ᠬᠤᠲᠠ ᠶᠢᠨ ᠨᠠᠮ ᠤᠨ ᠬᠤᠷᠢᠶ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠵᠢᠴᠢ ᠬᠤᠲᠠ ᠶᠢᠨ ᠨᠠᠮ ᠤᠨ ᠬᠤᠷᠢᠶᠠᠨ ᠤ ᠣᠨᠣᠯ ᠰᠤᠷᠤᠯᠴᠠᠬᠤ ᠭᠤᠣᠯ ᠳᠤᠭᠤᠶᠢᠯᠠᠩ ᠤᠨ ᠬᠠᠮᠲᠤ ᠶᠢᠨ ᠰᠤᠷᠤᠯᠴᠠᠯᠭ᠎ᠠ ᠡᠷᠭᠢᠯᠡᠪᠡ
ᠨᠡᠶᠢᠲᠡᠯᠡᠭᠰᠡᠨ ᠴᠠᠭ᠄
2024/4/28
      ︱ ᠰᠦᠢ ᠸᠧᠢ ᠵᠢᠶᠦ᠋ᠨ ᠬᠤᠷᠠᠯ ᠡᠷᠬᠢᠯᠡᠵᠦ ᠶᠠᠷᠢᠶ᠎ᠠ ᠲᠠᠯᠪᠢᠵᠠᠢ   ᠴᠢ ᠹᠧᠢ ᠶᠦᠨ  ᠶᠤᠸᠠᠢ ᠶᠠᠨ ᠮᠧᠢ ᠣᠷᠣᠯᠴᠠᠵᠠᠢ    4 ᠰᠠᠷ᠎ᠠ ᠶᠢᠨ 25 ᠤ ᠡᠳᠦᠷ ᠠᠴᠠ 26 ᠤ ᠬᠤᠳᠠ ᠶᠢᠨ ᠨᠠᠮ ᠤᠨ ᠬᠤᠷᠢᠶ᠎ᠠ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠨᠣᠮ ᠤᠩᠰᠢᠬᠤ ᠠᠩᠭᠢ ᠵᠢᠴᠢ ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠤᠨ 2024 ᠣᠨ ᠤ 5 ᠳ᠋ᠤᠭᠠᠷ ᠤᠳᠠᠭ᠎ᠠ ᠶᠢᠨ ᠬᠠᠮᠲᠤ ᠶᠢᠨ ᠰᠤᠷᠤᠯᠴᠠᠯᠭ᠎ᠠ ᠶᠢ ᠡᠷᠬᠢᠯᠡᠵᠦ᠂ ᠶᠡᠷᠦᠩᠬᠡᠢ ᠱᠦᠵᠢ ᠰᠢ ᠶᠢᠨ ᠫᠢᠩ ᠤᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠲᠤᠬᠠᠢ ᠴᠢᠬᠤᠯᠠ ᠶᠠᠷᠢᠶ᠎ᠠ ᠪᠣᠯᠣᠨ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠵᠤ᠂ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠢᠳᠬᠡᠯ ᠥᠭᠬᠦ ᠳᠦᠷᠢᠮ︾ ᠢ ᠨᠠᠷᠢᠨ ᠬᠢᠨᠠᠮᠠᠭᠠᠢ ᠰᠤᠷᠤᠯᠴᠠᠨ ᠣᠶᠢᠯᠠᠭᠠᠵᠤ᠂ ᠨᠠᠮ ᠤᠨ ᠭᠡᠰᠢᠭᠦᠨ ᠺᠠᠳ᠋ᠷᠴᠤᠳ ᠢ ᠰᠠᠬᠢᠯᠭ᠎ᠠ ᠪᠠᠲᠤ ᠶᠢ ᠰᠤᠷᠤᠯᠴᠠᠬᠤ᠂ ᠰᠠᠬᠢᠯᠭ᠎ᠠ ᠪᠠᠲᠤ ᠶᠢ ᠮᠡᠳᠡᠬᠦ᠂ ᠰᠠᠬᠢᠯᠭ᠎ᠠ ᠪᠠᠲᠤ ᠶᠢ ᠲᠣᠳᠣᠷᠬᠠᠢ ᠪᠣᠯᠭᠠᠬᠤ᠂ ᠰᠠᠬᠢᠯᠭ᠎ᠠ ᠪᠠᠲᠤ ᠶᠢ ᠰᠠᠬᠢᠬᠤ ᠪᠠᠷ ᠬᠥᠮᠥᠵᠢᠭᠦᠯᠦᠨ ᠬᠥᠲᠥᠯᠥᠨ ᠵᠢᠯᠣᠭᠤᠳᠪᠠ᠃ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠬᠤᠷᠠᠯ ᠡᠷᠭᠢᠯᠡᠪᠡ᠃    ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ᠂ ᠬᠤᠲᠠ ᠶᠢᠨ ᠤᠯᠤᠰ ᠲᠥᠷᠥ ᠶᠢᠨ ᠵᠥᠪᠯᠡᠯᠭᠡᠨ ᠤ ᠲᠡᠷᠢᠭᠦᠯᠡᠭᠴᠢ ᠶᠤᠸᠠᠢ ᠶᠠᠨ ᠮᠧᠶ᠂ ᠬᠤᠲᠠ ᠶᠢᠨ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠪᠠᠶᠢᠩᠭᠤ ᠶᠢᠨ ᠬᠤᠷᠢᠶ᠎ᠠ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠨᠥᠬᠦᠳ ᠪᠠ ᠰᠢᠭᠦᠬᠦ ᠬᠤᠷᠢᠶ᠎ᠠ ᠪᠠᠶᠢᠴᠠᠭᠠᠬᠤ ᠬᠤᠷᠢᠶᠠᠨ ᠤ ︽ᠬᠤᠶᠠᠷ ᠳᠠᠷᠤᠭ᠎ᠠ︾ ᠣᠷᠣᠯᠴᠠᠪᠠ᠃    ᠨᠣᠮ ᠤᠩᠰᠢᠬᠤ ᠠᠩᠭᠢ ᠶᠢ ᠲᠤᠰᠬᠠᠢ ᠮᠡᠷᠭᠡᠵᠢᠯᠲᠡᠨ ᠢᠶᠠᠷ ᠬᠠᠪᠰᠤᠷᠤᠨ ᠵᠢᠯᠤᠭᠤᠳᠬᠤ᠂ ᠲᠥᠪᠯᠡᠷᠡᠭᠦᠯᠦᠨ ᠥᠪᠡᠷ ᠢᠶᠠᠨ ᠰᠤᠷᠤᠯᠴᠠᠬᠤ ᠪᠠ ᠰᠤᠳᠤᠯᠤᠨ ᠶᠠᠷᠢᠯᠴᠠᠵᠤ ᠰᠣᠯᠢᠯᠴᠠᠬᠤ ᠶᠢ ᠤᠶᠠᠯᠳᠤᠭᠤᠯᠬᠤ ᠠᠷᠭ᠎ᠠ ᠮᠠᠶ᠋ᠢᠭ ᠢᠶᠠᠷ ᠶᠠᠪᠤᠭᠳᠠᠭᠤᠯᠪᠠ᠃ ᠥᠪᠡᠷᠲᠡᠭᠡᠨ ᠵᠠᠰᠠᠬᠤ ᠣᠷᠣᠨ ᠤ ᠰᠠᠬᠢᠯᠭ᠎ᠠ ᠪᠠᠲᠤ ᠪᠠᠶᠢᠴᠠᠭᠠᠬᠤ ᠬᠤᠷᠢᠶ᠎ᠠ ᠬᠢᠨᠠᠨ ᠪᠠᠶᠢᠴᠠᠭᠠᠬᠤ ᠵᠥᠪᠯᠡᠯ ᠤᠨ ᠬᠠᠮᠢᠶ᠎ᠠ ᠪᠦᠬᠦᠢ ᠬᠠᠷᠢᠭᠤᠴᠠᠯᠭᠠᠲᠠᠨ ᠰᠢᠨ᠎ᠡ ᠪᠠᠷ ᠵᠠᠰᠠᠪᠤᠷᠢ ᠣᠷᠣᠭᠤᠯᠤᠭᠰᠠᠨ ︽ᠳᠦᠷᠢᠮ︾ ᠤᠨ ᠴᠢᠬᠤᠯᠠ ᠶᠡᠭᠡ ᠠᠴᠢ ᠬᠤᠯᠪᠣᠭᠳᠠᠯ᠂ ᠭᠤᠣᠯ ᠣᠨᠴᠠᠯᠢᠭ ᠪᠠ ᠭᠤᠣᠯ ᠠᠭᠤᠯᠭ᠎ᠠ ᠳᠤ ᠭᠦᠨᠵᠡᠭᠡᠢ ᠲᠠᠶᠢᠯᠤᠮᠵᠢ ᠬᠢᠪᠡ᠃ ᠬᠤᠶᠠᠷ ᠡᠳᠦᠷ ᠤᠨ ᠲᠤᠷᠰᠢ᠂ ᠬᠤᠳᠠ ᠶᠢᠨ ᠱᠠᠲᠤᠨ ᠤ ᠤᠳᠤᠷᠢᠳᠬᠤ ᠨᠥᠬᠦᠳ ᠲᠥᠪᠯᠡᠷᠡᠭᠦᠯᠦᠨ ᠥᠪᠡᠷ ᠢᠶᠠᠨ ᠰᠤᠷᠤᠯᠴᠠᠵᠤ᠂ ︽ᠳᠦᠷᠢᠮ︾ ᠢ ᠪᠦᠯᠦᠭ ᠳᠠᠷᠠᠭᠠᠯᠠᠨ ᠰᠤᠷᠤᠯᠴᠠᠭᠰᠠᠨ ᠪᠥᠭᠡᠳ ᠰᠤᠳᠤᠯᠤᠨ ᠶᠠᠷᠢᠯᠴᠠᠵᠤ ᠰᠣᠯᠢᠯᠴᠠᠪᠠ᠃    ᠰᠦᠢ ᠸᠧᠢ ᠵᠢᠶᠦ᠋ᠨ ᠣᠯᠠᠨ ᠲᠠᠢ ᠰᠤᠷᠤᠯᠴᠠᠭᠰᠠᠨ ᠲᠥᠷᠥᠭᠳᠡᠯ ᠢᠶᠠᠨ ᠰᠣᠯᠢᠯᠴᠠᠪᠠ᠃ ᠲᠡᠷᠡ᠂ ᠪᠦᠬᠦ ᠨᠠᠮ ᠤᠨ ᠬᠡᠪᠴᠢᠶᠡᠨ ᠳᠤ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠪᠣᠯ ᠰᠢ ᠶᠢᠨ ᠫᠢᠩ ᠨᠥᠬᠦᠷ ᠢᠶᠠᠷ ᠭᠤᠣᠯ ᠪᠣᠯᠭᠠᠭᠰᠠᠨ ᠨᠠᠮ ᠤᠨ ᠲᠥᠪ ᠬᠤᠷᠢᠶᠠᠨ ᠤ ᠭᠠᠷᠭᠠᠭᠰᠠᠨ ᠴᠢᠬᠤᠯᠠ ᠶᠡᠭᠡ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠮᠥᠨ᠂ ᠨᠠᠮ ᠤᠨ ᠰᠠᠬᠢᠯᠭ᠎ᠠ ᠪᠠᠲᠤ ᠶᠢᠨ ᠪᠠᠶᠢᠭᠤᠯᠤᠯᠲᠠ ᠶᠢ ᠴᠢᠩᠭᠠᠳᠬᠠᠬᠤ᠂ ᠪᠦᠬᠦ ᠲᠠᠯ᠎ᠠ ᠪᠠᠷ ᠨᠠᠮ ᠢ ᠴᠢᠩᠭ᠎ᠠ ᠵᠠᠰᠠᠬᠤ ᠶᠢ ᠭᠦᠨᠵᠡᠭᠡᠶᠢᠷᠡᠭᠦᠯᠦᠨ ᠬᠥᠭᠵᠢᠭᠦᠯᠬᠦ ᠶᠢ ᠠᠬᠢᠭᠤᠯᠬᠤ ᠴᠢᠬᠤᠯᠠ ᠠᠷᠭ᠎ᠠ ᠬᠡᠮᠵᠢᠶ᠎ᠡ ᠮᠥᠨ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠬᠠᠷᠠᠯᠲᠠ ᠱᠠᠭᠠᠷᠳᠠᠯᠭ᠎ᠠ ᠪᠠ ᠭᠤᠣᠯᠳᠠᠯᠭ᠎ᠠ ᠲᠠᠢ ᠡᠭᠦᠷᠭᠡ ᠶᠢ ᠲᠣᠳᠣᠷᠬᠠᠶᠢᠯᠠᠵᠤ᠂ ︽ᠵᠢᠷᠭᠤᠭᠠᠨ ᠵᠦᠢᠯ ᠤᠨ ᠰᠠᠬᠢᠯᠭ᠎ᠠ ᠪᠠᠲᠤ︾ ᠶᠢ ᠴᠢᠩᠭ᠎ᠠ ᠵᠢᠷᠤᠮᠯᠠᠵᠤ᠂ ᠳᠦᠷᠢᠮ ᠲᠣᠭᠲᠠᠭᠠᠯ ᠢ ᠵᠢᠷᠤᠮᠯᠠᠨ ᠰᠠᠬᠢᠯᠭ᠎ᠠ ᠪᠠᠲᠤ ᠶᠢ ᠰᠠᠬᠢᠬᠤ ᠳᠤᠮᠳᠠ ᠤᠯᠤᠰ ᠲᠦᠷᠦ ᠶᠢᠨ ᠣᠣᠷ ᠴᠢᠨᠠᠷ ᠢᠶᠠᠨ ᠡᠭᠦᠷᠢᠳᠡ ᠬᠠᠳᠠᠭᠠᠯᠠᠵᠤ᠂ ︽ᠲᠦᠷᠪᠡᠨ ᠲᠠᠭᠠᠬᠤ︾ ᠶᠢ ᠦᠢᠯᠡᠳᠦᠯᠭᠡᠵᠢᠭᠦᠯᠵᠦ᠂ ᠠᠷᠠᠳ ᠲᠦᠮᠡᠨ ᠤ ᠵᠣᠭᠰᠣᠯᠲᠠ ᠳᠤ ᠪᠠᠲᠤ ᠵᠣᠭᠰᠣᠵᠤ᠂ ᠡᠭᠦᠷᠭᠡ ᠬᠠᠷᠢᠭᠤᠴᠠᠯᠭ᠎ᠠ ᠪᠠᠨ ᠡᠭᠦᠷᠭᠡᠯᠡᠬᠦ ᠬᠡᠷᠡᠭᠲᠡᠢ ᠭᠡᠵᠦ ᠬᠡᠯᠡᠪᠡ᠃    ᠰᠦᠢ ᠸᠧᠢ ᠵᠢᠶᠦ᠋ᠨ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠡᠳᠦᠷ ᠲᠤᠳᠤᠮ ᠤᠨ ᠠᠵᠢᠯ ᠳᠤ ᠠᠭᠤᠰᠬᠠᠵᠤ᠂ ᠪᠠᠶᠢᠩᠭᠤ ᠠᠳᠬᠤᠵᠤ᠂ ᠨᠠᠮ ᠤᠨ ᠲᠣᠭᠲᠠᠭᠠᠯ ᠨᠠᠮ ᠤᠨ ᠰᠠᠬᠢᠯᠭ᠎ᠠ ᠪᠠᠲᠤ ᠪᠠᠷ ᠦᠭᠡ ᠶᠠᠷᠢᠶ᠎ᠠ ᠦᠢᠯᠡ ᠠᠵᠢᠯᠯᠠᠭ᠎ᠠ ᠶᠢᠨ ᠪᠠᠷᠢᠮᠵᠢᠶ᠎ᠠ ᠶᠢ ᠲᠣᠳᠣᠷᠬᠠᠶᠢᠯᠠᠵᠤ᠂ ᠦᠵᠡᠯ ᠰᠠᠨᠠᠭ᠎ᠠ ᠦᠢᠯᠡ ᠠᠵᠢᠯᠯᠠᠭ᠎ᠠ ᠪᠠᠨ ᠵᠠᠯᠠᠷᠠᠭᠤᠯᠬᠤ ᠬᠡᠷᠡᠭᠲᠡᠢ᠃ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠢ ᠥᠷᠨᠢᠭᠦᠯᠬᠦ ᠶᠢ ᠨᠠᠮ ᠤᠨ ᠲᠥᠪ ᠬᠤᠷᠢᠶᠠᠨ ᠤ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠶᠢᠳᠠᠪᠤᠷᠢᠵᠢᠭᠤᠯᠬᠤ ᠲᠠᠢ ᠤᠶᠠᠯᠳᠤᠭᠤᠯᠵᠤ᠂ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠶᠠᠷ ᠲᠣᠮᠣ ᠶᠠᠪᠤᠳᠠᠯ ᠢ ᠰᠠᠶᠢᠲᠤᠷ ᠬᠢᠬᠦ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ︽ᠵᠢᠷᠭᠤᠭᠠᠨ ᠢᠨᠵᠧᠨᠧᠷᠢᠩ︾ ᠢ ᠬᠡᠷᠡᠭᠵᠢᠭᠦᠯᠬᠦ ᠵᠡᠷᠭᠡ ᠭᠤᠣᠯᠳᠠᠯᠭ᠎ᠠ ᠲᠠᠢ ᠠᠵᠢᠯ ᠢ ᠰᠠᠶᠢᠲᠤᠷ ᠬᠢᠵᠦ ᠦᠷ᠎ᠡ ᠪᠦᠲᠦᠮᠵᠢ ᠭᠠᠷᠭᠠᠬᠤ ᠬᠡᠷᠡᠭᠲᠡᠢ᠃ ︽ᠪᠣᠳᠠᠲᠠᠢ︾ ᠪᠠᠶᠢᠬᠤ ᠱᠠᠭᠠᠷᠳᠠᠯᠭ᠎ᠠ ᠶᠢ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠪᠦᠬᠦ ᠶᠠᠪᠤᠴᠠ ᠳᠤ ᠲᠤᠭᠤᠰᠢᠯᠠᠭᠤᠯᠵᠤ᠂ ᠬᠡᠯᠪᠡᠷᠢᠴᠢ ᠦᠵᠡᠯ ᠢ ᠴᠢᠩᠭ᠎ᠠ ᠴᠡᠭᠡᠷᠯᠡᠵᠦ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠤᠨ ᠯᠠᠪᠳᠠᠭᠤᠨ ᠪᠠᠲᠤᠲᠠᠢ ᠦᠷ᠎ᠡ ᠪᠦᠲᠦᠮᠵᠢ ᠣᠯᠬᠤ ᠶᠢ ᠪᠠᠲᠤᠯᠠᠬᠤ ᠬᠡᠷᠡᠭᠲᠡᠢ ᠭᠡᠵᠦ ᠬᠡᠯᠡᠪᠡ᠃                                                 ᠣᠷᠴᠢᠭᠤᠯᠤᠭᠴᠢ᠄ ᠭᠤᠸ᠎ᠠ                                                 ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2