ᠵᠢᠨᠢᠩ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠪᠠᠶᠢᠭᠤᠯᠤᠭᠳᠠᠪᠠ
ᠨᠡᠶᠢᠲᠡᠯᠡᠭᠰᠡᠨ ᠴᠠᠭ᠄
2024/4/26
    4 ᠰᠠᠷ᠎ᠠ ᠶᠢᠨ 24 ᠤ ᠡᠳᠦᠷ᠂ ᠵᠢᠨᠢᠩ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠫᠠᠶᠢᠰᠠ ᠡᠯᠭᠦᠬᠦ ᠶᠣᠰᠣᠯᠠᠯ ᠵᠢᠨᠢᠩ ᠲᠣᠭᠤᠷᠢᠭ ᠤᠨ ᠬᠥᠭᠵᠢᠭᠦᠯᠦᠯᠲᠡ ᠪᠠ ᠥᠭᠡᠷᠡᠴᠢᠯᠡᠯᠲᠡ ᠶᠢᠨ ᠵᠥᠪᠯᠡᠯ ᠳᠤ ᠶᠠᠪᠤᠭᠳᠠᠪᠠ᠃ ᠪᠥᠬᠦ ᠣᠷᠣᠨ ᠤ ᠪᠠᠶᠢᠭᠤᠯᠤᠮᠵᠢ ᠶᠢᠨ ᠥᠭᠡᠷᠡᠴᠢᠯᠡᠯᠲᠡ ᠶᠢᠨ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢ ᠦᠨᠳᠦᠰᠦᠯᠡᠨ᠂ ᠵᠢᠨᠢᠩ ᠲᠣᠭᠤᠷᠢᠭ ᠤᠨ ᠬᠥᠭᠵᠢᠭᠦᠯᠦᠯᠲᠡ ᠥᠭᠡᠷᠡᠴᠢᠯᠡᠯᠲᠡ ᠶᠢᠨ ᠵᠥᠪᠯᠡᠯ ᠵᠢᠨᠢᠩ ᠲᠣᠭᠤᠷᠢᠭ ᠤᠨ ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠶᠢᠨ ᠫᠠᠶᠢᠰᠠ ᠶᠢ ᠨᠡᠮᠡᠵᠦ ᠡᠯᠭᠦᠪᠡ᠃ ᠡᠨᠡ  ᠨᠢ ᠵᠢᠨᠢᠩ ᠲᠣᠭᠤᠷᠢᠭ ᠤᠨ ᠮᠡᠷᠭᠡᠵᠢᠯ ᠢ ᠰᠢᠯᠵᠢᠭᠦᠯᠬᠦ ᠰᠢᠰᠲ᠋ᠧᠮ ᠤᠨ ᠪᠠᠶᠢᠭᠤᠯᠤᠯᠲᠠ ᠶᠢ ᠠᠬᠢᠭᠤᠯᠬᠤ᠂ ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠬᠤ ᠬᠥᠭᠵᠢᠯᠲᠡ ᠶᠢᠨ ᠪᠠᠶᠢᠯᠳᠤᠬᠤ ᠪᠣᠳᠣᠯᠭ᠎ᠠ ᠶᠢᠨ ᠬᠠᠷᠠᠯᠲᠠ ᠶᠢ ᠬᠡᠷᠡᠭᠵᠢᠭᠦᠯᠬᠦ ᠶᠢᠨ ᠵᠠᠶᠢᠯᠠᠰᠢ ᠦᠭᠡᠢ ᠱᠠᠭᠠᠷᠳᠠᠯᠭ᠎ᠠ ᠪᠣᠯᠬᠤ ᠪᠠᠷ ᠪᠠᠷᠠᠬᠤ ᠦᠭᠡᠢ ᠪᠠᠰᠠ ᠵᠢᠨᠢᠩ ᠲᠣᠭᠤᠷᠢᠭ ᠤᠨ ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠤᠨ ᠪᠠᠶᠢᠭᠤᠯᠤᠯᠲᠠ ᠶᠢ ᠲᠦᠷᠭᠡᠳᠬᠡᠬᠦ᠂ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠪᠣᠯᠣᠨ᠎ᠠ᠃     ᠳᠠᠷᠠᠭᠠᠴᠢ ᠶᠢᠨ ᠠᠯᠬᠤᠮ ᠳᠤ᠂ ᠵᠢᠨᠢᠩ ᠲᠣᠭᠤᠷᠢᠭ ᠤᠨ ᠬᠢᠨ ᠰᠢᠨ᠎ᠡ ᠴᠠᠭ ᠦᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠰᠢᠨ᠎ᠡ ᠶᠢ ᠡᠭᠦᠳᠬᠦ ᠠᠵᠢᠯ ᠤᠨ ᠰᠢᠨ᠎ᠡ ᠡᠭᠦᠷᠭᠡ ᠪᠣᠯᠣᠨ ᠰᠢᠨ᠎ᠡ ᠱᠠᠭᠠᠷᠳᠠᠯᠭ᠎ᠠ ᠶᠢ ᠭᠦᠨᠵᠡᠭᠡᠢ ᠡᠵᠡᠮᠳᠡᠵᠦ᠂ ᠰᠢᠨᠵᠢᠯᠡᠬᠦ ᠤᠬᠠᠭᠠᠨ ᠮᠡᠷᠭᠡᠵᠢᠯ ᠤᠨ ︽ᠪᠦᠰᠡᠯᠡᠯᠲᠡ ᠶᠢ ᠰᠢᠪᠲᠤᠯᠬᠤ︾ ᠢᠨᠵᠧᠨᠧᠷᠢᠩ ᠢ ᠰᠠᠶᠢᠲᠤᠷ ᠬᠡᠷᠡᠭᠵᠢᠭᠦᠯᠵᠦ᠂ ᠵᠠᠩᠭᠢᠯᠠᠭ᠎ᠠ ᠶᠢᠨ ᠬᠦᠷᠢᠶ᠎ᠡ ᠴᠠᠷᠠᠭ᠎ᠠ᠂ ᠭᠤᠣᠯᠳᠠᠯᠭ᠎ᠠ ᠲᠠᠢ ᠠᠵᠢᠯ ᠲᠥᠷᠥᠯ ᠤᠨ ᠮᠡᠷᠭᠡᠵᠢᠯ ᠤᠨ ᠰᠤᠳᠤᠯᠤᠨ ᠨᠡᠭᠡᠭᠡᠬᠦ ᠪᠠ ᠰᠢᠨ᠎ᠡ ᠶᠢ ᠡᠭᠦᠳᠬᠦ ᠶᠢ ᠨᠢᠭᠡᠳᠦᠯᠲᠡᠢ ᠲᠥᠯᠥᠪᠯᠡᠨ ᠠᠬᠢᠭᠤᠯᠵᠤ᠂ ᠰᠢᠨᠵᠢᠯᠡᠬᠦ ᠤᠬᠠᠭᠠᠨ ᠮᠡᠷᠭᠡᠵᠢᠯ ᠤᠨ ᠦᠷ᠎ᠡ ᠪᠦᠲᠦᠭᠡᠯ ᠢ ᠰᠢᠯᠵᠢᠭᠦᠯᠦᠨ ᠤᠯᠠᠷᠢᠭᠤᠯᠬᠤ ᠵᠡᠷᠭᠡ ᠲᠠᠯ᠎ᠠ ᠪᠠᠷ ᠦᠷᠭᠦᠯᠵᠢᠯᠡᠨ ᠬᠦᠴᠦᠯᠡᠬᠦ ᠶᠢ ᠠᠬᠢᠭᠤᠯᠵᠤ᠂ ︽ᠠᠵᠤ ᠦᠢᠯᠡᠰ ᠤᠨ ᠲᠣᠭᠤᠷᠢᠨ ᠳᠤ ᠰᠢᠨᠵᠢᠯᠡᠬᠦ ᠤᠬᠠᠭᠠᠨ ᠮᠡᠷᠭᠡᠵᠢᠯ ᠢ ᠠᠳᠬᠤᠵᠤ᠂ ᠠᠵᠤ ᠦᠢᠯᠡᠰ ᠢ ᠪᠤᠵᠠᠭᠠᠶᠢᠷᠠᠭᠤᠯᠤᠨ ᠰᠢᠨᠵᠢᠯᠡᠬᠦ ᠤᠬᠠᠭᠠᠨ ᠮᠡᠷᠭᠡᠵᠢᠯ ᠢ ᠬᠦᠴᠦᠷᠬᠡᠭᠵᠢᠭᠦᠯᠬᠦ︾ ᠪᠦᠲᠦᠮᠵᠢᠲᠡᠶ ᠡᠪᠴᠡᠯ᠂ ᠬᠦᠴᠦᠲᠡᠢ ᠨᠥᠬᠦᠴᠡᠯᠳᠦᠯ ᠪᠠ ᠰᠠᠶᠢᠨ ᠣᠷᠴᠢᠯ ᠢ ᠲᠦᠷᠭᠡᠳᠬᠡᠨ ᠪᠣᠶ ᠪᠣᠯᠭᠠᠵᠤ᠂ ᠥᠨᠳᠥᠷ ᠬᠢᠷᠢ ᠲᠦᠪᠰᠢᠨ ᠪᠦᠬᠦᠢ ᠰᠢᠨᠵᠢᠯᠡᠬᠦ ᠤᠬᠠᠭᠠᠨ ᠮᠡᠷᠭᠡᠵᠢᠯ ᠤᠨ ᠪᠡᠶ᠎ᠡ ᠪᠠᠨ ᠳᠠᠭᠠᠭᠠᠵᠤ ᠥᠪᠡᠷ ᠢ ᠪᠠᠨ ᠬᠦᠴᠦᠷᠬᠡᠭᠵᠢᠭᠦᠯᠬᠦ ᠶᠢ ᠪᠡᠶᠡᠯᠡᠭᠦᠯᠬᠦ᠂ ᠪᠥᠬᠦ ᠣᠷᠣᠨ ᠤ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠬᠦᠴᠦᠨ ᠨᠡᠮᠡᠷᠢᠯᠡᠬᠦ ᠳᠤ ᠰᠢᠨᠵᠢᠯᠡᠬᠦ ᠤᠬᠠᠭᠠᠨ ᠮᠡᠷᠭᠡᠵᠢᠯ ᠤᠨ ᠲᠤᠯᠭᠠᠭᠤᠷᠢᠯᠠᠯ ᠬᠠᠩᠭᠠᠨ᠎ᠠ᠃                               ᠤᠷᠴᠢᠭᠤᠯᠤᠭᠴᠢ᠄ ᠬᠦᠰᠡᠯ                               ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2