ᠰᠦᠢ ᠸᠧᠢ ᠵᠢᠶᠦ᠋ᠨ ᠪᠣᠯᠣᠨ ᠵᠧᠵᠢᠶᠠᠩ ᠤᠨ ᠶᠦᠩ ᠾᠧ ᠬᠥᠷᠥᠭᠡᠯᠲᠡ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠲᠦᠩ ᠵᠢᠶᠠᠨ ᠭᠦᠸᠧ ᠲᠠᠢ ᠶᠠᠷᠢᠯᠴᠠᠬᠤ ᠬᠤᠷᠠᠯ ᠬᠢᠪᠡ
ᠨᠡᠶᠢᠲᠡᠯᠡᠭᠰᠡᠨ ᠴᠠᠭ᠄
2024/4/8
    4 ᠰᠠᠷ᠎ᠠ ᠶᠢᠨ 7 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠪᠣᠯᠣᠨ ᠵᠧᠵᠢᠶᠠᠩ ᠤᠨ ᠶᠦᠩ ᠾᠧ ᠬᠥᠷᠥᠭᠡᠯᠲᠡ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠡᠷᠡᠭ ᠮᠡᠳᠡᠭᠴᠢᠳ ᠤᠨ ᠳᠠᠷᠤᠭ᠎ᠠ ᠲᠦᠩ ᠵᠢᠶᠠᠨ ᠭᠦᠸᠧ ᠲᠠᠢ ᠶᠠᠷᠢᠯᠴᠠᠬᠤ ᠬᠤᠷᠠᠯ ᠬᠢᠵᠦ᠂ ᠬᠤᠶᠠᠷ ᠲᠠᠯ᠎ᠠ ᠪᠠᠷ ᠢᠶᠠᠨ ᠰᠢᠨ᠎ᠡ ᠡᠨᠧᠷᠭᠢ ᠶᠢᠨ ᠲᠥᠷᠥᠯ ᠵᠦᠢᠯ ᠢ ᠨᠡᠭᠡᠭᠡᠨ ᠬᠥᠭᠵᠢᠭᠦᠯᠬᠦ᠂ ᠹᠯᠣᠷ ᠤᠨ ᠬᠢᠮᠢ ᠶᠢᠨ ᠠᠵᠤ ᠦᠢᠯᠡᠳᠪᠦᠷᠢ ᠶᠢᠨ ᠠᠵᠤ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠵᠡᠷᠭᠡ ᠤᠴᠢᠷ ᠶᠠᠪᠤᠳᠠᠯ ᠤᠨ ᠲᠤᠬᠠᠢ ᠰᠠᠨᠠᠯ ᠢᠶᠠᠨ ᠭᠦᠨᠵᠡᠭᠡᠢ ᠰᠣᠯᠢᠯᠴᠠᠪᠠ᠃     ᠰᠦᠢ ᠸᠧᠢ ᠵᠢᠶᠦ᠋ᠨ ᠲᠦᠩ ᠵᠢᠶᠠᠨ ᠭᠦᠸᠧ ᠨᠠᠷ ᠤᠨ ᠬᠦᠷᠦᠯᠴᠡᠨ ᠢᠷᠡᠭᠰᠡᠨ ᠢ ᠪᠠᠶᠠᠷᠯᠠᠨ ᠤᠭᠲᠤᠵᠤ ᠪᠠᠶᠢᠬᠤ ᠪᠠᠨ ᠢᠯᠡᠳᠬᠡᠵᠦ᠂ ᠠᠵᠤ ᠠᠬᠤᠶᠢᠯᠠᠯ ᠤᠨ ᠲᠤᠰᠬᠠᠭᠰᠠᠨ ᠤᠰᠤ ᠴᠠᠬᠢᠯᠭᠠᠨ ᠬᠡᠷᠡᠭᠯᠡᠬᠦ᠂ ᠡᠬᠢ ᠪᠠᠶᠠᠯᠢᠭ ᠢ ᠨᠡᠭᠡᠭᠡᠨ ᠠᠰᠢᠭᠯᠠᠬᠤ ᠵᠡᠷᠭᠡ ᠠᠰᠠᠭᠤᠳᠠᠯ ᠢ ᠨᠢᠭᠡᠳ ᠨᠢᠭᠡ ᠪᠠᠷ ᠰᠤᠳᠤᠯᠤᠨ ᠰᠢᠢᠳᠪᠦᠷᠢᠯᠡᠪᠡ᠃ ᠲᠡᠷᠡ ᠬᠡᠯᠡᠬᠦ ᠳᠡᠭᠡᠨ᠂ ᠵᠧᠵᠢᠶᠠᠩ ᠤᠨ ᠶᠦᠩ ᠾᠧ ᠬᠥᠷᠥᠭᠡᠯᠲᠡ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠪᠠᠶᠢᠯᠳᠤᠬᠤ ᠪᠣᠳᠣᠯᠭ᠎ᠠ ᠶᠢᠨ ᠴᠢᠨᠠᠷᠲᠠᠢ ᠰᠢᠨ᠎ᠡ ᠪᠠᠷ ᠬᠥᠭᠵᠢᠭᠰᠡᠨ ᠠᠵᠤ ᠦᠢᠯᠡᠰ ᠢ ᠪᠠᠶᠢᠷᠢᠯᠠᠭᠤᠯᠤᠨ ᠬᠥᠭᠵᠢᠭᠦᠯᠦᠭᠰᠡᠨ ᠨᠢ ᠤᠯᠤᠰ ᠪᠠ ᠥᠪᠡᠷᠲᠡᠭᠡᠨ ᠵᠠᠰᠠᠬᠤ ᠣᠷᠣᠨ ᠤ ᠪᠠᠶᠢᠯᠳᠤᠬᠤ ᠪᠣᠳᠣᠯᠭ᠎ᠠ ᠶᠢᠨ ᠤᠳᠤᠷᠢᠳᠤᠮᠵᠢ ᠳᠤ ᠨᠡᠶᠢᠴᠡᠵᠦ᠂ ᠤᠯᠠᠭᠠᠨᠴᠠᠪ ᠬᠤᠲᠠ ᠶᠢᠨ ᠬᠥᠭᠵᠢᠯᠲᠡ ᠶᠢᠨ ᠴᠢᠭᠯᠡᠯ ᠲᠠᠢ ᠳᠡᠭᠡᠳᠦ ᠬᠡᠮᠵᠢᠶ᠎ᠡ ᠪᠠᠷ ᠨᠡᠶᠢᠴᠡᠵᠦ ᠪᠠᠶᠢᠨ᠎ᠠ᠃ ᠠᠵᠤ ᠠᠬᠤᠶᠢᠯᠠᠯ ᠤᠳ ᠣᠲᠣ ᠶᠢᠨ ᠪᠠᠶᠢᠭ᠎ᠠ ᠲᠥᠷᠥ ᠶᠢᠨ ᠪᠣᠳᠣᠯᠭ᠎ᠠ ᠶᠢᠨ ᠲᠥᠯᠦᠪᠵᠢᠭᠦᠯᠭᠡ ᠶᠢᠨ ᠲᠥᠷᠥᠯ ᠵᠦᠢᠯ ᠢᠶᠠᠷ ᠭᠤᠣᠯᠯᠠᠭᠤᠯᠤᠨ᠂ ᠥᠪᠡᠷ ᠲᠤ ᠪᠠᠨ ᠰᠢᠩᠭᠡᠭᠡᠬᠦ ᠴᠢᠳᠠᠪᠤᠷᠢ ᠪᠠᠨ ᠲᠠᠰᠤᠷᠠᠯᠲᠠ ᠦᠭᠡᠢ ᠳᠡᠭᠡᠭᠰᠢᠯᠡᠭᠦᠯᠵᠦ᠂ ᠠᠵᠢᠯᠯᠠᠭᠠᠨ ᠤ ᠥᠪᠡᠷ ᠤᠨ ᠥᠷᠲᠡᠭ ᠢᠶᠠᠨ ᠦᠨᠡᠨ ᠬᠦ ᠪᠠᠭᠤᠷᠠᠭᠤᠯᠵᠤ᠂ ᠵᠠᠬ᠎ᠠ ᠳᠡᠯᠭᠡᠭᠦᠷ ᠤᠨ ᠬᠡᠷᠡᠭᠴᠡᠭᠡ ᠳᠤ ᠰᠠᠨᠠᠭᠠᠴᠢᠯᠠᠭ᠎ᠠ ᠠᠴᠠ ᠪᠠᠨ ᠵᠣᠬᠢᠴᠠᠵᠤ᠂ ᠦᠢᠯᠡᠳᠬᠦᠨ ᠤ ᠰᠢᠨ᠎ᠡ ᠶᠢ ᠡᠭᠦᠳᠬᠦ ᠶᠢ ᠬᠦᠴᠦᠯᠡᠨ ᠠᠬᠢᠭᠤᠯᠵᠤ᠂ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠲᠠ ᠦᠭᠡᠢ ᠥᠷᠭᠡᠳᠬᠡᠬᠦ ᠬᠡᠷᠡᠭᠲᠡᠢ︔ ᠠᠶᠤᠯᠭᠦᠢ ᠦᠢᠯᠡᠳᠪᠦᠷᠢᠯᠡᠯ ᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠠᠶᠤᠯᠭᠦᠢ ᠦᠢᠯᠡᠳᠪᠦᠷᠢᠯᠡᠯ ᠤᠨ ᠭᠤᠣᠯ ᠴᠣᠭᠴᠠ ᠶᠢᠨ ᠬᠠᠷᠢᠭᠤᠴᠠᠯᠭ᠎ᠠ ᠶᠢ ᠨᠠᠷᠢᠨ ᠬᠢᠨᠠᠮᠠᠭᠠᠢ ᠭᠦᠢᠴᠡᠳᠬᠡᠵᠦ᠂ ᠠᠵᠤ ᠠᠬᠤᠶᠢᠯᠠᠯ ᠤᠨ ᠠᠮᠤᠷ ᠲᠦᠪᠰᠢᠨ ᠲᠣᠭᠲᠠᠭᠤᠨ ᠢᠶᠠᠷ ᠠᠵᠢᠯᠯᠠᠬᠤ ᠶᠢ ᠪᠠᠲᠤᠯᠠᠬᠤ ᠶᠢ ᠬᠦᠰᠡᠵᠦ ᠪᠠᠶᠢᠨ᠎ᠠ᠃ ᠡᠯ᠎ᠡ ᠬᠠᠮᠢᠶ᠎ᠠ ᠪᠦᠬᠦᠢ ᠰᠠᠯᠠᠭ᠎ᠠ ᠮᠥᠴᠢᠷ ᠤᠳ ᠦᠢᠯᠡᠴᠢᠯᠡᠭᠡᠨ ᠤ ᠦᠵᠡᠯ ᠤᠬᠠᠮᠰᠠᠷ ᠢᠶᠠᠨ ᠴᠢᠩᠭᠠᠷᠠᠭᠤᠯᠵᠤ᠂ ᠰᠠᠨᠠᠭᠠᠴᠢᠯᠠᠭ᠎ᠠ ᠠᠴᠠ ᠪᠠᠨ ᠠᠵᠤ ᠠᠬᠤᠶᠢᠯᠠᠯ ᠢ ᠬᠠᠪᠰᠤᠷᠤᠨ ᠬᠥᠭᠵᠢᠯᠲᠡ ᠶᠢᠨ ᠠᠰᠠᠭᠤᠳᠠᠯ ᠢ ᠨᠢ ᠰᠢᠢᠳᠪᠦᠷᠢᠯᠡᠵᠦ᠂ ᠲᠥᠷᠥ ᠶᠢᠨ ᠪᠣᠳᠣᠯᠭ᠎ᠠ ᠶᠢᠨ ᠳᠡᠮᠵᠢᠯᠭᠡ ᠪᠠ ᠬᠦᠴᠦᠨ ᠵᠦᠢᠯ ᠤᠨ ᠪᠠᠲᠤᠯᠠᠭ᠎ᠠ ᠶᠢ ᠴᠢᠩᠭᠠᠳᠬᠠᠨ᠂ ᠲᠥᠷᠥᠯ ᠵᠦᠢᠯ ᠤᠨ ᠪᠦᠲᠦᠭᠡᠨ ᠪᠠᠶᠢᠭᠤᠯᠤᠯᠲᠠ ᠶᠢ ᠪᠥᠬᠦ ᠬᠦᠴᠦᠨ ᠢᠶᠠᠷ ᠢᠶᠠᠨ ᠠᠬᠢᠭᠤᠯᠵᠤ᠂ ᠠᠵᠤ ᠠᠬᠤᠶᠢᠯᠠᠯ ᠤᠨ ᠬᠥᠭᠵᠢᠯᠲᠡ ᠶᠢ ᠠᠬᠢᠭᠤᠯᠬᠤ ᠬᠡᠷᠡᠭᠲᠡᠢ ᠭᠡᠵᠡᠢ᠃     ᠲᠦᠩ ᠵᠢᠶᠠᠨ ᠭᠦᠸᠧ ᠤᠯᠠᠭᠠᠨᠴᠠᠪ ᠬᠤᠳᠠ ᠶᠢᠨ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ ᠤ ᠤᠷᠳᠤ ᠬᠤᠭᠤᠴᠠᠭᠠᠨ ᠤ ᠲᠤᠷᠰᠢ ᠠᠵᠤ ᠠᠬᠤᠶᠢᠯᠠᠯ ᠢ ᠬᠠᠯᠠᠮᠵᠢᠯᠠᠨ ᠳᠡᠮᠵᠢᠭᠰᠡᠭᠡᠷ ᠢᠷᠡᠭᠰᠡᠨ ᠳᠤ ᠲᠠᠯᠠᠷᠬᠠᠵᠤ ᠪᠠᠶᠢᠬᠤ ᠪᠠᠨ ᠢᠯᠡᠳᠬᠡᠪᠡ᠃ ᠲᠡᠷᠡ ᠬᠡᠯᠡᠬᠦ ᠳᠡᠭᠡᠨ᠂ ᠵᠧᠵᠢᠶᠠᠩ ᠤᠨ ᠶᠦᠩ ᠾᠧ ᠬᠥᠷᠥᠭᠡᠯᠲᠡ ᠶᠢᠨ ᠬᠤᠪᠢ ᠣᠷᠣᠭᠤᠯᠤᠭᠰᠠᠨ ᠬᠢᠵᠠᠭᠠᠷᠲᠤ ᠺᠣᠮᠫᠠᠨᠢ ᠶᠢᠨ ᠬᠥᠭᠵᠢᠯᠲᠡ ᠨᠢ ᠣᠷᠣᠨ ᠨᠤᠲᠤᠭ ᠤᠨ ᠳᠡᠮᠵᠢᠯᠭᠡ ᠠᠴᠠ ᠰᠠᠯᠵᠤ ᠴᠢᠳᠠᠬᠤ ᠦᠭᠡᠢ ᠶᠤᠮ᠂ ᠤᠯᠠᠭᠠᠨᠴᠠᠪ ᠬᠤᠲᠠ ᠶᠢᠨ ᠬᠢᠨ ᠠᠵᠤ ᠠᠬᠤᠶᠢᠯᠠᠯ ᠳᠤ ᠨᠠᠩ ᠣᠯᠠᠨ ᠲᠥᠷᠥ ᠶᠢᠨ ᠪᠣᠳᠣᠯᠭ᠎ᠠ ᠶᠢᠨ ᠳᠡᠮᠵᠢᠯᠭᠡ ᠦᠵᠡᠭᠦᠯᠵᠦ᠂ ᠠᠵᠤ ᠠᠬᠤᠶᠢᠯᠠᠯ ᠢ ᠬᠠᠪᠰᠤᠷᠤᠨ ᠬᠥᠭᠵᠢᠯᠲᠡ ᠶᠢᠨ ᠪᠣᠭᠤᠮᠢ ᠶᠢ ᠰᠢᠪᠲᠤᠯᠬᠤ ᠶᠢ ᠬᠦᠰᠡᠵᠦ ᠪᠠᠶᠢᠨ᠎ᠠ᠃ ᠠᠵᠤ ᠠᠬᠤᠶᠢᠯᠠᠯ ᠤᠨ ᠬᠢᠨ ᠲᠦᠷᠦᠯ ᠵᠦᠢᠯ ᠤᠨ ᠪᠦᠲᠦᠭᠡᠨ ᠪᠠᠶᠢᠭᠤᠯᠤᠯᠲᠠ ᠶᠢᠨ ᠠᠬᠢᠴᠠ ᠪᠠᠨ ᠲᠦᠷᠭᠡᠳᠬᠡᠵᠦ᠂ ᠤᠯᠠᠭᠠᠨᠴᠠᠪ ᠬᠤᠳᠠ ᠶᠢᠨ ᠠᠵᠤ ᠠᠬᠤᠢ ᠨᠡᠶᠢᠭᠡᠮ ᠤᠨ ᠴᠢᠨᠠᠷ ᠰᠠᠶᠢᠲᠠᠢ ᠬᠥᠭᠵᠢᠯᠲᠡ ᠳᠤ ᠨᠡᠩ ᠤᠯᠠᠨ ᠬᠤᠪᠢ ᠨᠡᠮᠡᠷᠢ ᠦᠵᠡᠭᠦᠯᠬᠦ ᠪᠠᠷ ᠴᠢᠷᠮᠠᠶᠢᠨ᠎ᠠ ᠭᠡᠵᠡᠢ᠃     ᠶᠦᠨ ᠫᠧᠩ ᠭᠠᠩ ᠣᠷᠣᠯᠴᠠᠪᠠ᠃                                         ᠣᠷᠴᠢᠭᠤᠯᠤᠭᠴᠢ᠄ ᠭᠤᠸ᠎ᠠ                                         ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2