15000 ᠮᠥᠬᠦᠯᠢᠭᠲᠦ ᠰᠠᠨᠰᠠᠷ ᠤᠨ ᠲᠥᠮᠥᠰᠥ ᠶᠢᠨ ᠦᠷ᠎ᠡ ᠱᠠᠩᠳᠤ ᠰᠢᠶᠠᠨ ᠤ ᠶᠡᠭᠡ ᠳᠠᠷᠢᠶᠠᠨ ᠤ ᠰᠢᠭᠰᠢᠨ ᠦᠨᠡᠯᠡᠬᠦ ᠱᠠᠲᠤᠨ ᠳᠤ ᠣᠷᠣᠪᠡ
ᠨᠡᠶᠢᠲᠡᠯᠡᠭᠰᠡᠨ ᠴᠠᠭ᠄
2024/4/29
     4 ᠰᠠᠷ᠎ᠠ ᠶᠢᠨ 26 ᠤ ᠡᠳᠦᠷ᠂ 15000 ᠮᠥᠬᠦᠯᠢᠭᠲᠦ ᠰᠠᠨᠰᠠᠷ ᠤᠨ ᠲᠥᠮᠥᠰᠥ ᠶᠢᠨ ᠦᠷ᠎ᠡ ᠱᠠᠩᠳᠤ ᠰᠢᠶᠠᠨ ᠤ ᠶᠡᠭᠡ ᠳᠠᠷᠢᠶᠠᠨ ᠤ ᠰᠢᠭᠰᠢᠨ ᠦᠨᠡᠯᠡᠬᠦ ᠱᠠᠲᠤᠨ ᠳᠤ ᠣᠷᠣᠵᠤ᠂ ᠱᠠᠩᠳᠤ ᠰᠢᠶᠠᠨ ᠰᠠᠨᠰᠠᠷ ᠤᠨ ᠲᠥᠮᠥᠰᠥ ᠶᠢᠨ ᠦᠷ᠎ᠡ ᠶᠢᠨ ᠲᠠᠷᠢᠮᠠᠯ ᠤᠨ ᠠᠩᠬᠠᠨ ᠤ ᠤᠯᠠᠷᠢᠯ ᠢ ᠤᠭᠲᠤᠨ ᠠᠪᠴᠢᠷᠠᠪᠠ᠃    ᠣᠶᠢᠯᠠᠭᠠᠭᠰᠠᠨ ᠢᠶᠠᠷ᠂ 2023 ᠣᠨ ᠤ 5 ᠰᠠᠷ᠎ᠠ ᠳᠤ᠂ ᠰᠢ ᠰᠧᠨ ᠳᠠᠬᠢᠨᠲᠠ 66500 ᠮᠥᠬᠦᠯᠢᠭᠲᠦ ᠲᠥᠮᠥᠰᠥ ᠶᠢᠨ ᠪᠣᠳᠠᠲᠤ ᠦᠷ᠎ᠡ ᠶᠢ ᠰᠣᠩᠭᠤᠵᠤ᠂ ᠬᠤᠪᠢᠯᠭᠠᠨ ᠵᠠᠪᠢ ᠠᠷᠪᠠᠨ ᠵᠢᠷᠭᠤᠳᠤᠭᠠᠷ ᠨᠡᠷᠡᠮᠵᠢᠲᠦ ᠬᠥᠮᠦᠨ ᠰᠠᠭᠤᠯᠭᠠᠭᠰᠠᠨ ᠰᠠᠨᠰᠠᠷ ᠤᠨ ᠣᠩᠭᠤᠴᠠᠨ ᠳᠤ ᠰᠠᠭᠤᠵᠠᠢ᠂ ᠡᠭᠦᠨ ᠳᠤ 10800 ᠮᠥᠬᠦᠯᠢᠭᠲᠦ ᠬᠤᠵᠢᠷ ᠲᠤ ᠲᠡᠰᠪᠦᠷᠢᠲᠡᠢ ᠰᠢᠨ᠎ᠡ ᠤᠳᠤᠮᠰᠢᠯᠲᠤ ᠦᠷ᠎ᠡ ᠪᠠᠭᠲᠠᠵᠤ᠂ ᠤᠯᠤᠰ ᠤᠨ ᠳᠣᠲᠣᠭᠠᠳᠤ ᠶᠢᠨ ᠠᠩᠬᠠᠳᠠᠭᠴᠢ ᠪᠦᠯᠦᠭ ᠰᠠᠨᠰᠠᠷ ᠤᠨ ᠠᠶᠠᠯᠠᠯ ᠤᠨ ᠬᠤᠵᠢᠷ ᠲᠤ ᠲᠡᠰᠪᠦᠷᠢᠲᠡᠢ ᠲᠥᠮᠥᠰᠥ ᠶᠢᠨ ᠦᠷ᠎ᠡ ᠪᠤᠯᠤᠨ᠎ᠡ᠃ 2024 ᠣᠨ ᠤ 1 ᠰᠠᠷ᠎ᠠ ᠶᠢᠨ 8 ᠤ ᠡᠳᠦᠷ᠂ ᠬᠤᠪᠢᠯᠭᠠᠨ ᠵᠠᠪᠢ ᠠᠷᠪᠠᠨ ᠵᠢᠷᠭᠤᠳᠤᠭᠠᠷ ᠨᠡᠷᠡᠮᠵᠢᠲᠦ ᠰᠢ ᠰᠧᠨ ᠲᠥᠮᠥᠰᠥ ᠶᠢᠨ ᠦᠷ᠎ᠡ ᠱᠠᠩᠳᠤ ᠶᠢᠨ ᠲᠥᠮᠥᠰᠥ ᠶᠢᠨ ᠰᠢᠨ᠎ᠡ ᠶᠢ ᠡᠭᠦᠳᠬᠦ ᠲᠥᠪ ᠲᠤ ᠲᠤᠰᠢᠶᠠᠵᠤ ᠬᠦᠯᠢᠶᠡᠨ ᠠᠪᠬᠤ ᠶᠣᠰᠣᠯᠠᠯ ᠢ ᠳᠠᠭᠤᠰᠬᠠᠪᠠ᠃ ᠱᠠᠩᠳᠤ ᠰᠢᠶᠠᠨ ᠤ ᠰᠢᠶᠤᠤ ᠬᠠᠶ ᠽᠢ ᠪᠠᠯᠭᠠᠰᠤᠨ ᠤ ᠰᠠᠨᠰᠠᠷ ᠤᠨ ᠠᠶᠠᠯᠠᠯ ᠤᠨ ᠦᠷ᠎ᠡ ᠪᠤᠶᠢᠵᠢᠭᠤᠯᠬᠤ ᠣᠷᠣᠨ ᠪᠦᠰᠡ ᠳᠤ 20 ᠨᠡᠶᠢᠯᠡᠮᠡᠯ ᠪᠢᠴᠢᠯ ᠲᠥᠮᠥᠰᠥ ᠳᠠᠷᠢᠵᠤ᠂ 15 ᠮᠥ ᠭᠠᠵᠠᠷ ᠡᠵᠡᠯᠡᠵᠦ᠂ ᠵᠢᠱᠢᠯᠲᠡ ᠪᠠᠷ ᠡᠨᠡ ᠵᠢᠯ ᠤᠨ 8 ᠰᠠᠷ᠎ᠠ ᠠᠴᠠ 9 ᠰᠠᠷ᠎ᠠ ᠪᠣᠯᠲᠠᠯ᠎ᠠ᠂ ᠰᠣᠩᠭᠤᠨ ᠪᠤᠶᠢᠵᠢᠭᠤᠯᠬᠤ ᠱᠠᠭᠠᠷᠳᠠᠯᠭ᠎ᠠ ᠶᠢ ᠦᠨᠳᠦᠰᠦᠯᠡᠨ᠂ ᠭᠠᠷᠤᠯᠲᠠ ᠪᠠᠷ ᠥᠨᠳᠥᠷ᠂ ᠡᠪᠡᠳᠴᠢᠨ ᠢ ᠡᠰᠡᠷᠭᠦᠴᠡᠬᠦ ᠴᠢᠨᠠᠷ ᠢᠶᠠᠷ ᠴᠢᠩᠭ᠎ᠠ᠂ ᠴᠠᠷᠳᠠᠭᠤᠯ ᠤᠨ ᠠᠭᠤᠯᠤᠭᠳᠠᠴᠠ ᠪᠠᠷ ᠥᠨᠳᠥᠷ ᠦᠷ᠎ᠡ ᠶᠢ ᠴᠤᠭᠯᠠᠭᠤᠯᠵᠤ᠂ ᠢᠷᠡᠬᠦ ᠵᠢᠯ ᠤᠨ 4 - 5 ᠰᠠᠷ᠎ᠠ ᠳᠤ ᠳᠠᠬᠢᠨ ᠬᠡᠷᠴᠢᠵᠦ ᠳᠠᠷᠢᠬᠤ ᠪᠠᠷ ᠪᠠᠶᠢᠨ᠎ᠠ᠃                       ᠤᠷᠴᠢᠭᠤᠯᠤᠭᠴᠢ᠄ ᠬᠦᠰᠡᠯ                       ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2