ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/3
    4 ᠰᠠᠷ᠎ᠠ ᠶᠢᠨ 2 ᠤᠨ ᠡᠳᠦᠷ᠂ ᠬᠤᠲᠠ ᠶᠢᠨ ᠨᠠᠮ ᠤᠨ ᠬᠤᠷᠢᠶ᠎ᠠ ᠶᠢᠨ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠬᠤᠲᠠ ᠶᠢᠨ ᠵᠠᠰᠠᠭ ᠤᠨ ᠣᠷᠳᠣᠨ ᠤ ᠪᠠᠶᠢᠩᠭᠤ ᠶᠢᠨ ᠬᠤᠷᠠᠯ ᠢ ᠡᠷᠭᠢᠯᠡᠨ ᠬᠤᠷᠠᠯᠳᠤᠭᠤᠯᠵᠤ᠂ ︽ᠤᠰᠤ ᠶᠢ ᠠᠷᠪᠢᠯᠠᠵᠤ ᠬᠡᠷᠡᠭᠯᠡᠬᠦ ᠳᠦᠷᠢᠮ︾ ᠢ ᠲᠥᠪᠯᠡᠷᠡᠭᠦᠯᠦᠨ ᠰᠤᠷᠤᠯᠴᠠᠵᠤ᠂ ᠲᠠᠪᠤᠨ ᠶᠡᠭᠡ ᠡᠭᠦᠷᠭᠡ ᠶᠢᠨ ᠬᠠᠮᠢᠶ᠎ᠠ ᠪᠦᠬᠦᠢ ᠠᠵᠢᠯ ᠤᠨ ᠪᠠᠶᠢᠳᠠᠯ ᠢ ᠰᠣᠨᠣᠰᠴᠤ᠂ ︽ᠤᠯᠠᠭᠠᠨᠴᠠᠪ ᠬᠤᠲᠠ ᠶᠢᠨ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠳᠡᠭᠡᠭᠰᠢᠯᠡᠭᠦᠯᠬᠦ ᠠᠵᠢᠯᠯᠠᠭ᠎ᠠ ᠶᠢᠨ ᠬᠡᠷᠡᠭᠵᠢᠭᠦᠯᠬᠦ ᠲᠥᠰᠥᠯ ︵2023 ︱ 2025 ᠣᠨ︶︾ ᠵᠡᠷᠭᠡ ᠪᠢᠴᠢᠭ ᠮᠠᠲ᠋ᠧᠷᠢᠶᠠᠯ ᠢ ᠬᠢᠨᠠᠨ ᠵᠥᠪᠯᠡᠵᠦ᠂ ᠲᠠᠷᠠᠭᠠᠴᠢ ᠶᠢᠨ ᠠᠯᠬᠤᠮ ᠤᠨ ᠠᠵᠢᠯ ᠢᠶᠠᠨ ᠲᠣᠬᠢᠷᠠᠭᠤᠯᠤᠨ ᠪᠠᠶᠢᠷᠢᠯᠠᠭᠤᠯᠪᠠ᠃     ᠬᠤᠷᠠᠯ ᠠᠴᠠ᠂ ᠲᠠᠪᠤᠨ ᠶᠡᠭᠡ ᠡᠭᠦᠷᠭᠡ ᠶᠢ ᠰᠠᠶᠢᠲᠤᠷ ᠨᠠᠶᠢᠳᠠᠪᠤᠷᠢᠵᠢᠭᠤᠯᠬᠤ ᠪᠣᠯ ᠤᠯᠠᠭᠠᠨᠴᠠᠪ ᠤᠨ ᠡᠷᠬᠡᠪᠰᠢ ᠡᠭᠦᠷᠭᠡᠯᠡᠬᠦ ᠬᠡᠷᠡᠭᠲᠡᠢ ᠤᠯᠤᠰ ᠲᠦᠷᠦ ᠶᠢᠨ ᠬᠠᠷᠢᠭᠤᠴᠠᠯᠭ᠎ᠠ ᠪᠣᠯᠬᠤ ᠪᠥᠭᠡᠳ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠳᠤ ᠵᠠᠪᠠᠯ ᠶᠠᠪᠤᠬᠤ ᠵᠠᠮ ᠪᠣᠯᠣᠨ᠎ᠠ᠃ ᠡᠯ᠎ᠡ ᠱᠠᠲᠤᠨ ᠤ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠲᠠᠷᠢᠶᠠᠯᠠᠩ ᠮᠠᠯ ᠠᠵᠤ ᠠᠬᠤᠢ ᠶᠢᠨ ᠦᠢᠯᠡᠳᠪᠦᠷᠢᠯᠡᠯ ᠤᠨ ᠵᠠᠩᠭᠢᠯᠠᠭ᠎ᠠ ᠶᠢᠨ ᠴᠡᠭ ᠲᠠᠢ ᠨᠢᠭᠲᠠ ᠤᠶᠠᠯᠳᠤᠭᠤᠯᠤᠨ᠂ ᠬᠠᠪᠤᠷ ᠤᠨ ᠲᠠᠷᠢᠶᠠᠯᠠᠭ᠎ᠠ ᠶᠢᠨ ᠪᠡᠯᠡᠳᠬᠡᠯ᠂ ᠥᠨᠳᠥᠷ ᠪᠠᠷᠢᠮᠵᠢᠶᠠᠲᠤ ᠲᠠᠷᠢᠶᠠᠨ ᠭᠠᠵᠠᠷ ᠤᠨ ᠪᠦᠲᠦᠭᠡᠨ ᠪᠠᠶᠢᠭᠤᠯᠤᠯᠲᠠ᠂ ᠲᠠᠷᠢᠶᠠᠯᠠᠩ ᠤᠨ ᠳᠠᠭᠠᠳᠬᠠᠯ᠂ ᠬᠥᠳᠡᠭᠡ ᠲᠣᠰᠬᠤᠨ ᠤ ᠵᠠᠰᠠᠮᠠᠯ ᠵᠠᠮ ᠤᠨ ᠪᠦᠲᠦᠭᠡᠨ ᠪᠠᠶᠢᠭᠤᠯᠤᠯᠲᠠ ᠵᠡᠷᠭᠡ ᠠᠵᠢᠯ ᠢ ᠯᠠᠪᠳᠠᠭᠤᠨ ᠪᠠᠲᠤᠲᠠᠢ ᠰᠠᠶᠢᠲᠤᠷ ᠬᠢᠵᠦ᠂ ᠠᠮᠤ ᠪᠤᠳᠠᠭ᠎ᠠ᠂ ᠦᠬᠡᠷ ᠬᠤᠨᠢᠨ ᠮᠢᠬ᠎ᠠ ᠵᠡᠷᠭᠡ ᠴᠢᠬᠤᠯᠠ ᠮᠠᠯ ᠤᠨ ᠠᠰᠢᠭ ᠰᠢᠮ᠎ᠡ ᠲᠠᠷᠢᠶᠠᠯᠠᠩ ᠤᠨ ᠪᠦᠲᠦᠭᠡᠭᠳᠡᠬᠦᠨ ᠤ ᠭᠠᠷᠤᠯᠲᠠ ᠶᠢ ᠲᠣᠭᠲᠠᠪᠤᠷᠢᠵᠢᠭᠤᠯᠤᠨ ᠬᠠᠩᠭᠠᠯᠭ᠎ᠠ ᠶᠢ ᠪᠠᠲᠤᠯᠠᠬᠤ ᠶᠢ ᠦᠨᠡᠨᠬᠦ ᠪᠠᠲᠤᠯᠠᠬᠤ ᠬᠡᠷᠡᠭᠲᠡᠢ᠃ ᠠᠮᠢ ᠠᠬᠤᠢ ᠶᠢᠨ ᠠᠮᠤᠷ ᠲᠦᠪᠰᠢᠨ ᠢ ᠬᠠᠮᠠᠭᠠᠯᠠᠬᠤ ᠡᠭᠦᠷᠭᠡ ᠬᠠᠷᠢᠭᠤᠴᠠᠯᠭ᠎ᠠ ᠪᠠᠨ ᠦᠨᠡᠨᠬᠦ ᠪᠠᠲᠤ ᠡᠭᠦᠷᠭᠡᠯᠡᠵᠦ᠂ ᠬᠥᠬᠡ ᠣᠭᠲᠠᠷᠭᠤᠢ ᠬᠥᠬᠡᠮᠳᠦᠭ ᠤᠰᠤ ᠴᠡᠪᠡᠷ ᠬᠥᠷᠥᠰᠥ ᠶᠢ ᠬᠠᠮᠠᠭᠠᠯᠠᠬᠤ ᠳᠠᠶᠢᠯᠠᠯᠳᠤᠭᠠᠨ ᠢ ᠰᠠᠶᠢᠲᠤᠷ ᠬᠢᠵᠦ᠂ ᠠᠮᠢ ᠠᠬᠤᠢ ᠣᠷᠴᠢᠨ ᠲᠣᠭᠤᠷᠢᠨ ᠢ ᠦᠷᠭᠦᠯᠵᠢᠯᠡᠨ ᠰᠢᠯᠢᠳᠡᠭᠵᠢᠭᠦᠯᠬᠦ ᠬᠡᠷᠡᠭᠲᠡᠢ᠃ ᠡᠨᠧᠷᠭᠢ ᠶᠢᠨ ᠰᠤᠷᠪᠤᠯᠵᠢ ᠪᠠ ᠪᠠᠶᠢᠯᠳᠤᠬᠤ ᠪᠣᠳᠣᠯᠭ᠎ᠠ ᠶᠢᠨ ᠡᠬᠢ ᠪᠠᠶᠠᠯᠢᠭ ᠢ ᠨᠢᠭᠡᠳᠦᠯᠲᠡᠢ ᠲᠥᠯᠥᠪᠯᠡᠬᠦ ᠡᠷᠴᠢᠮ ᠢᠶᠠᠨ ᠴᠢᠩᠭᠠᠷᠠᠭᠤᠯᠵᠤ᠂ ᠠᠵᠤ ᠦᠢᠯᠡᠰ ᠤᠨ ᠬᠡᠯᠬᠢᠶ᠎ᠡ ᠶᠢ ᠤᠷᠲᠤᠳᠬᠠᠨ᠂ ᠪᠣᠬᠢᠷᠲᠤᠯ ᠦᠭᠡᠢ ᠨᠡᠭᠦᠷᠡᠰᠦᠲᠥ᠋ᠷᠥᠭᠴᠢ ᠪᠠᠭ᠎ᠠ ᠭᠠᠳᠠᠭᠰᠢᠯᠠᠭᠤᠯᠬᠤ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃     ᠬᠤᠷᠠᠯ᠂ ᠡᠯ᠎ᠡ ᠭᠠᠵᠠᠷ ᠤᠨ ᠬᠢᠨ ᠤᠰᠤᠨ ᠤ ᠡᠬᠢ ᠪᠠᠶᠠᠯᠢᠭ ᠢ ᠨᠠᠷᠢᠨ ᠨᠢᠮᠪᠠᠢ ᠪᠤᠳᠤᠵᠤ ᠰᠠᠶᠢᠲᠤᠷ ᠬᠡᠷᠡᠭᠯᠡᠨ᠂ ᠤᠰᠤᠨ ᠤ ᠡᠬᠢ ᠪᠠᠶᠠᠯᠢᠭ ᠢ ᠴᠢᠩᠭ᠎ᠠ ᠨᠢᠮᠪᠠᠢ ᠬᠠᠮᠢᠶᠠᠷᠴᠤ᠂ ᠤᠰᠤᠨ ᠤ ᠡᠬᠢ ᠪᠠᠶᠠᠯᠢᠭ ᠢ ᠠᠷᠪᠢᠯᠠᠨ ᠡᠷᠴᠢᠮᠵᠢᠭᠦᠯᠦᠨ ᠠᠰᠢᠭᠯᠠᠬᠤ ᠴᠢᠳᠠᠪᠤᠷᠢ ᠪᠠᠨ ᠪᠥᠬᠦ ᠲᠠᠯ᠎ᠠ ᠪᠠᠷ ᠳᠡᠭᠡᠭᠰᠢᠯᠡᠭᠦᠯᠬᠦ ᠬᠡᠷᠡᠭᠲᠡᠢ᠃ ᠪᠣᠬᠢᠷᠳᠤᠯ ᠦᠭᠡᠢ ᠴᠠᠬᠢᠯᠭᠠᠨ ᠢᠶᠠᠷ ᠣᠷᠣᠯᠠᠭᠤᠯᠬᠤ᠂ ᠦᠢᠯᠡᠳᠪᠦᠷᠢᠯᠡᠯ ᠤᠨ ᠴᠢᠳᠠᠪᠤᠷᠢ ᠶᠢ ᠰᠣᠯᠢᠬᠤ᠂ ᠨᠡᠶᠢᠳᠬᠡᠵᠦ ᠨᠡᠶᠢᠯᠡᠭᠦᠯᠦᠨ ᠬᠤᠳᠠᠯᠳᠤᠨ ᠠᠪᠬᠤ ᠶᠢ ᠨᠢᠭᠡᠳᠦᠯᠲᠡᠢ ᠲᠥᠯᠥᠪᠵᠢᠭᠦᠯᠦᠨ ᠠᠬᠢᠭᠤᠯᠵᠤ᠂ ᠲᠡᠮᠦᠷ ᠤᠨ ᠬᠠᠶᠢᠯᠤᠰᠢ ᠶᠢᠨ ᠠᠵᠤ ᠦᠢᠯᠡᠰ ᠢ ᠬᠦᠴᠦᠷᠬᠡᠭᠵᠢᠭᠦᠯᠦᠨ ᠰᠢᠯᠢᠳᠡᠭᠵᠢᠭᠦᠯᠬᠦ ᠬᠡᠷᠡᠭᠲᠡᠢ᠃ ︽ᠰᠡᠷᠭᠡᠶᠢᠯᠡᠬᠦ︾ ᠪᠠᠷ ᠭᠤᠣᠯ ᠪᠣᠯᠭᠠᠵᠤ᠂ ︽ᠵᠠᠰᠠᠬᠤ︾ ᠪᠠᠷ ᠦᠨᠳᠦᠰᠦ ᠪᠣᠯᠭᠠᠵᠤ᠂ ︽ᠴᠢᠩᠭ᠎ᠠ︾ ᠪᠠᠷ ᠭᠤᠣᠯᠳᠠᠯᠭ᠎ᠠ ᠪᠣᠯᠭᠠᠬᠤ ᠶᠢ ᠪᠠᠷᠢᠮᠲᠠᠯᠠᠵᠤ᠂ ᠠᠶᠤᠯᠭᠦᠢ ᠦᠢᠯᠡᠳᠪᠦᠷᠢᠯᠡᠯ ᠤᠨ ᠠᠵᠢᠯ ᠢ ᠥᠴᠥᠬᠡᠨ ᠴᠦ ᠰᠤᠯᠠᠷᠠᠭᠤᠯᠤᠯ ᠦᠭᠡᠢ ᠰᠠᠶᠢᠲᠤᠷ ᠠᠳᠬᠤᠬᠤ ᠬᠡᠷᠡᠭᠲᠡᠢ᠃ ᠬᠢᠨᠠᠯᠲᠠ ᠬᠠᠮᠢᠶᠠᠷᠤᠯᠲᠠ ᠶᠢᠨ ᠪᠠᠶᠢᠭᠤᠯᠤᠮᠵᠢ ᠶᠢᠨ ᠥᠭᠡᠷᠡᠴᠢᠯᠡᠯᠲᠡ ᠶᠢ ᠭᠦᠨᠵᠡᠭᠡᠶᠢᠷᠡᠭᠦᠯᠵᠦ᠂ ᠤᠯᠤᠰ ᠤᠨ ᠥᠮᠴᠢᠯᠡᠯ ᠤᠨ ᠠᠵᠤ ᠠᠬᠤᠶᠢᠯᠠᠯ ᠤᠨ ᠠᠮᠢᠵᠢᠷᠠᠯ ᠤᠨ ᠬᠦᠴᠦᠨ ᠢ ᠬᠦᠭᠵᠢᠭᠡᠬᠦ ᠬᠡᠷᠡᠭᠲᠡᠢ᠃ ᠵᠤᠭᠠᠴᠠᠯ ᠤᠨ ᠪᠦᠲᠦᠭᠡᠭᠳᠡᠬᠦᠨ ᠤ ᠬᠠᠩᠭᠠᠯᠭ᠎ᠠ ᠶᠢ ᠲᠠᠰᠤᠷᠠᠯᠲᠠ ᠦᠭᠡᠢ ᠪᠠᠶᠠᠯᠢᠭᠵᠢᠭᠤᠯᠵᠤ᠂ ᠰᠠᠭᠤᠷᠢ ᠲᠥᠬᠦᠭᠡᠷᠦᠮᠵᠢ ᠶᠢᠨ ᠪᠦᠲᠦᠭᠡᠨ ᠪᠠᠶᠢᠭᠤᠯᠤᠯᠲᠠ ᠶᠢ ᠲᠡᠭᠦᠯᠳᠡᠷᠵᠢᠭᠦᠯᠵᠦ᠂ ᠦᠢᠯᠡᠴᠢᠯᠡᠭᠡᠨ ᠤ ᠶᠠᠰᠤ ᠴᠢᠨᠠᠷ ᠢ ᠦᠷᠭᠦᠯᠵᠢᠯᠡᠨ ᠳᠡᠭᠡᠭᠰᠢᠯᠡᠭᠦᠯᠵᠦ᠂ ᠰᠣᠶᠣᠯ ᠵᠤᠭᠠᠴᠠᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠦ ᠱᠠᠭᠠᠷᠳᠠᠪᠠ᠃                                         ᠣᠷᠴᠢᠭᠤᠯᠤᠭᠴᠢ᠄ ᠭᠤᠸ᠎ᠠ                                         ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2