ᠰᠦᠢ ᠸᠧᠢ ᠵᠢᠶᠦ᠋ᠨ ᠪᠥᠬᠦ ᠬᠤᠲᠠ ᠶᠢᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ
ᠨᠡᠶᠢᠲᠡᠯᠡᠭᠰᠡᠨ ᠴᠠᠭ᠄
2024/4/7
   4 ᠰᠠᠷ᠎ᠠ ᠶᠢᠨ 4 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠬᠤᠲᠠ ᠶᠢᠨ ᠣᠶ ᠰᠢᠭᠤᠢ ᠪᠠ ᠨᠤᠲᠤᠭ ᠪᠡᠯᠴᠢᠭᠡᠷ ᠤᠨ ᠲᠣᠪᠴᠢᠶ᠎ᠠ ᠳᠤ ᠬᠦᠷᠴᠦ᠂ ᠪᠥᠬᠦ ᠬᠤᠲᠠ ᠶᠢᠨ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠨ ᠤᠨᠲᠠᠷᠠᠭᠠᠬᠤ ᠠᠵᠢᠯ ᠢ ᠪᠠᠶᠢᠴᠠᠭᠠᠨ ᠰᠤᠳᠤᠯᠵᠤ ᠬᠢᠨᠠᠨ ᠵᠢᠯᠣᠭᠤᠳᠪᠠ᠃    ᠰᠦᠢ ᠸᠧᠢ ᠵᠢᠶᠦ᠋ᠨ ᠬᠡᠯᠡᠬᠦ ᠳᠡᠭᠡᠨ᠂ ᠣᠳᠣᠬᠠᠨ ᠳᠤ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠠᠮᠠᠷᠬᠠᠨ ᠡᠭᠦᠰᠬᠦ ᠪᠠ ᠣᠯᠠᠨ ᠡᠭᠦᠰᠬᠦ ᠬᠤᠭᠤᠴᠠᠭ᠎ᠠ ᠪᠣᠯᠬᠤ ᠪᠥᠭᠡᠳ ᠪᠠᠰᠠ ᠴᠤ ᠭᠠᠯ ᠢ ᠰᠡᠷᠭᠡᠶᠢᠯᠡᠬᠦ ᠵᠠᠩᠭᠢᠯᠠᠭ᠎ᠠ ᠶᠢᠨ ᠬᠤᠭᠤᠴᠠᠭ᠎ᠠ ᠪᠣᠯᠣᠨ᠎ᠠ᠃ ᠡᠯ᠎ᠡ ᠱᠠᠲᠤᠨ ᠤ ᠡᠯ᠎ᠡ ᠬᠤᠯᠪᠣᠭᠳᠠᠯ ᠪᠦᠬᠦᠢ ᠰᠠᠯᠠᠭ᠎ᠠ ᠮᠥᠴᠢᠷ ᠤᠨ ᠬᠢᠨ ᠬᠤᠷᠢᠭ᠎ᠠ ᠱᠤᠭᠤᠮ ᠤᠨ ᠰᠡᠳᠬᠢᠬᠦᠢ ᠪᠠᠨ ᠴᠢᠩᠭᠠᠳᠬᠠᠵᠤ᠂ ᠴᠠᠭ ᠢᠮᠠᠭᠲᠠ ᠳᠡᠭᠡᠳᠦ ᠬᠡᠮᠵᠢᠶᠡᠨ ᠤ ᠰᠣᠨᠣᠷ ᠰᠡᠷᠡᠮᠵᠢ ᠲᠠᠢ ᠪᠠᠶᠢᠵᠤ᠂ ᠬᠥᠮᠥᠨ ᠢᠶᠠᠷ ᠰᠡᠷᠭᠡᠶᠢᠯᠡᠬᠦ᠂ ᠪᠣᠳᠠᠰ ᠢᠶᠠᠷ ᠰᠡᠷᠭᠡᠶᠢᠯᠡᠬᠦ᠂ ᠮᠡᠷᠭᠡᠵᠢᠯ ᠢᠶᠠᠷ ᠰᠡᠷᠭᠡᠶᠢᠯᠡᠬᠦ ᠠᠷᠭ᠎ᠠ ᠬᠡᠮᠵᠢᠶ᠎ᠡ ᠶᠢ ᠨᠠᠷᠢᠯᠢᠭ ᠨᠠᠶᠢᠳᠠᠪᠤᠷᠢᠵᠢᠭᠤᠯᠵᠤ᠂ ᠠᠷᠠᠳ ᠤᠯᠠᠨ ᠤ ᠠᠮᠢ ᠨᠠᠰᠤ ᠡᠳ᠋ ᠬᠥᠷᠥᠩᠭᠡ ᠶᠢᠨ ᠠᠮᠤᠷ ᠲᠦᠪᠰᠢᠨ ᠢ ᠪᠦᠬᠦ ᠬᠦᠴᠦᠨ ᠢᠶᠠᠷ ᠢᠶᠠᠨ ᠬᠠᠮᠠᠭᠠᠯᠠᠬᠤ ᠬᠡᠷᠡᠭᠲᠡᠢ᠃ ᠭᠤᠣᠯᠳᠠᠯᠭ᠎ᠠ ᠲᠠᠢ ᠣᠷᠣᠨ ᠪᠦᠰᠡ᠂ ᠭᠤᠣᠯᠳᠠᠯᠭ᠎ᠠ ᠲᠠᠢ ᠣᠷᠣᠨ ᠪᠠᠶᠢᠷᠢ᠂ ᠭᠤᠣᠯᠳᠠᠯᠭ᠎ᠠ ᠲᠠᠢ ᠴᠠᠭ ᠬᠤᠭᠤᠴᠠᠭ᠎ᠠ ᠶᠢ ᠴᠢᠩᠭ᠎ᠠ ᠠᠩᠬᠠᠷᠴᠤ᠂ ᠵᠢᠵᠢᠭᠦᠷᠯᠡᠨ ᠰᠠᠬᠢᠬᠤ ᠳᠦᠷᠢᠮ ᠢ ᠴᠢᠩᠭ᠎ᠠ ᠨᠠᠶᠢᠳᠠᠪᠤᠷᠢᠵᠢᠭᠤᠯᠤᠨ᠂ ᠬᠡᠭᠡᠷ᠎ᠡ ᠶᠢᠨ ᠭᠠᠯ ᠤᠨ ᠭᠠᠮᠰᠢᠭ ᠤᠨ ᠢᠷᠡᠯᠲᠡ ᠶᠢ ᠲᠣᠭᠤᠷᠢᠨ ᠪᠠᠶᠢᠴᠠᠭᠠᠬᠤ ᠪᠠ ᠬᠠᠮᠢᠶᠠᠷᠤᠨ ᠡᠵᠡᠮᠳᠡᠬᠦ ᠡᠷᠴᠢᠮ ᠢᠶᠠᠨ ᠴᠢᠩᠭᠠᠷᠠᠭᠤᠯᠵᠤ᠂ ᠦᠨᠡᠨ ᠬᠦ ᠠᠭᠤᠯᠠ ᠶᠢ ᠰᠠᠬᠢᠵᠤ᠂ ᠬᠥᠮᠥᠨ ᠢ ᠬᠠᠷᠠᠵᠤ᠂ ᠭᠠᠯ ᠢ ᠬᠠᠮᠢᠶᠠᠷᠴᠤ᠂ ᠣᠶ ᠰᠢᠭᠤᠢ ᠨᠤᠲᠤᠭ ᠪᠡᠯᠴᠢᠭᠡᠷ ᠤᠨ ᠭᠠᠯ ᠤᠨ ᠭᠠᠮᠰᠢᠭ ᠤᠨ ᠳᠠᠯᠳᠠ ᠬᠡᠮ ᠢ ᠡᠬᠢ ᠡᠭᠦᠰᠦᠯ ᠠᠴᠠ ᠨᠢ ᠠᠷᠢᠯᠭᠠᠬᠤ ᠬᠡᠷᠡᠭᠲᠡᠢ᠃ ᠮᠡᠷᠭᠡᠵᠢᠯ ᠢᠶᠠᠷ ᠰᠡᠷᠭᠡᠶᠢᠯᠡᠬᠦ ᠶᠢ ᠲᠤᠯᠭᠠᠭᠤᠷᠢᠯᠠᠬᠤ ᠶᠢ ᠴᠢᠩᠭᠠᠳᠬᠠᠵᠤ᠂ ᠣᠲᠣ ᠦᠶ᠎ᠡ ᠶᠢᠨ ᠰᠢᠨᠵᠢᠯᠡᠬᠦ ᠤᠬᠠᠭᠠᠨ ᠮᠡᠷᠭᠡᠵᠢᠯ ᠤᠨ ᠠᠷᠭ᠎ᠠ ᠪᠠᠷᠢᠯ ᠢ ᠥᠷᠭᠡᠨ ᠢᠶᠠᠷ ᠬᠡᠷᠡᠭᠯᠡᠨ᠂ ᠣᠶ ᠰᠢᠭᠤᠢ ᠶᠢᠨ ᠭᠠᠯ ᠢ ᠸᠢᠳᠢᠤ᠋ ᠪᠠᠷ ᠬᠢᠨᠠᠨ ᠬᠡᠮᠵᠢᠬᠦ ᠰᠢᠰᠲ᠋ᠧᠮᠵᠢ ᠶᠢᠨ ᠴᠢᠳᠠᠮᠵᠢ ᠶᠢ ᠰᠢᠯᠢᠳᠡᠭᠵᠢᠭᠦᠯᠦᠨ ᠲᠠᠰ ᠳᠡᠪᠰᠢᠭᠦᠯᠵᠦ᠂ ᠣᠶ ᠰᠢᠭᠤᠢ ᠨᠤᠲᠤᠭ ᠪᠡᠯᠴᠢᠭᠡᠷ ᠤᠨ ᠭᠠᠯ ᠰᠡᠷᠭᠡᠶᠢᠯᠡᠯᠲᠡ ᠶᠢᠨ ᠤᠷᠢᠳᠴᠢᠯᠠᠨ ᠰᠡᠷᠡᠮᠵᠢᠯᠡᠭᠦᠯᠵᠦ ᠬᠢᠨᠠᠨ ᠬᠡᠮᠵᠢᠬᠦ ᠬᠢᠷᠢ ᠬᠡᠮᠵᠢᠶ᠎ᠡ ᠶᠢ ᠲᠠᠰᠤᠷᠠᠯᠲᠠ ᠦᠭᠡᠢ ᠳᠡᠭᠡᠭᠰᠢᠯᠡᠭᠦᠯᠬᠦ ᠬᠡᠷᠡᠭᠲᠡᠢ᠃ ᠴᠢᠭᠯᠡᠭᠦᠯᠬᠦ ᠴᠢᠨᠠᠷᠲᠠᠢ᠂ ᠪᠠᠷᠠᠭᠠᠯᠬᠢᠯᠠᠯ ᠤᠨ ᠴᠢᠨᠠᠷᠲᠠᠢ ᠭᠠᠯ ᠤᠨᠲᠠᠷᠠᠭᠠᠬᠤ ᠲᠥᠬᠦᠭᠡᠷᠦᠮᠵᠢ ᠶᠢ ᠪᠦᠷᠢᠨ ᠭᠦᠢᠴᠡᠳ ᠪᠥᠭᠡᠳ ᠴᠢᠩᠭ᠎ᠠ ᠲᠣᠬᠢᠷᠠᠭᠤᠯᠵᠤ᠂ ᠲᠦᠷᠭᠡᠨ ᠲᠤᠰᠬᠠᠬᠤ᠂ ᠵᠢᠯᠣᠭᠤᠳᠤᠨ ᠵᠣᠬᠢᠴᠠᠭᠤᠯᠬᠤ ᠪᠠ ᠪᠠᠴᠢᠮ ᠪᠠᠶᠢᠳᠠᠯ ᠢ ᠠᠷᠭᠠᠴᠠᠨ ᠰᠢᠢᠳᠪᠦᠷᠢᠯᠡᠬᠦ ᠴᠢᠳᠠᠪᠤᠷᠢ ᠪᠠᠨ ᠳᠠᠰᠤᠷᠠᠯᠳᠠ ᠦᠭᠡᠢ ᠳᠡᠭᠡᠭᠰᠢᠯᠡᠭᠦᠯᠵᠦ᠂ ᠤᠢ ᠰᠢᠭᠤᠢ ᠨᠤᠲᠤᠭ ᠪᠡᠯᠴᠢᠭᠡᠷ ᠤᠨ ᠭᠠᠯ ᠤᠨ ᠠᠶᠤᠯ ᠭᠠᠷᠬᠤ ᠶᠢ ᠡᠷᠡᠰ ᠰᠡᠷᠭᠡᠶᠢᠯᠡᠬᠦ ᠬᠡᠷᠡᠭᠲᠡᠢ ᠭᠡᠵᠡᠢ᠃     ᠯᠢᠦ ᠭᠦᠸᠧ ᠭᠠᠩ ᠣᠷᠣᠯᠴᠠᠪᠠ᠃                                                ᠣᠷᠴᠢᠭᠤᠯᠤᠭᠴᠢ᠄ ᠭᠤᠸ᠎ᠠ                                                ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2