2024 ᠣᠨ ᠳᠤ ᠪᠥᠬᠦ ᠣᠷᠣᠨ ᠤ ᠵᠢᠭᠤᠯᠴᠢᠯᠠᠯ ᠤᠨ ᠠᠷᠠᠳ ᠤᠨ ᠣᠷᠣᠨ ᠰᠠᠭᠤᠴᠠ ᠶᠢᠨ ᠬᠥᠭᠵᠢᠯᠲᠡ ᠶᠢᠨ ᠲᠤᠬᠠᠶ ᠶᠢᠨ ᠲᠠᠯᠠᠪᠠᠶ ᠶᠢᠨ ᠦᠵᠡᠭᠦᠯᠭᠡ ᠶᠢᠨ ᠬᠤᠷᠠᠯ ᠤᠯᠠᠭᠠᠨᠴᠠᠪ ᠬᠤᠲᠠ ᠳᠤ ᠶᠠᠪᠤᠭᠳᠠᠪᠠ
ᠨᠡᠶᠢᠲᠡᠯᠡᠭᠰᠡᠨ ᠴᠠᠭ᠄
2024/4/29
       ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠤᠬᠠᠭᠤᠯᠵᠤ ᠲᠤᠭᠤᠰᠢᠯᠠᠭᠤᠯᠵᠤ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠪᠠᠷ ᠵᠢᠯᠤᠭᠤᠳᠤᠯᠭ᠎ᠠ ᠪᠣᠯᠭᠠᠬᠤ ᠶᠢ ᠪᠠᠷᠢᠮᠲᠠᠯᠠᠵᠤ᠂ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠳᠤ ᠲᠤᠰᠢᠶᠠᠭᠰᠠᠨ ︽ᠲᠠᠪᠤᠨ ᠶᠡᠭᠡ ᠡᠭᠦᠷᠭᠡ︾ ᠪᠣᠯᠤᠨ ︽ᠵᠢᠱᠢᠶᠡᠴᠢ ᠥᠪᠡᠷᠲᠡᠭᠡᠨ ᠵᠠᠰᠠᠬᠤ ᠣᠷᠣᠨ︾ ᠭᠡᠬᠦ ᠬᠤᠶᠠᠷ ᠶᠡᠭᠡ ᠶᠠᠪᠤᠳᠠᠯ ᠤᠨ ᠲᠣᠭᠤᠷᠢᠨ ᠳᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠᠶᠢᠯᠳᠤᠬᠤ ᠪᠤᠳᠤᠯᠭ᠎ᠠ ᠶᠢᠨ ᠶᠡᠷᠦᠩᠬᠡᠢ ᠬᠠᠷᠠᠯᠲᠠ ᠶᠢ ᠲᠣᠭᠲᠠᠭᠠᠵᠤ᠂ ︽ᠪᠢ ᠲᠠᠯ᠎ᠠ ᠨᠤᠲᠤᠭ ᠲᠤ ᠭᠡᠷ ᠲᠠᠢ︾ ᠪᠠᠷ ᠭᠤᠣᠯ ᠰᠡᠳᠦᠪ ᠪᠣᠯᠭᠠᠵᠤ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠪᠠᠷ ᠰᠠᠭᠤᠷᠢ ᠪᠣᠯᠭᠠᠵᠤ᠂ ᠥᠪᠡᠷᠮᠢᠴᠡ ᠣᠨᠴᠠᠯᠢᠭ ᠲᠠᠢ᠂ ᠬᠡᠪᠴᠢᠶᠡᠵᠢᠭᠰᠡᠨ᠂ ᠪᠦᠯᠦᠭᠵᠢᠭᠰᠡᠨ ᠵᠢᠭᠤᠯᠴᠢᠯᠠᠯ ᠤᠨ ᠠᠷᠠᠳ ᠤᠨ ᠣᠷᠣᠨ ᠰᠠᠭᠤᠴᠠ ᠶᠢᠨ ᠬᠥᠭᠵᠢᠯᠲᠡ ᠶᠢᠨ ᠰᠢᠨ᠎ᠡ ᠠᠷᠭ᠎ᠠ ᠵᠠᠮ ᠢ ᠰᠦᠪᠡᠭᠴᠢᠯᠡᠵᠦ᠂ ᠤᠯᠠᠨ ᠶᠠᠩᠵᠤᠴᠢᠯᠠᠭᠰᠠᠨ᠂ ᠠᠷᠠᠳ ᠤᠨ ᠣᠷᠣᠨ ᠰᠠᠭᠤᠴᠠ ᠶᠢᠨ ᠰᠣᠳᠣᠨ ᠠᠵᠤ ᠦᠢᠯᠡᠰ ᠢ ᠰᠢᠯᠢᠳᠡᠭᠵᠢᠭᠦᠯᠦᠨ ᠬᠦᠴᠦᠷᠬᠡᠭᠵᠢᠭᠦᠯᠬᠦ ᠶᠢᠨ ᠲᠦᠯᠦᠬᠡ᠂ 4 ᠰᠠᠷ᠎ᠠ ᠶᠢᠨ 25 ᠤ ᠡᠳᠦᠷ᠂ 2024 ᠣᠨ ᠳᠤ ᠪᠥᠬᠦ ᠣᠷᠣᠨ ᠤ ᠵᠢᠭᠤᠯᠴᠢᠯᠠᠯ ᠤᠨ ᠠᠷᠠᠳ ᠤᠨ ᠣᠷᠣᠨ ᠰᠠᠭᠤᠴᠠ ᠶᠢᠨ ᠬᠥᠭᠵᠢᠯᠲᠡ ᠶᠢᠨ ᠲᠤᠬᠠᠶ ᠶᠢᠨ ᠲᠠᠯᠠᠪᠠᠶ ᠶᠢᠨ ᠦᠵᠡᠭᠦᠯᠭᠡ ᠶᠢᠨ ᠬᠤᠷᠠᠯ ᠤᠯᠠᠭᠠᠨᠴᠠᠪ ᠲᠤ ᠶᠠᠪᠤᠭᠳᠠᠵᠤ᠂ ᠲᠣᠰ ᠤᠳᠠᠭᠠᠨ ᠤ ᠲᠤᠬᠠᠶ ᠶᠢᠨ ᠲᠠᠯᠠᠪᠠᠶ ᠶᠢᠨ ᠦᠵᠡᠭᠦᠯᠭᠡ ᠶᠢᠨ ᠬᠤᠷᠠᠯ ᠢ ᠥᠪᠡᠷᠲᠡᠭᠡᠨ ᠵᠠᠰᠠᠬᠤ ᠣᠷᠣᠨ ᠤ ᠰᠣᠶᠣᠯ ᠵᠢᠭᠤᠯᠴᠢᠯᠠᠯ ᠤᠨ ᠲᠢᠩᠬᠢᠮ᠂ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠣᠷᠳᠣᠨ ᠠᠴᠠ ᠭᠤᠤᠯᠯᠠᠨ ᠡᠷᠭᠢᠯᠡᠵᠦ᠂ ᠤᠯᠠᠭᠠᠨᠴᠠᠪ ᠬᠤᠲᠠ ᠶᠢᠨ ᠰᠣᠶᠣᠯ ᠵᠢᠭᠤᠯᠴᠢᠯᠠᠯ ᠪᠡᠶ᠎ᠡ ᠶᠢᠨ ᠲᠠᠮᠢᠷ ᠤᠨ ᠲᠣᠪᠴᠢᠶ᠎ᠠ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠠᠷᠠᠳ ᠤᠨ ᠵᠠᠰᠠᠭ ᠤᠨ ᠣᠷᠳᠣᠨ ᠳᠠᠭᠠᠭᠠᠴᠢᠯᠠᠨ ᠡᠷᠭᠢᠯᠡᠵᠦ᠂ ᠲᠤᠬᠠᠶ ᠶᠢᠨ ᠲᠠᠯᠠᠪᠠᠶ ᠶᠢᠨ ᠲᠣᠭᠤᠷᠢᠨ ᠦᠵᠡᠬᠦ ᠪᠠ ᠲᠤᠷᠰᠢᠯᠭ᠎ᠠ ᠪᠠᠨ ᠰᠣᠯᠢᠯᠴᠠᠬᠤ ᠬᠡᠯᠪᠡᠷᠢ ᠪᠠᠷ ᠥᠷᠨᠢᠭᠦᠯᠪᠡ᠃                   ᠤᠷᠴᠢᠭᠤᠯᠤᠭᠴᠢ᠄ ᠬᠦᠰᠡᠯ                   ᠬᠢᠨᠠᠭᠴᠢ᠄ ᠠᠷᠢᠭᠤᠨ    
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2