭᠤᠯᠢ ᠶᠢᠨ ᠡᠷᠡᠭᠦᠯ ᠬᠠᠮᠠᠭᠠᠯᠠᠯ᠂ ᠣᠯᠠᠨ ᠨᠡᠶᠢᠲᠡ ᠶᠢᠨ ᠲᠠᠯᠠᠪᠤᠷ ᠤᠨ ᠡᠷᠡᠭᠦᠯ ᠬᠠᠮᠠᠭᠠᠯᠠᠯ᠂ ᠤᠤᠭᠤᠬᠤ ᠤᠰᠤᠨ ᠤ ᠡᠷᠡᠭᠦᠯ ᠬᠠᠮᠠᠭᠠᠯᠠᠯ᠂ ᠬᠠᠯᠳᠠᠪᠤᠷᠢᠲᠤ ᠡᠪᠡᠳᠴᠢᠨ ᠢ ᠰᠡᠷᠭᠡᠶᠢᠯᠡᠨ ᠵᠠᠰᠠᠬᠤ ᠳᠤ ᠬᠢᠨᠠᠯᠲᠠ ᠲᠠᠯᠪᠢᠵᠤ ᠪᠠᠶᠢᠴᠠᠭᠠᠬᠤ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠶᠡᠷᠦᠩᠬᠡᠶᠢᠯᠡᠭᠰᠡᠨ ᠬᠢᠨᠠᠯᠲᠠ ᠲᠠᠯᠪᠢᠬᠤ ᠰᠢᠰᠲ᠋ᠧᠮ ᠢ ᠲᠡᠭᠦᠯᠳᠡᠷᠵᠢᠭᠦᠯᠵᠦ᠂ ᠬᠠᠤᠯᠢ ᠬᠡᠷᠡᠭᠵᠢᠭᠦᠯᠬᠦ ᠠᠵᠢᠯᠯᠠᠭ᠎ᠠ ᠶᠢ ᠵᠢᠯᠣᠭᠤᠳᠤᠨ ᠵᠢᠷᠤᠮᠵᠢᠭᠤᠯᠤᠨ᠎ᠠ᠃ ᠲᠣᠭᠲᠠᠭᠠᠭᠰᠠᠨ ᠡᠷᠬᠡ ᠮᠡᠳᠡᠯ ᠤᠨ ᠬᠡᠪᠴᠢᠶ᠎ᠡ ᠶᠣᠰᠣᠭᠠᠷ ᠵᠠᠰᠠᠭ ᠵᠠᠬᠢᠷᠭᠠᠨ ᠤ ᠬᠢᠨᠠᠨ ᠵᠥᠪᠰᠢᠶᠡᠷᠡᠬᠦ ᠵᠦᠢᠯᠡᠰ ᠢ ᠬᠦᠯᠢᠶᠡᠨ ᠠᠪᠴᠤ ᠰᠢᠢᠳᠪᠦᠷᠢᠯᠡᠬᠦ ᠪᠠ ᠬᠢᠨᠠᠨ ᠵᠥᠪᠰᠢᠶᠡᠷᠡᠬᠦ ᠠᠵᠢᠯ ᠢ ᠬᠠᠷᠢᠭᠤᠴᠠᠨ᠎ᠠ᠃ ︵ᠠᠷᠪᠠᠨ ᠨᠢᠭᠡ︶ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠠᠯᠪᠠᠨ ᠭᠡᠷ ︵ᠤᠯᠠᠭᠠᠨᠴᠠᠪ ᠬᠤᠲᠠ ᠶᠢᠨ ᠭᠡᠨᠡᠳᠲᠡ ᠡᠭᠦᠰᠬᠦ ᠣᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠬᠡᠷᠡᠭ ᠤᠨ ᠪᠠᠴᠢᠮ ᠪᠠᠶᠢᠳᠠᠯ ᠢ ᠠᠷᠭᠠᠴᠠᠬᠤ ᠶᠢᠨ ᠵᠢᠯᠤᠭᠤᠳᠬᠤ ᠲᠥᠪ︶᠃ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠪᠠ ᠠᠨᠠᠭᠠᠬᠤ ᠤᠬᠠᠭᠠᠨ ᠤ ᠪᠠᠴᠢᠮ ᠠᠪᠤᠷᠠᠨ ᠲᠤᠰᠠᠯᠠᠬᠤ ᠠᠵᠢᠯ ᠢ ᠡᠭᠦᠷᠭᠡᠯᠡᠵᠦ᠂ ᠲᠤᠰᠬᠠᠢ ᠵᠦᠢᠯ ᠤᠨ ᠪᠡᠯᠡᠳᠬᠡᠯ ᠲᠥᠰᠥᠯ ᠢ ᠵᠣᠬᠢᠶᠠᠨ ᠪᠠᠶᠢᠭᠤᠯᠤᠨ ᠨᠠᠶᠢᠷᠠᠭᠤᠯᠤᠨ ᠵᠣᠬᠢᠶᠠᠵᠤ᠂ ᠪᠡᠯᠡᠳᠬᠡᠯ ᠲᠥᠰᠥᠯ ᠤᠨ ᠰᠣᠷᠢᠯᠲᠠ ᠶᠢ ᠵᠣᠬᠢᠶᠠᠨ ᠪᠠᠶᠢᠭᠤᠯᠤᠨ ᠬᠡᠷᠡᠭᠵᠢᠭᠦᠯᠬᠦ ᠪᠠ ᠵᠢᠭᠠᠨ ᠵᠢᠯᠤᠭᠤᠳᠴᠤ ᠬᠢᠨᠠᠯᠲᠠ ᠲᠠᠯᠪᠢᠬᠤ ᠠᠵᠢᠯ ᠢ ᠡᠭᠦᠷᠭᠡᠯᠡᠨ᠎ᠡ᠃ ᠡᠷᠡᠭᠦᠯ ᠬᠠᠮᠠᠭᠠᠯᠠᠯ ᠤᠨ ᠪᠠᠴᠢᠮ ᠪᠠᠶᠢᠳᠠᠯ ᠢ ᠠᠷᠭᠠᠴᠠᠬᠤ ᠰᠢᠰᠲ᠋ᠧᠮᠵᠢ ᠪᠣᠯᠣᠨ ᠴᠢᠳᠠᠪᠤᠷᠢ ᠶᠢᠨ ᠪᠠᠶᠢᠭᠤᠯᠤᠯᠲᠠ ᠶᠢ ᠵᠢᠯᠣᠭᠤᠳᠤᠨ᠎ᠠ᠃ ᠤᠯᠠᠨ ᠨᠡᠶᠢᠲᠡ ᠶᠢᠨ ᠡᠷᠡᠭᠦᠯ ᠬᠠᠮᠠᠭᠠᠯᠠᠯ ᠤᠨ ᠭᠡᠨᠡᠳᠲᠡ ᠶᠢᠨ ᠬᠡᠷᠡᠭ ᠤᠨ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠮᠡᠳᠡᠭᠡ ᠵᠠᠩᠭᠢ ᠶᠢ ᠨᠡᠶᠢᠲᠡᠯᠡᠨ᠎ᠡ᠃︵ᠠᠷᠪᠠᠨ ᠬᠤᠶᠠᠷ︶ ᠤᠬᠠᠭᠤᠯᠬᠤ ᠰᠠᠯᠠᠭ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠤᠬᠠᠭᠤᠯᠭ᠎ᠠ᠂ ᠡᠷᠡᠭᠦᠯ ᠮᠡᠨᠳᠦ ᠶᠢᠨ ᠬᠥᠮᠦᠵᠢᠯ᠂ ᠡᠷᠡᠭᠦᠯ ᠮᠡᠨᠳᠦ ᠶᠢ ᠠᠬᠢᠭᠤᠯᠬᠤ ᠠᠵᠢᠯᠯᠠᠭ᠎ᠠ ᠶᠢ ᠵᠣᠬᠢᠶᠠᠨ ᠪᠠᠶᠢᠭᠤᠯᠤᠨ ᠥᠷᠨᠢᠭᠦᠯᠦᠨ᠎ᠡ᠃ ᠪᠥᠬᠦ ᠬᠤᠲᠠ ᠶᠢᠨ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠠᠵᠢᠯ ᠲᠥᠷᠥᠯ ᠤᠨ ᠲᠤᠬᠠᠶᠢᠯᠠᠭᠰᠠᠨ ᠠᠵᠢᠯ ᠤᠨ ᠪᠣᠯᠪᠠᠰᠤᠷᠠᠭᠤᠯᠤᠯ ᠤᠨ ᠠᠵᠢᠯ ᠢ ᠡᠭᠦᠷᠭᠡᠯᠡᠵᠦ᠂ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ᠂ ᠰᠣᠨᠢᠨ ᠮᠡᠳᠡᠭᠡ᠂ ᠰᠦᠯᠵᠢᠶᠡᠨ ᠤ ᠶᠠᠷᠢᠶ᠎ᠠ ᠬᠡᠯᠡᠯᠴᠡᠭᠡᠨ ᠤ ᠪᠠᠶᠢᠳᠠᠯ᠂ ᠬᠠᠯᠠᠮᠰᠢᠯ ᠤᠲᠠᠰᠤ ᠪᠠ ᠠᠵᠢᠯ ᠲᠥᠷᠥᠯ ᠤᠨ ᠭᠠᠳᠠᠭᠰᠢ ᠤᠬᠠᠭᠤᠯᠬᠤ᠂ ᠮᠡᠳᠡᠭᠡ ᠵᠠᠩᠭᠢ ᠨᠡᠶᠢᠲᠡᠯᠡᠬᠦ ᠠᠵᠢᠯ ᠢ ᠡᠭᠦᠷᠭᠡᠯᠡᠨ᠎ᠡ᠃ ︵ᠠᠷᠪᠠᠨ ᠭᠤᠷᠪᠠ︶ ᠬᠥᠮᠥᠨ ᠠᠮᠠ ᠭᠡᠷ ᠪᠦᠯᠢ ᠬᠢᠭᠡᠳ ᠨᠠᠰᠤᠲᠠᠶᠢᠴᠤᠳ ᠤᠨ ᠡᠷᠡᠭᠦᠯ ᠮᠡᠨᠳᠦ ᠶᠢᠨ ᠰᠠᠯᠠᠭ᠎ᠠ᠃ ᠬᠥᠮᠥᠨ ᠠᠮᠠ ᠶᠢ ᠬᠢᠨᠠᠨ ᠬᠡᠮᠵᠢᠵᠦ ᠤᠷᠢᠳᠴᠢᠯᠠᠨ ᠰᠡᠷᠡᠮᠵᠢᠯᠡᠭᠦᠯᠬᠦ ᠠᠵᠢᠯ ᠢ ᠡᠭᠦᠷᠭᠡᠯᠡᠬᠦ ᠶᠢᠨ ᠬᠠᠮᠲᠤ ᠬᠥᠮᠥᠨ ᠠᠮᠠ ᠬᠢᠭᠡᠳ ᠭᠡᠷ ᠪᠦᠯᠢ ᠶᠢᠨ ᠬᠥᠭᠵᠢᠯᠲᠡ ᠶᠢᠨ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢᠨ ᠰᠠᠨᠠᠭᠤᠯᠭ᠎ᠠ ᠶᠢ ᠳᠤᠷᠠᠳᠴᠤ᠂ ᠦᠷᠡᠵᠢᠯ ᠤᠨ ᠲᠥᠷᠥ ᠶᠢᠨ ᠪᠣᠳᠣᠯᠭ᠎ᠠ ᠶᠢ ᠲᠡᠭᠦᠯᠳᠡᠷᠵᠢᠭᠦᠯᠬᠦ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠵᠦ᠂ ᠲᠥᠯᠥᠪᠯᠡᠭᠡᠲᠦ ᠦᠷᠡᠵᠢᠯ ᠤᠨ ᠭᠡᠷ ᠪᠦᠯᠢ ᠶᠢ ᠲᠡᠳᠬᠦᠨ ᠳᠡᠮᠵᠢᠬᠦ ᠳᠦᠷᠢᠮ ᠢ ᠪᠠᠶᠢᠭᠤᠯᠤᠨ ᠲᠡᠭᠦᠯᠳᠡᠷᠵᠢᠭᠦᠯᠦᠨ᠎ᠡ᠃ ᠨᠠᠰᠤᠵᠢᠯᠲᠠ ᠶᠢ ᠠᠷᠭᠠᠴᠠᠬᠤ ᠲᠦᠷᠦ ᠶᠢᠨ ᠪᠣᠳᠣᠯᠭ᠎ᠠ ᠠᠷᠭ᠎ᠠ ᠬᠡᠮᠵᠢᠶ᠎ᠡ ᠶᠢ ᠵᠣᠬᠢᠶᠠᠨ ᠪᠠᠶᠢᠭᠤᠯᠵᠤ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠴᠠᠭᠤᠯᠤᠨ ᠨᠠᠶᠢᠳᠠᠪᠤᠷᠢᠵᠢᠭᠤᠯᠤᠨ᠎ᠠ᠃ ᠡᠮᠨᠡᠬᠦ ᠪᠠ ᠰᠤᠪᠢᠯᠠᠬᠤ ᠶᠢ ᠤᠶᠠᠯᠳᠤᠭᠤᠯᠬᠤ ᠲᠥᠷᠥ ᠶᠢᠨ ᠪᠣᠳᠣᠯᠭ᠎ᠠ᠂ ᠪᠠᠷᠢᠮᠵᠢᠶ᠎ᠠ ᠪᠠ ᠵᠢᠷᠤᠮᠵᠢᠯ ᠢ ᠵᠣᠬᠢᠶᠠᠨ ᠪᠠᠶᠢᠭᠤᠯᠤᠨ ᠲᠣᠭᠲᠠᠭᠠᠵᠤ᠂ ᠨᠠᠰᠤᠲᠠᠶᠢᠴᠤᠳ ᠤᠨ ᠡᠷᠡᠭᠦᠯ ᠮᠡᠨᠳᠦ ᠶᠢᠨ ᠦᠢᠯᠡᠴᠢᠯᠡᠭᠡᠨ ᠤ ᠰᠢᠰᠲ᠋ᠧᠮᠵᠢ ᠶᠢ ᠪᠠᠶᠢᠭᠤᠯᠤᠨ ᠲᠡᠭᠦᠯᠳᠡᠷᠵᠢᠭᠦᠯᠦᠨ᠎ᠡ᠃ ︵ᠠᠷᠪᠠᠨ ᠳᠥᠷᠪᠡ︶ ᠰᠢᠨᠵᠢᠯᠡᠬᠦ ᠤᠬᠠᠭᠠᠨ ᠮᠡᠷᠭᠡᠵᠢᠯ ᠰᠤᠷᠭᠠᠨ ᠬᠥᠮᠦᠵᠢᠯ ᠤᠨ ᠰᠠᠯᠠᠭ᠎ᠠ᠃ ᠡᠷᠡᠭᠦᠯ ᠬᠠᠮᠠᠭᠠᠯᠠᠯ ᠡᠷᠡᠭᠦᠯ ᠮᠡᠨᠳᠦ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠬᠥᠭᠵᠢᠯᠲᠡ ᠶᠢᠨ ᠲᠥᠯᠦᠪᠵᠢᠭᠦᠯᠭᠡ ᠵᠢᠴᠢ ᠬᠠᠮᠢᠶ᠎ᠠ ᠪᠦᠬᠦᠢ ᠲᠥᠷᠥ ᠶᠢᠨ ᠪᠣᠳᠣᠯᠭ᠎ᠠ ᠶᠢ ᠲᠤᠭᠤᠷᠪᠢᠨ ᠲᠣᠭᠲᠠᠭᠠᠬᠤ ᠶᠢᠨ ᠬᠠᠮᠲᠤ ᠵᠣᠬᠢᠶᠠᠨ ᠪᠠᠶᠢᠭᠤᠯᠤᠨ ᠬᠡᠷᠡᠭᠵᠢᠭᠦᠯᠦᠨ᠎ᠡ᠃ ᠲᠤᠷᠰᠢᠯᠲᠠ ᠶᠢᠨ ᠲᠠᠰᠤᠭ ᠤᠨ ᠠᠮᠢᠳᠤ ᠪᠣᠳᠠᠰ ᠤᠨ ᠠᠮᠤᠷ ᠲᠦᠪᠰᠢᠨ ᠳᠤ ᠬᠢᠨᠠᠯᠲᠠ ᠲᠠᠯᠪᠢᠬᠤ ᠪᠠ ᠭᠤᠣᠯᠳᠠᠯᠭ᠎ᠠ ᠲᠠᠢ ᠰᠢᠨᠵᠢᠯᠡᠭᠡᠨ ᠤ ᠡᠮᠨᠡᠯᠭᠡ ᠳᠤ ᠰᠠᠭᠤᠬᠤ ᠡᠮᠴᠢ᠂ ᠲᠤᠰᠬᠠᠢ ᠮᠡᠷᠭᠡᠵᠢᠯ ᠤᠨ ᠡᠮᠴᠢ ᠶᠢᠨ ᠪᠣᠯᠪᠠᠰᠤᠷᠠᠭᠤᠯᠤᠯ ᠵᠡᠷᠭᠡ ᠲᠡᠭᠦᠰᠦᠭᠰᠡᠨ ᠤ ᠳᠠᠷᠠᠭᠠᠬᠢ ᠠᠨᠠᠭᠠᠬᠤ ᠤᠬᠠᠭᠠᠨ ᠤ ᠰᠤᠷᠭᠠᠨ ᠬᠥᠮᠦᠵᠢᠯ ᠪᠠ ᠦᠷᠭᠦᠯᠵᠢᠯᠡᠭᠰᠡᠨ ᠰᠤᠷᠭᠠᠨ ᠬᠥᠮᠦᠵᠢᠯ ᠤᠨ ᠠᠵᠢᠯ ᠢ ᠵᠣᠬᠢᠶᠠᠨ ᠪᠠᠶᠢᠭᠤᠯᠤᠨ ᠥᠷᠨᠢᠭᠦᠯᠵᠦ᠂ ᠠᠨᠠᠭᠠᠬᠤ ᠤᠬᠠᠭᠠᠨ ᠤ ᠶᠡᠭᠡ ᠳᠡᠭᠡᠳᠦ ᠰᠤᠷᠭᠠᠭᠤᠯᠢ ᠶᠢᠨ ᠰᠤᠷᠭᠠᠨ ᠬᠥᠮᠦᠵᠢᠯ ᠢ ᠬᠠᠮᠵᠢᠯᠴᠠᠨ ᠵᠢᠯᠣᠭᠤᠳᠤᠨ᠎ᠠ᠃ ︵ᠠᠷᠪᠠᠨ ᠲᠠᠪᠤ︶ ᠠᠵᠢᠯ ᠲᠥᠷᠥᠯ ᠤᠨ ᠨᠠᠮ ᠤᠨ ᠠᠵᠢᠯᠯᠠᠬᠤ ᠬᠤᠷᠢᠶ᠎ᠠ ᠶᠢᠨ ᠠᠯᠪᠠᠨ ᠭᠡᠷ ︵ᠪᠠᠶᠢᠭᠤᠯᠭ᠎ᠠ ᠶᠢᠨ ᠨᠠᠮ ᠤᠨ ᠬᠤᠷᠢᠶ᠎ᠠ︶᠃ ᠠᠵᠢᠯ ᠲᠥᠷᠥᠯ ᠤᠨ ᠨᠠᠮ ᠤᠨ ᠠᠵᠢᠯᠯᠠᠬᠤ ᠬᠤᠷᠢᠶ᠎ᠠ ᠶᠢᠨ ᠡᠳᠦᠷ ᠲᠤᠲᠤᠮ ᠤᠨ ᠠᠵᠢᠯ᠂ ᠠᠯᠪᠠᠨ ᠠᠴᠠ ᠪᠠᠶᠢᠭᠤᠯᠤᠭᠰᠠᠨ ᠡᠮᠨᠡᠯᠭᠡ ᠶᠢᠨ ᠬᠤᠷᠢᠶ᠎ᠠ ᠪᠣᠯᠣᠨ ᠠᠷᠠᠳ ᠠᠴᠠ ᠡᠵᠡᠩᠨᠡᠭᠰᠡᠨ ᠡᠮᠴᠢᠯᠡᠭᠡᠨ ᠤ ᠪᠠᠶᠢᠭᠤᠯᠤᠮᠵᠢ ᠶᠢᠨ ᠨᠠᠮ ᠤᠨ ᠪᠠᠶᠢᠭᠤᠯᠤᠯᠲᠠ ᠵᠢᠴᠢ ᠨᠠᠮ ᠤᠨ ᠰᠤᠷᠲᠠᠯ ᠪᠠ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢ ᠪᠠᠶᠢᠭᠤᠯᠭ᠎ᠠ ᠪᠠ ᠬᠠᠷᠢᠶ᠎ᠠ ᠨᠢᠭᠡᠴᠢ ᠶᠢᠨ ᠢᠶᠠᠨ ᠨᠠᠮ ᠤᠨ ᠪᠠᠶᠢᠭᠤᠯᠤᠯᠲᠠ ᠵᠢᠴᠢ ᠨᠠᠮ ᠤᠨ ᠰᠤᠷᠲᠠᠯ ᠪᠠ ᠴᠢᠬᠡᠴᠢ ᠵᠠᠰᠠᠭ ᠤᠨ ᠪᠠᠶᠢᠭᠤᠯᠤᠯᠲᠠ ᠶᠢᠨ ᠠᠵᠢᠯ ᠢ ᠬᠠᠷᠢᠭᠤᠴᠠᠨ᠎ᠠ᠃ ᠬᠠᠷᠢᠯᠴᠠᠬᠤ ᠤᠲᠠᠰᠤ᠄ 0474-8303180 ᠬᠢᠨᠠᠯᠲᠠ ᠲᠠᠯᠪᠢᠬᠤ ᠤᠲᠠᠰᠤ᠄ 0474-8303193 ᠭᠤᠣᠯ ᠬᠠᠷᠢᠭᠤᠴᠠᠯᠭᠠᠲᠠᠨ᠄ ᠬᠦ᠋ ᠵᠢᠦᠢ ᠯᠦᠩ ᠪᠠᠶᠢᠭᠤᠯᠭ᠎ᠠ ᠶᠢᠨ ᠬᠠᠶ᠋ᠢᠭ᠄ ᠤᠯᠠᠭᠠᠨᠴᠠᠪ ᠬᠤᠲᠠ ᠶᠢᠨ ᠵᠢᠨᠢᠩ ᠰᠢᠨ᠎ᠡ ᠲᠣᠭᠤᠷᠢᠭ ᠤᠨ ᠴᠠᠬᠠᠷ ᠪᠠᠷᠠᠭᠤᠨ ᠵᠡᠭᠡᠯᠢ ᠶᠢᠨ ᠡᠷᠡᠭᠦᠯ ᠬᠠᠮᠠᠭᠠᠯᠠᠯ ᠲᠥᠯᠥᠪᠯᠡᠭᠡᠲᠦ ᠦᠷᠡᠵᠢᠯ ᠤᠨ ᠶᠡᠷᠦᠩᠬᠡᠶᠢᠯᠡᠭᠰᠡᠨ ᠲᠣᠮᠣ ᠠᠰᠠᠷ ᠠᠵᠢᠯᠯᠠᠬᠤ ᠴᠠᠭ᠄ ᠭᠠᠷᠠᠭ ᠤᠨ ᠨᠢᠭᠡᠨ ᠠᠴᠠ ᠭᠠᠷᠠᠭ ᠤᠨ ᠲᠠᠪᠤᠨ ᠤ 9᠄ 00 ︱ 12᠄ 00 14᠄ 30 ︱ 18᠄ 00 ︵ᠬᠠᠤᠯᠢ ᠪᠠᠷ ᠲᠣᠭᠲᠠᠭᠠᠭᠰᠠᠨ ᠪᠠᠶᠠᠷ ᠳᠤᠷᠠᠰᠬᠠᠯ ᠠᠮᠠᠷᠠᠯᠲᠠ ᠶᠢᠨ ᠡᠳᠦᠷ ᠪᠠᠭᠲᠠᠬᠤ ᠦᠭᠡᠢ︶ ᠢᠮᠧᠯ᠄ wlcbswjw@163.com                                 ᠣᠷᠴᠢᠭᠤᠯᠤᠭᠴᠢ᠄ ᠭᠤᠸ᠎ᠠ                                 ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2