| | ᠡᠨᠡ ᠵᠢᠯ᠂ ᠯᠢᠶᠡᠩᠴᠧᠩ ᠰᠢᠶᠠᠨ ︽ᠨᠡᠮᠡᠭᠳᠡᠯ ᠢ ᠲᠣᠭᠲᠠᠪᠤᠷᠢᠵᠢᠭᠤᠯᠵᠤ᠂ ᠠᠵᠢᠯ ᠣᠯᠭᠤᠯᠲᠠ ᠶᠢ | ᠲᠣᠭᠲᠠᠭᠤᠨ ᠪᠠᠶᠢᠯᠭᠠᠬᠤ︾ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠶᠢ ᠨᠠᠷᠢᠨ ᠬᠢᠨᠠᠮᠠᠭᠠᠢ | ᠳᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠲᠥᠷᠥ ᠶᠢᠨ ᠪᠣᠳᠣᠯᠭ᠎ᠠ ᠶᠢᠨ ᠪᠠᠲᠤᠯᠠᠭ᠎ᠠ ᠶᠢᠨ ᠲᠣᠭᠲᠠᠴᠠ ᠶᠢ | ᠴᠢᠩᠭᠠᠷᠠᠭᠤᠯᠤᠨ᠂ ᠠᠵᠢᠯ ᠣᠯᠭᠤᠯᠲᠠ ᠶᠢᠨ ᠭᠤᠣᠯᠳᠠᠯᠭ᠎ᠠ ᠲᠠᠢ ᠬᠠᠮᠲᠤ ᠴᠤᠭᠴᠠ ᠳᠤ ᠠᠩᠬᠠᠷᠤᠯ ᠢᠶᠠᠨ | ᠲᠥᠪᠯᠡᠷᠡᠭᠦᠯᠵᠦ᠂ ᠣᠯᠠᠨ ᠨᠡᠶᠢᠲᠡ ᠶᠢᠨ ᠠᠵᠢᠯ ᠣᠯᠭᠤᠯᠲᠠ ᠶᠢᠨ ᠦᠢᠯᠡᠴᠢᠯᠡᠭᠡ ᠶᠢ ᠰᠢᠯᠢᠳᠡᠭᠵᠢᠭᠦᠯᠦᠨ᠂ ᠣᠯᠠᠨ | ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠡᠬᠢᠯᠡᠯᠲᠡ ᠶᠢ ᠵᠠᠪᠳᠤᠵᠤ᠂ ᠠᠵᠢᠯ ᠣᠯᠭᠤᠯᠲᠠ ᠶᠢ | ᠲᠣᠭᠲᠠᠪᠤᠷᠢᠵᠢᠭᠤᠯᠵᠤ᠂ ᠠᠵᠢᠯᠴᠢᠨ ᠬᠡᠷᠡᠭᠯᠡᠬᠦ ᠶᠢ ᠪᠠᠲᠤᠯᠠᠭᠰᠠᠨ ᠢᠶᠠᠷ ᠨᠢᠭᠡᠳᠦᠭᠡᠷ ᠤᠯᠠᠷᠢᠯ ᠤᠨ ᠠᠵᠢᠯ | ᠣᠯᠭᠤᠯᠲᠠ ᠶᠢᠨ ᠠᠵᠢᠯ ᠰᠠᠶᠢᠨ ᠡᠬᠢᠯᠡᠯᠲᠡ ᠲᠠᠢ ᠪᠣᠯᠤᠭᠰᠠᠨ ᠪᠠᠶᠢᠨ᠎ᠠ᠃ | ᠵᠢᠯ ᠤᠨ ᠡᠬᠢᠨ ᠠᠴᠠ 3 ᠰᠠᠷ᠎ᠠ ᠶᠢᠨ ᠰᠡᠭᠦᠯᠴᠢ ᠪᠣᠯᠲᠠᠯ᠎ᠠ ᠬᠤᠲᠠ ᠪᠠᠯᠭᠠᠰᠤᠨ ᠤ 215 ᠬᠥᠮᠥᠨ ᠳᠤ | ᠰᠢᠨ᠎ᠡ ᠪᠠᠷ ᠠᠵᠢᠯ ᠣᠯᠭᠤᠵᠤ᠂ ᠨᠡᠶᠢᠲᠡ 186 ᠬᠥᠮᠥᠨ ᠠᠶᠠᠨᠳᠠᠭᠠᠨ ᠬᠠᠰᠤᠭᠳᠠᠵᠤ᠂ 57 ᠬᠥᠮᠥᠨ ᠳᠤ ᠳᠠᠬᠢᠨ | ᠠᠵᠢᠯ ᠣᠯᠭᠤᠵᠤ᠂ ᠠᠵᠢᠯ ᠣᠯᠬᠤ ᠳᠤ ᠬᠦᠴᠢᠷᠲᠡᠢ 56 ᠬᠥᠮᠥᠨ ᠳᠤ ᠠᠵᠢᠯ ᠣᠯᠭᠤᠪᠠ᠃ ᠳᠠᠩᠰᠠᠯᠠᠭᠤᠯᠤᠭᠰᠠᠨ | ᠠᠵᠢᠯ ᠠᠯᠳᠠᠭᠰᠠᠳ ᠤᠨ ᠳᠡᠭᠡᠷ᠎ᠡ ᠬᠤᠭᠤᠴᠠᠭᠠᠨ ᠳᠤ 1626 ᠬᠥᠮᠥᠨ ᠢ ᠳ᠋ᠦᠩᠨᠡᠨ ᠰᠢᠯᠵᠢᠭᠦᠯᠵᠦ᠂ | ᠳᠠᠩᠰᠠᠯᠠᠭᠤᠯᠤᠭᠰᠠᠨ ᠠᠵᠢᠯ ᠠᠯᠳᠠᠭᠰᠠᠳ ᠲᠤᠰ ᠬᠤᠭᠤᠴᠠᠭᠠᠨ ᠳᠤ ᠰᠢᠨ᠎ᠡ ᠪᠠᠷ 106 ᠬᠥᠮᠥᠨ ᠨᠡᠮᠡᠭᠳᠡᠵᠦ᠂ | ᠳᠠᠩᠰᠠᠯᠠᠭᠤᠯᠤᠭᠰᠠᠨ ᠠᠵᠢᠯ ᠠᠯᠳᠠᠭᠰᠠᠳ ᠲᠤ ᠲᠤᠰ ᠬᠤᠭᠤᠴᠠᠭᠠᠨ ᠳᠤ 42 ᠬᠥᠮᠥᠨ ᠳᠤ ᠠᠵᠢᠯ ᠣᠯᠭᠤᠵᠤ᠂ | ᠳᠠᠩᠰᠠᠯᠠᠭᠤᠯᠤᠭᠰᠠᠨ ᠠᠵᠢᠯ ᠠᠯᠳᠠᠭᠰᠠᠳ ᠬᠤᠭᠤᠴᠠᠭᠠᠨ ᠡᠴᠦᠰ ᠲᠤ 1617 ᠬᠥᠮᠥᠨ ᠪᠠᠶᠢᠨ᠎ᠠ᠃ ᠳᠡᠭᠡᠷ᠎ᠡ | ᠬᠤᠭᠤᠴᠠᠭᠠᠨ ᠤ ᠡᠴᠦᠰ ᠲᠤ ᠠᠵᠢᠯ ᠣᠯᠬᠤ ᠳᠤ ᠬᠦᠴᠢᠷᠲᠡᠢ 49 ᠬᠥᠮᠥᠨ ᠢ ᠳ᠋ᠦᠩᠨᠡᠨ ᠰᠢᠯᠵᠢᠭᠦᠯᠵᠦ᠂ ᠲᠤᠰ | ᠬᠤᠭᠤᠴᠠᠭᠠᠨ ᠳᠤ ᠠᠵᠢᠯ ᠣᠯᠬᠤ ᠳᠤ ᠬᠦᠴᠢᠷᠲᠡᠢ 70 ᠬᠥᠮᠥᠨ ᠰᠢᠨ᠎ᠡ ᠪᠠᠷ ᠨᠡᠮᠡᠭᠳᠡᠵᠦ᠂ ᠲᠤᠰ ᠬᠤᠭᠤᠴᠠᠭᠠᠨ ᠳᠤ | ᠠᠵᠢᠯ ᠣᠯᠬᠤ ᠳᠤ ᠬᠦᠴᠢᠷᠲᠡᠢ 56 ᠬᠥᠮᠥᠨ ᠠᠵᠢᠯ ᠣᠯᠵᠤ᠂ ᠬᠤᠭᠤᠴᠠᠭᠠᠨ ᠡᠴᠦᠰ ᠲᠤ ᠪᠣᠳᠠᠲᠠᠢ ᠪᠠᠶᠢᠭ᠎ᠠ | ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠳᠤ 63 ᠬᠥᠮᠥᠨ ᠪᠠᠶᠢᠨ᠎ᠠ᠃ | ᠵᠣᠬᠢᠶᠠᠭᠴᠢ᠄ ᠵᠠᠩ ᠵᠢᠶᠠᠨ ᠹᠧᠩ | ᠤᠷᠴᠢᠭᠤᠯᠤᠭᠴᠢ᠄ ᠬᠦᠰᠡᠯ | ᠬᠢᠨᠠᠭᠴᠢ᠄ ᠡᠷᠢᠭᠤᠨ | | |