ᠤᠯᠠᠭᠠᠨᠴᠠᠪ ᠬᠤᠲᠠ ᠶᠢᠨ ᠠᠵᠤ ᠠᠬᠤᠶ ᠶᠢᠨ ᠠᠵᠢᠯᠯᠠᠭᠠᠨ ᠰᠠᠶᠢᠨ ᠡᠬᠢᠯᠡᠯᠲᠡ ᠲᠠᠢ ᠪᠣᠯᠪᠠ
ᠨᠡᠶᠢᠲᠡᠯᠡᠭᠰᠡᠨ ᠴᠠᠭ᠄
2024/4/29
    ᠤᠶᠢᠷ᠎ᠠ ᠳᠤ᠂ ᠣᠯᠠᠭᠠᠨᠴᠠᠪ ᠬᠤᠲᠠ ᠶᠢᠨ ᠨᠠᠮ ᠤᠨ ᠬᠤᠷᠢᠶᠠᠨ ᠤ ᠨᠢᠭᠡᠲᠣᠭᠡᠷ ᠣᠯᠠᠷᠢᠯ ᠤᠨ ᠠᠵᠤ ᠠᠬᠤᠢ ᠶᠢᠨ ᠪᠠᠶᠢᠲᠠᠯ ᠤᠨ ᠵᠠᠲᠠᠯᠣᠯᠲᠠ ᠶᠢᠨ ᠬᠤᠷᠠᠯ ᠠᠴᠠ ᠤᠶᠢᠯᠠᠭᠠᠭᠰᠠᠨ ᠨᠢ᠂ ᠡᠨᠠ ᠵᠢᠯ ᠤᠨ ᠨᠢᠭᠡᠲᠣᠭᠡᠷ ᠣᠯᠠᠷᠢᠯ ᠤᠨ ᠤᠯᠠᠭᠠᠨᠴᠠᠪ ᠬᠤᠲᠠ ᠶᠢᠨ 7 ᠵᠦᠢᠯ ᠤᠨ ᠠᠵᠤ ᠠᠬᠤᠢ ᠶᠢᠨ ᠬᠦᠢᠢᠴᠠᠣᠠᠭᠡᠭᠦ ᠳᠤᠭ᠎ᠠ ᠨᠢ ᠪᠦᠭᠦᠠ ᠢᠶᠠᠷ ᠢᠶᠠᠨ ᠪᠦᠭᠦ ᠣᠷᠣᠠ ᠤ ᠳᠣᠮᠲᠠᠴᠢ ᠳᠦᠪᠰᠢᠠ ᠠᠴᠠ ᠣᠢᠠᠲᠣᠷ ᠪᠠᠶᠢᠵᠤ᠂ 5 ᠵᠦᠢᠯ ᠨᠢ ᠪᠦᠭᠦ ᠤᠯᠤᠰ ᠤᠨ ᠳᠣᠮᠲᠠᠴᠢ ᠬᠡᠮᠵᠢᠶᠠᠨ ᠠᠴᠠ ᠣᠢᠠᠲᠣᠷ ᠪᠤᠯᠪᠠ᠃ 6 ᠵᠦᠢᠯ ᠤᠨ ᠨᠡᠮᠡᠭᠳᠡᠯ ᠤᠨ ᠬᠤᠷᠲᠣᠴᠠ ᠨᠢ ᠪᠦᠭᠦ ᠣᠷᠣᠠ ᠤ ᠨᠢᠭᠡᠲᠣᠭᠡᠷ ᠱᠠᠲᠣᠠ ᠳᠤ ᠣᠷᠣᠵᠤ᠂ ᠪᠦᠭᠦ ᠬᠤᠲᠠ ᠶᠢᠨ ᠠᠵᠤ ᠠᠬᠤᠶ ᠶᠢᠨ ᠠᠵᠢᠯᠯᠠᠭᠠᠨ ᠰᠠᠶᠢᠨ ᠡᠬᠢᠯᠡᠯᠲᠡ ᠲᠠᠢ ᠪᠠᠶᠢᠨ᠎ᠠ᠃     ᠨᠢᠭᠡᠳᠦᠭᠡᠷ ᠤᠯᠠᠷᠢᠯ ᠳᠤ᠂ ᠲᠤᠰ ᠬᠤᠲᠠ ᠶᠢᠨ ᠭᠠᠵᠠᠷ ᠣᠷᠣᠨ ᠤ ᠦᠢᠯᠡᠳᠪᠦᠷᠢᠯᠡᠯ ᠤᠨ ᠶᠡᠷᠦᠩᠬᠡᠢ ᠥᠷᠲᠡᠭ 265.3 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 9.0% ᠪᠠᠷ ᠨᠡᠮᠡᠭᠳᠡᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠨᠡᠮᠡᠭᠳᠡᠯ ᠤᠨ ᠬᠤᠷᠳᠤᠴᠠ ᠠᠴᠠ 4.4 ᠵᠠᠭᠤᠨ ᠤ ᠬᠤᠪᠢ ᠶᠢᠨ ᠴᠡᠭ ᠥᠨᠳᠥᠷ ᠪᠣᠯᠵᠤ᠂ ᠪᠦᠬᠦ ᠣᠷᠣᠨ ᠤ ᠳᠤᠮᠳᠠᠴᠢ ᠨᠡᠮᠡᠭᠳᠡᠯ ᠤᠨ ᠬᠤᠷᠳᠤᠴᠠ ᠠᠴᠠ 3.1 ᠵᠠᠭᠤᠨ ᠤ ᠬᠤᠪᠢ ᠶᠢᠨ ᠴᠡᠭ ᠥᠨᠳᠥᠷ ᠪᠣᠯᠵᠤ᠂ ᠨᠡᠮᠡᠭᠳᠡᠯ ᠤᠨ ᠬᠤᠷᠳᠤᠴᠠ ᠨᠢ ᠪᠦᠬᠦ ᠤᠷᠤᠨ ᠳᠤ ᠬᠤᠶᠠᠳᠤᠭᠠᠷ ᠲᠤ ᠤᠷᠤᠪᠠ᠃ ᠲᠣᠰ ᠬᠤᠲᠠ ᠶᠢᠨ ᠬᠡᠪᠴᠢᠶᠡᠵᠢᠯ ᠠᠴᠠ ᠳᠡᠭᠡᠭᠰᠢᠬᠢ 345 ᠠᠵᠤ ᠦᠢᠯᠡᠳᠪᠦᠷᠢ ᠶᠢᠨ ᠠᠵᠤ ᠠᠬᠤᠶᠢᠯᠠᠯ ᠤᠨ ᠨᠡᠮᠡᠭᠳᠡᠯ ᠥᠷᠲᠡᠭ ᠠᠳᠠᠯᠢ ᠬᠤᠭᠤᠴᠠᠭᠠᠨ ᠤ ᠬᠢ ᠠᠴᠠ 20.2% ᠢᠶᠠᠷ ᠨᠡᠮᠡᠭᠳᠡᠵᠦ᠂ ᠳᠡᠭᠡᠷ᠎ᠡ ᠵᠢᠯ ᠤᠨ ᠠᠳᠠᠯᠢ ᠬᠤᠭᠤᠴᠠᠭᠠᠨ ᠤ ᠬᠢ ᠠᠴᠠ 12.9 ᠵᠠᠭᠤᠨ ᠤ ᠬᠤᠪᠢ ᠶᠢᠨ ᠴᠡᠭ ᠥᠨᠳᠥᠷ ᠪᠣᠯᠵᠤ᠂ ᠪᠦᠬᠦ ᠣᠷᠣᠨ ᠤ ᠳᠤᠮᠳᠠᠴᠢ ᠨᠡᠮᠡᠭᠳᠡᠯ ᠤᠨ ᠬᠤᠷᠳᠤᠴᠠ ᠠᠴᠠ 13.1 ᠵᠠᠭᠤᠨ ᠤ ᠬᠤᠪᠢ ᠶᠢᠨ ᠴᠡᠭ ᠥᠨᠳᠥᠷ ᠪᠣᠯᠵᠤ᠂ ᠨᠡᠮᠡᠭᠳᠡᠯ ᠤᠨ ᠬᠤᠷᠳᠤᠴᠠ ᠨᠢ ᠪᠦᠬᠦ ᠣᠷᠣᠨ ᠳᠤ ᠬᠤᠶᠠᠳᠤᠭᠠᠷ ᠲᠤ ᠣᠷᠣᠪᠠ᠃ ᠲᠤᠰ ᠬᠤᠲᠠ ᠶᠢᠨ 500 ᠲᠦᠮᠡᠨ ᠲᠥᠭᠦᠷᠢᠭ ᠠᠴᠠ ᠳᠡᠭᠡᠭᠰᠢᠬᠢ ᠲᠣᠭᠲᠠᠮᠠᠯ ᠬᠥᠷᠥᠩᠭᠡ ᠶᠢᠨ ᠪᠡᠯᠡ ᠣᠷᠣᠭᠤᠯᠤᠯᠲᠠ ᠠᠳᠠᠯᠢ ᠬᠤᠭᠤᠴᠠᠭᠠᠨ ᠤ ᠬᠢ ᠠᠴᠠ 33.5% ᠪᠠᠷ ᠨᠡᠮᠡᠭᠳᠡᠵᠦ᠂ ᠪᠦᠬᠦ ᠣᠷᠣᠨ ᠤ ᠳᠤᠮᠳᠠᠴᠢ ᠨᠡᠮᠡᠭᠳᠡᠯ ᠤᠨ ᠬᠤᠷᠳᠤᠴᠠ ᠠᠴᠠ 2 ᠵᠠᠭᠤᠨ ᠤ ᠬᠤᠪᠢ ᠶᠢᠨ ᠴᠡᠭ ᠥᠨᠳᠥᠷ ᠪᠣᠯᠵᠤ᠂ ᠨᠡᠮᠡᠭᠳᠡᠯ ᠤᠨ ᠬᠤᠷᠳᠤᠴᠠ ᠨᠢ ᠪᠥᠬᠦ ᠣᠷᠣᠨ ᠳᠤ ᠳᠥᠷᠪᠡᠳᠦᠭᠡᠷ ᠲᠤ ᠤᠷᠤᠪᠠ᠃ ᠲᠤᠰ ᠬᠤᠲᠠ ᠶᠢᠨ ᠨᠡᠶᠢᠭᠡᠮ ᠤᠨ ᠬᠡᠷᠡᠭᠯᠡᠭᠡᠨ ᠤ ᠵᠦᠢᠯ ᠤᠨ ᠵᠢᠵᠢᠭᠯᠡᠨ ᠪᠤᠷᠤᠯᠠᠭᠤᠯᠤᠭᠰᠠᠨ ᠪᠥᠬᠦ ᠲᠤᠭ᠎ᠠ 77.2 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 4.4% ᠪᠠᠷ ᠨᠡᠮᠡᠭᠳᠡᠨ᠂ ᠪᠥᠬᠦ ᠣᠷᠣᠨ ᠤ ᠳᠤᠮᠳᠠᠴᠢ ᠨᠡᠮᠡᠭᠳᠡᠯ ᠤᠨ ᠬᠤᠷᠳᠤᠴᠠ ᠠᠴᠠ 1.6 ᠵᠠᠭᠤᠨ ᠤ ᠬᠤᠪᠢ ᠶᠢᠨ ᠴᠡᠭ ᠥᠨᠳᠥᠷ ᠪᠣᠯᠵᠤ᠂ ᠨᠡᠮᠡᠭᠳᠡᠯ ᠤᠨ ᠬᠤᠷᠳᠤᠴᠠ ᠨᠢ ᠪᠥᠬᠦ ᠣᠷᠣᠨ ᠤ ᠨᠢᠭᠡᠳᠦᠭᠡᠷ ᠲᠤ ᠣᠷᠣᠪᠠ᠃ ᠲᠣᠰ ᠬᠤᠲᠠ ᠶᠢᠨ ᠡᠩ ᠤᠨ ᠣᠯᠠᠨ ᠨᠡᠶᠢᠲᠡ ᠶᠢᠨ ᠲᠥᠰᠦᠪ ᠤᠨ ᠣᠷᠣᠯᠭ᠎ᠠ ᠨᠡᠶᠢᠲᠡ 18.1 ᠳ᠋ᠦᠩᠰᠢᠭᠤᠷ ᠲᠥᠭᠦᠷᠢᠭ ᠢ ᠪᠡᠶᠡᠯᠡᠭᠦᠯᠵᠦ᠂ ᠠᠳᠠᠯᠢ ᠬᠤᠭᠤᠴᠠᠭᠠᠨ ᠤ ᠬᠢ ᠠᠴᠠ 2% ᠢᠶᠠᠷ ᠪᠠᠭᠤᠷᠠᠨ᠂ ᠨᠡᠮᠡᠭᠳᠡᠯ ᠤᠨ ᠬᠤᠷᠳᠤᠴᠠ ᠨᠢ ᠪᠥᠬᠦ ᠣᠷᠣᠨ ᠤ 10 ᠳ᠋ᠤᠭᠠᠷ  ᠲᠤ ᠣᠷᠣᠪᠠ᠃ ᠲᠣᠰ ᠬᠤᠲᠠ ᠶᠢᠨ ᠬᠤᠲᠠ ᠬᠥᠳᠡᠭᠡ ᠶᠢᠨ ᠰᠠᠭᠤᠭᠠᠯᠢ ᠠᠷᠠᠳ ᠤᠨ ᠬᠥᠮᠦᠨ ᠳᠤᠮᠳᠠᠴᠢ ᠶᠢᠨ ᠡᠵᠡᠮᠳᠡᠵᠦ ᠪᠣᠯᠬᠤ ᠣᠷᠣᠯᠭ᠎ᠠ ᠲᠣᠰ ᠪᠦᠷᠢ 11009 ᠲᠥᠭᠦᠷᠢᠭ ᠪᠠ 4427 ᠲᠥᠭᠦᠷᠢᠭ ᠢ ᠪᠡᠶᠡᠯᠡᠭᠦᠯᠵᠦ᠂ 7.4% ᠪᠠ 8.6% ᠪᠠᠷ ᠨᠡᠮᠡᠭᠳᠡᠨ᠂ ᠨᠡᠮᠡᠭᠳᠡᠯ ᠤᠨ ᠬᠤᠷᠳᠤᠴᠠ ᠨᠢ ᠲᠣᠰ ᠲᠣᠰ ᠪᠥᠬᠦ ᠣᠷᠣᠨ ᠤ ᠭᠤᠷᠪᠠᠳᠤᠭᠠᠷ ᠪᠠ ᠬᠤᠶᠠᠳᠤᠭᠠᠷ ᠲᠤ ᠣᠷᠣᠪᠠ᠃    
 
ᠢᠷᠡᠯᠲᠡ᠄ ᠦᠪᠦᠷ ᠮᠤᠩᠭᠤᠯ ᠤᠨ ᠡᠳᠦᠷ ᠤᠨ ᠰᠤᠨᠢᠨ ᠤ ᠲᠤᠭᠠᠴᠢᠯᠠᠭᠰᠠᠨ ᠰᠤᠨᠢᠨ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2