| | 4 ᠰᠠᠷ᠎ᠠ ᠶᠢᠨ 2 ᠤᠨ ᠡᠳᠦᠷ᠂ ᠲᠣᠭᠤᠷᠢᠭ ᠤᠨ ᠵᠡᠮᠳᠡᠭᠴᠦᠳ ᠤᠨ ᠬᠤᠯᠪᠣᠭᠠᠲᠤ ᠬᠤᠷᠠᠯ ᠬᠤᠲᠠ ᠶᠢᠨ ᠲᠢᠶᠠᠨ | ᠠᠢ ᠺᠠᠩ ᠰᠤᠷᠭᠠᠨ ᠬᠥᠮᠦᠵᠢᠯ ᠤᠨ ᠲᠥᠪ ᠲᠠᠢ ᠬᠠᠮᠲᠤᠷᠠᠨ ᠲᠥᠪ ᠲᠠᠯᠠᠪᠠᠶ ᠳᠤ ︽ᠪᠥᠬᠦ ᠠᠮᠢᠳᠤᠷᠠᠯ ᠤᠨ | ᠦᠢᠯᠡᠴᠢᠯᠡᠭᠡ ᠪᠥᠬᠦ ᠲᠠᠯ᠎ᠠ ᠪᠠᠷ ᠬᠠᠯᠠᠮᠵᠢᠯᠠᠨ ᠬᠠᠶᠢᠷᠠᠯᠠᠬᠤ︾ ᠳᠡᠯᠡᠬᠡᠢ ᠶᠢᠨ ᠥᠨᠥᠴᠢᠷᠡᠮᠡᠯ ᠬᠡᠮ ᠤᠨ ᠡᠳᠦᠷ ᠤᠨ | ᠭᠤᠣᠯ ᠰᠡᠳᠦᠪᠲᠦ ᠤᠬᠠᠭᠤᠯᠭ᠎ᠠ ᠶᠢᠨ ᠠᠵᠢᠯᠯᠠᠭ᠎ᠠ ᠥᠷᠨᠢᠭᠦᠯᠪᠡ᠃ | ᠠᠵᠢᠯᠯᠠᠭ᠎ᠠ ᠶᠢᠨ ᠠᠬᠤᠢ ᠲᠠᠯᠠᠪᠠᠶ ᠳᠤ ᠰᠢᠨᠵᠢᠯᠡᠬᠦ ᠤᠬᠠᠭᠠᠨ ᠢ ᠲᠦᠭᠡᠮᠡᠯᠵᠢᠭᠦᠯᠬᠦ ᠤᠬᠠᠭᠤᠯᠭ᠎ᠠ ᠶᠢᠨ ᠴᠡᠭ | ᠭᠠᠷᠭᠠᠵᠤ᠂ ᠠᠵᠢᠯᠲᠠᠳ ᠨᠡᠶᠢᠲᠡ ᠶᠢᠨ ᠠᠰᠠᠷᠠᠮᠵᠢ ᠶᠢᠨ ᠤᠬᠠᠭᠤᠯᠤᠨ ᠲᠠᠶᠢᠯᠪᠤᠷᠢᠯᠠᠬᠤ ᠬᠡᠯᠪᠡᠷᠢ ᠪᠠᠷ ᠳᠠᠮᠵᠢᠭᠤᠯᠤᠨ᠂ | ᠥᠨᠥᠴᠢᠷᠡᠮᠡᠯ ᠭᠡᠮ ᠪᠤᠯ ᠶᠠᠮᠠᠷ ᠵᠦᠢᠯ ᠤᠨ ᠡᠪᠡᠳᠴᠢᠨ᠂ ᠥᠨᠥᠴᠢᠷᠡᠮᠡᠯ ᠭᠡᠮ ᠤᠨ ᠡᠪᠡᠳᠴᠢᠨ ᠡᠭᠦᠰᠬᠦ ᠰᠢᠯᠲᠠᠭᠠᠨ᠂ | ᠥᠨᠥᠴᠢᠷᠡᠮᠡᠯ ᠭᠡᠮ ᠤᠨ ᠡᠬᠢᠨ ᠤ ᠦᠶ᠎ᠡ ᠶᠢᠨ ᠢᠯᠡᠷᠡᠯ ᠪᠠ ᠡᠮᠴᠢᠯᠡᠭᠡᠨ ᠤ ᠡᠪᠡᠳᠴᠢᠨ ᠤ ᠢᠯᠡᠷᠡᠯ᠂ ᠥᠨᠥᠴᠢᠷᠡᠮᠡᠯ | ᠭᠡᠮ ᠢ ᠡᠷᠡᠭᠦᠯᠵᠢᠭᠦᠯᠬᠦ ᠡᠮᠴᠢᠯᠡᠭᠡ ᠵᠡᠷᠭᠡ ᠬᠠᠮᠢᠶ᠎ᠠ ᠪᠦᠬᠦᠢ ᠮᠡᠳᠡᠯᠭᠡ ᠶᠢ ᠨᠡᠩ ᠤᠯᠠᠨ ᠬᠥᠮᠥᠨ ᠳᠤ ᠣᠶᠢᠯᠠᠭᠠᠭᠤᠯᠵᠤ᠂ | ᠥᠨᠥᠴᠢᠷᠡᠮᠡᠯ ᠭᠡᠮ ᠤᠨ ᠣᠨᠴᠠᠭᠠᠢ ᠬᠠᠮᠲᠤᠯᠢᠭ ᠤᠨ ᠡᠷᠡᠭᠦᠯ ᠮᠡᠨᠳᠦ ᠶᠢᠨ ᠠᠰᠠᠭᠤᠳᠠᠯ ᠤᠨ ᠲᠤᠬᠠᠢ ᠤᠯᠠᠨ ᠤ | ᠲᠠᠨᠢᠯᠲᠠ ᠪᠠ ᠠᠩᠬᠠᠷᠤᠯ ᠢ ᠨᠡᠮᠡᠭᠳᠡᠭᠦᠯᠵᠦ᠂ ᠥᠨᠥᠴᠢᠷᠡᠮᠡᠯ ᠭᠡᠮ ᠤᠨ ᠣᠨᠴᠠᠭᠠᠢ ᠬᠠᠮᠲᠤᠯᠢᠭ ᠢ ᠣᠶᠢᠯᠠᠭᠠᠬᠤ᠂ | ᠬᠦᠯᠢᠶᠡᠨ ᠠᠪᠬᠤ᠂ ᠬᠠᠯᠠᠮᠵᠢᠯᠠᠬᠤ ᠰᠠᠶᠢᠨ ᠰᠠᠶᠢᠬᠠᠨ ᠠᠭᠤᠷ ᠠᠮᠢᠰᠬᠤᠯ ᠢ ᠪᠤᠢ ᠪᠣᠯᠭᠠᠪᠡ᠃ | 4 ᠰᠠᠷ᠎ᠠ ᠶᠢᠨ 2 ᠤᠨ ᠡᠳᠦᠷ ᠪᠣᠯ ᠳᠡᠯᠡᠬᠡᠢ ᠶᠢᠨ 17 ᠳ᠋ᠤᠭᠠᠷ ᠥᠨᠥᠴᠢᠷᠡᠮᠡᠯ ᠬᠡᠮ ᠤᠨ ᠡᠳᠦᠷ ᠪᠣᠯᠣᠨ᠎ᠠ᠂ | ᠡᠨᠡ ᠵᠢᠯ ᠤᠨ ᠭᠤᠣᠯ ᠰᠡᠳᠦᠪ ᠪᠣᠯ ︽ᠪᠥᠬᠦ ᠠᠮᠢᠳᠤᠷᠠᠯ ᠤᠨ ᠦᠢᠯᠡᠴᠢᠯᠡᠭᠡ ᠪᠥᠬᠦ ᠲᠠᠯ᠎ᠠ ᠶᠢᠨ ᠬᠠᠶᠢᠷ᠎ᠠ ᠬᠠᠯᠠᠮᠵᠢ︾ | ᠪᠣᠯᠣᠨ᠎ᠠ᠃ ᠥᠨᠥᠴᠢᠷᠡᠮᠡᠯ ᠭᠡᠮ ᠪᠣᠯ ᠨᠢᠭᠡ ᠵᠦᠢᠯ ᠤᠨ ᠤᠳᠠᠭᠠᠨ ᠴᠢᠨᠠᠷᠲᠠᠢ ᠮᠡᠳᠡᠷᠡᠯ ᠤᠨ ᠪᠤᠶᠢᠵᠢᠯᠲᠠ ᠶᠢᠨ | ᠰᠠᠭᠠᠲᠠᠯ ᠤᠨ ᠡᠪᠡᠳᠴᠢᠨ ᠮᠥᠨ᠂ ᠠᠨᠠᠭᠠᠬᠤ ᠤᠬᠠᠭᠠᠨ ᠤ ᠪᠦᠬᠦ ᠨᠡᠷᠡᠶᠢᠳᠦᠯ ᠨᠢ ︽ᠥᠨᠥᠴᠢᠷᠡᠮᠡᠯ ᠭᠡᠮ ᠤᠨ | ᠰᠢᠰᠲ᠋ᠧᠮ ᠤᠨ ᠰᠠᠭᠠᠲᠠᠯ︾ ᠭᠡᠳᠡᠭ᠂ ᠥᠨᠥᠴᠢᠷᠡᠮᠡᠯ ᠭᠡᠮ ᠲᠠᠢ ᠬᠡᠦᠬᠡᠳ ᠢ ᠪᠠᠰᠠ ︽ᠣᠳᠣᠳ ᠤᠨ ᠬᠡᠦᠬᠡᠳ︾ | ᠭᠡᠳᠡᠭ᠃ ᠥᠨᠥᠴᠢᠷᠡᠮᠡᠯ ᠭᠡᠮ ᠢ ᠶᠡᠷᠦ ᠳᠡᠭᠡᠨ ᠨᠠᠰᠤ ᠪᠠᠭ᠎ᠠ ᠦᠶ᠎ᠡ ᠳᠤᠨᠢ ᠰᠡᠷᠡᠵᠦ ᠮᠡᠳᠡᠳᠡᠭ᠂ ᠭᠡᠷ ᠤᠨ ᠠᠬᠠᠮᠠᠳ | ᠬᠡᠷᠪᠡ ᠬᠡᠦᠬᠡᠳ ᠤᠨ ᠢᠶᠠᠨ ᠪᠤᠶᠢᠵᠢᠯᠲᠠ ᠶᠢᠨ ᠶᠠᠪᠤᠴᠠ ᠳᠤ ᠬᠡᠪ ᠤᠨ ᠪᠤᠰᠤ ᠢᠯᠡᠷᠡᠯ ᠲᠠᠢ ᠪᠠᠶᠢᠬᠤ ᠶᠢ ᠣᠯᠵᠤ | ᠮᠡᠳᠡᠪᠡᠯ᠂ ᠠᠯᠢ ᠲᠦᠷᠭᠡᠨ ᠢᠶᠠᠷ ᠵᠢᠩᠬᠢᠨᠢ ᠣᠶᠣᠨ ᠮᠡᠳᠡᠷᠡᠯ ᠤᠨ ᠰᠠᠯᠠᠭ᠎ᠠ᠂ ᠰᠡᠳᠬᠢᠴᠡ ᠶᠢᠨ ᠰᠠᠯᠠᠭ᠎ᠠ ᠪᠤᠶᠤ ᠦᠢᠯᠡ | ᠠᠵᠢᠯᠯᠠᠭ᠎ᠠ ᠶᠢᠨ ᠪᠤᠶᠢᠵᠢᠯᠲᠠ ᠶᠢᠨ ᠰᠠᠯᠠᠭ᠎ᠠ ᠳᠤ ᠠᠪᠠᠴᠢᠵᠤ ᠠᠰᠠᠭᠤᠨ ᠯᠠᠪᠯᠠᠬᠤ ᠶᠢᠨ ᠬᠠᠮᠲᠤ ᠬᠠᠮᠢᠶ᠎ᠠ ᠪᠦᠬᠦᠢ | ᠪᠠᠶᠢᠴᠠᠭᠠᠯᠲᠠ᠂ ᠣᠨᠣᠰᠢᠯᠠᠯᠲᠠ ᠶᠢ ᠬᠦᠯᠢᠶᠡᠯᠭᠡᠬᠦ ᠬᠡᠷᠡᠭᠲᠡᠢ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ | | |