ᠪᠦᠬᠦ ᠬᠤᠳᠠ ᠶᠢᠨ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠴᠢᠨᠠᠷ ᠰᠠᠶᠢᠲᠠᠢ ᠬᠥᠭᠵᠢᠭᠦᠯᠬᠦ ᠠᠵᠢᠯ ᠢ ᠠᠬᠢᠭᠤᠯᠬᠤ ᠬᠤᠷᠠᠯ ᠬᠤᠷᠠᠯᠳᠤᠪᠠ
ᠨᠡᠶᠢᠲᠡᠯᠡᠭᠰᠡᠨ ᠴᠠᠭ᠄
2024/4/9
   4 ᠰᠠᠷ᠎ᠠ ᠶᠢᠨ 8 ᠤ ᠡᠳᠦᠷ᠂ ᠪᠦᠬᠦ ᠬᠤᠳᠠ ᠶᠢᠨ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠴᠢᠨᠠᠷ ᠰᠠᠶᠢᠲᠠᠢ ᠬᠥᠭᠵᠢᠭᠦᠯᠬᠦ ᠠᠵᠢᠯ ᠢ ᠠᠬᠢᠭᠤᠯᠬᠤ ᠬᠤᠷᠠᠯ ᠬᠤᠷᠠᠯᠳᠤᠪᠠ᠃ ᠬᠤᠷᠠᠯ ᠠᠴᠠ ᠪᠦᠬᠦ ᠬᠤᠳᠠ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠬᠥᠭᠵᠢᠯᠲᠡ ᠶᠢᠨ ᠶᠡᠷᠦᠩᠬᠡᠢ ᠪᠠᠶᠢᠳᠠᠯ ᠢ ᠮᠡᠳᠡᠭᠳᠡᠵᠦ᠂ ᠳᠠᠷᠠᠭᠠᠴᠢ ᠶᠢᠨ ᠠᠯᠬᠤᠮ ᠤᠨ ᠠᠵᠢᠯ ᠢ ᠲᠣᠬᠢᠷᠠᠭᠤᠯᠤᠨ ᠪᠠᠶᠢᠷᠢᠯᠠᠭᠤᠯᠵᠠᠢ᠃    ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠧᠢ ᠶᠦᠨ ᠬᠤᠷᠠᠯ ᠳᠤ ᠣᠷᠣᠯᠴᠠᠨ ᠶᠠᠷᠢᠶ᠎ᠠ ᠲᠠᠯᠪᠢᠵᠤ᠂ ᠬᠤᠲᠠ ᠶᠢᠨ ᠳᠡᠳ᠋ ᠳᠠᠷᠤᠭ᠎ᠠ ᠹᠠᠩ ᠽᠧ ᠬᠤᠷᠠᠯ ᠡᠷᠭᠢᠯᠡᠪᠡ᠃    ᠬᠤᠷᠠᠯ ᠠᠴᠠ᠂ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠪᠣᠯ ᠴᠠᠭ ᠤᠨ ᠪᠠᠶᠢᠳᠠᠯ ᠤᠨ ᠬᠠᠨᠳᠤᠰᠢ ᠪᠣᠯᠣᠨ᠎ᠠ᠂ ᠤᠯᠠᠭᠠᠨᠴᠠᠪ ᠥᠪᠡᠷᠮᠢᠴᠡ ᠳᠠᠪᠠᠭᠤᠯᠢᠭ ᠲᠠᠢ᠂ ᠶᠡᠭᠡ ᠦᠢᠯᠡᠰ ᠢ ᠪᠦᠲᠦᠭᠡᠵᠦ ᠪᠣᠯᠬᠤ ᠶᠤᠮ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠳ ᠵᠢᠭᠤᠯᠴᠢᠯᠠᠯ ᠤᠨ ᠦᠢᠯᠡᠰ ᠤᠨ ᠬᠥᠭᠵᠢᠯᠲᠡ ᠶᠢᠨ ᠰᠢᠨ᠎ᠡ ᠣᠨᠴᠠᠯᠢᠭ᠂ ᠰᠢᠨ᠎ᠡ ᠬᠠᠨᠳᠤᠰᠢ ᠶᠢ ᠣᠨᠣᠪᠴᠢᠲᠠᠶ ᠡᠵᠡᠮᠳᠡᠵᠦ᠂ ᠳᠠᠪᠬᠤᠴᠠᠭᠤᠯᠤᠨ ᠲᠠᠰ ᠳᠡᠪᠰᠢᠭᠦᠯᠬᠦ᠂ ᠰᠢᠨ᠎ᠡ ᠶᠢ ᠡᠭᠦᠳᠬᠦ ᠬᠥᠭᠵᠢᠯᠲᠡ ᠶᠢᠨ ᠵᠠᠮ ᠢᠶᠠᠷ ᠵᠠᠮᠨᠠᠬᠤ ᠶᠢ ᠪᠠᠷᠢᠮᠲᠠᠯᠠᠨ᠂ ᠰᠣᠶᠣᠯ ᠵᠢᠭᠤᠯᠴᠢᠯᠠᠯ ᠤᠨ ᠬᠥᠭᠵᠢᠯᠲᠡ ᠶᠢᠨ ᠲᠠᠰ ᠳᠠᠪᠬᠤᠷᠭ᠎ᠠ᠂ ᠶᠠᠰᠤ ᠴᠢᠨᠠᠷ ᠪᠠ ᠦᠷ᠎ᠡ ᠠᠰᠢᠭ ᠢ ᠪᠥᠬᠦ ᠲᠠᠯ᠎ᠠ ᠪᠠᠷ ᠳᠡᠭᠡᠭᠰᠢᠯᠡᠭᠦᠯᠵᠦ᠂ ᠭᠤᠣᠯᠯᠠᠬᠤ ᠥᠷᠢᠰᠦᠯᠳᠦᠬᠦ ᠬᠦᠴᠦᠨ ᠲᠠᠢ ᠣᠲᠣ ᠦᠶ᠎ᠡ ᠶᠢᠨ ᠰᠣᠶᠣᠯ ᠵᠢᠭᠤᠯᠴᠢᠯᠠᠯ ᠤᠨ ᠠᠵᠤ ᠦᠢᠯᠡᠰ ᠤᠨ ᠰᠢᠰᠲ᠋ᠧᠮᠵᠢ ᠶᠢ ᠪᠠᠶᠢᠭᠤᠯᠬᠤ ᠬᠡᠷᠡᠭᠲᠡᠢ ᠭᠡᠵᠦ ᠵᠢᠭᠠᠵᠤ ᠭᠠᠷᠭᠠᠪᠠ᠃    ᠬᠤᠷᠠᠯ ᠠᠴᠠ᠂ ᠤᠯᠤᠰ ᠤᠨ ᠳᠣᠲᠣᠭᠠᠳᠤ ᠭᠠᠳᠠᠭᠠᠳᠤ ᠶᠢᠨ ᠲᠡᠷᠢᠭᠦᠨ ᠤ ᠰᠣᠶᠣᠯ ᠵᠢᠭᠤᠯᠴᠢᠯᠠᠯ ᠢ ᠠᠭᠤᠰᠤᠯᠴᠠᠭᠤᠯᠤᠨ ᠬᠥᠭᠵᠢᠭᠦᠯᠬᠦ ᠰᠢᠨ᠎ᠡ ᠥᠨᠳᠦᠷᠯᠢᠭ ᠢ ᠪᠠᠶᠢᠭᠤᠯᠬᠤ ᠳᠤ᠂ ᠡᠷᠬᠡᠪᠰᠢ ᠣᠨᠴᠠᠯᠢᠭ ᠢ ᠲᠤᠪᠤᠶᠢᠯᠭᠠᠵᠦ᠂ ᠲᠦᠷᠦᠯ ᠲᠡᠮᠳᠡᠭ ᠢ ᠮᠠᠨᠳᠤᠭᠤᠯᠬᠤ ᠬᠡᠷᠡᠭᠲᠡᠢ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠨ ᠬᠢᠨ ᠰᠢᠨ᠎ᠡ ᠴᠢᠨᠠᠷ ᠤᠨ ᠦᠢᠯᠡᠳᠪᠦᠷᠢᠯᠡᠯ ᠤᠨ ᠬᠦᠴᠦᠨ ᠭᠡᠬᠦ ᠡᠨᠡᠬᠦ ᠵᠠᠩᠭᠢᠯᠠᠭ᠎ᠠ ᠶᠢᠨ ᠴᠡᠭ ᠢ ᠣᠨᠣᠪᠴᠢᠲᠠᠢ ᠡᠵᠡᠮᠳᠡᠵᠦ᠂ ᠬᠠᠩᠭᠠᠯᠭ᠎ᠠ ᠶᠢ ᠥᠷᠭᠡᠳᠬᠡᠬᠦ᠂ ᠠᠭᠤᠯᠭ᠎ᠠ ᠶᠢᠨ ᠰᠢᠨ᠎ᠡ ᠶᠢ ᠡᠭᠦᠳᠬᠦ᠂ ᠠᠵᠤ ᠦᠢᠯᠡᠰ ᠢ ᠠᠭᠤᠰᠤᠯᠴᠠᠭᠤᠯᠬᠤ ᠳᠡᠭᠡᠷ᠎ᠡ ᠦᠷᠭᠦᠯᠵᠢᠯᠡᠨ ᠬᠦᠴᠦ ᠲᠠᠯᠪᠢᠵᠤ᠂ ᠰᠣᠶᠣᠯ ᠵᠢᠭᠤᠯᠴᠢᠯᠠᠯ ᠤᠨ ᠦᠢᠯᠡᠰ ᠢ ᠠᠭᠤᠰᠤᠯᠴᠠᠭᠤᠯᠤᠨ ᠬᠥᠭᠵᠢᠭᠦᠯᠬᠦ ᠢ ᠠᠬᠢᠭᠤᠯᠵᠤ ᠰᠢᠨ᠎ᠡ ᠵᠢᠳᠬᠦᠯ ᠴᠢᠷᠮᠠᠶᠢᠯᠭ᠎ᠠ ᠭᠠᠷᠭᠠᠵᠤ᠂ ᠰᠢᠨ᠎ᠡ ᠳᠠᠪᠠᠭᠤᠯᠢᠭ ᠢ ᠣᠯᠬᠤ ᠬᠡᠷᠡᠭᠲᠡᠢ ᠭᠡᠵᠦ ᠴᠢᠬᠤᠯᠠᠴᠢᠯᠠᠪᠠ᠃    ᠬᠤᠷᠠᠯ ᠠᠴᠠ᠂ ᠰᠣᠶᠣᠯ ᠵᠢᠭᠤᠯᠴᠢᠯᠠᠯ ᠤᠨ ᠠᠭᠤᠰᠤᠯᠴᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠬᠠᠭᠤᠳᠠᠰᠤ ᠶᠢ ᠪᠢᠴᠢᠭᠯᠡᠬᠦ ᠳᠤ᠂ ᠡᠷᠬᠡᠪᠰᠢ ᠤᠯᠠᠨ ᠲᠠᠯ᠎ᠠ ᠪᠠᠷ ᠬᠤᠯᠪᠤᠭᠠᠯᠠᠨ ᠬᠥᠳᠡᠯᠦᠯᠴᠡᠵᠦ᠂ ᠳᠦᠷᠢ ᠲᠥᠷᠬᠦ ᠪᠠᠨ ᠳᠡᠭᠡᠭᠰᠢᠯᠡᠭᠦᠯᠬᠦ ᠬᠡᠷᠡᠭᠲᠡᠢ᠃ ᠡᠯ᠎ᠡ ᠱᠠᠲᠤ ᠡᠯ᠎ᠡ ᠰᠠᠯᠠᠭ᠎ᠠ ᠮᠥᠴᠢᠷ ᠤᠳ ᠦᠵᠡᠮᠵᠢ ᠶᠢᠨ ᠣᠷᠣᠨ ᠤ ᠵᠤᠭᠠᠴᠠᠭᠰᠠᠳ ᠤᠨ ᠠᠮᠠᠷᠠᠬᠤ ᠥᠷᠲᠡᠭᠡ᠂ ᠤᠰᠤ ᠪᠠᠷ ᠤᠬᠢᠶᠠᠬᠤ ᠵᠣᠷᠯᠣᠩ ᠵᠡᠷᠭᠡ ᠰᠠᠭᠤᠷᠢ ᠪᠡᠯᠡᠳᠬᠡᠮᠵᠢ ᠶᠢᠨ ᠪᠦᠲᠦᠭᠡᠨ ᠪᠠᠶᠢᠭᠤᠯᠤᠯᠲᠠ ᠶᠢ ᠦᠷᠭᠦᠯᠵᠢᠯᠡᠨ ᠠᠬᠢᠭᠤᠯᠵᠤ᠂ ᠵᠢᠭᠤᠯᠴᠢᠯᠠᠯ ᠤᠨ ᠵᠠᠮ ᠱᠤᠭᠤᠮ ᠢ ᠲᠦᠷᠭᠡᠳᠬᠡᠨ ᠨᠡᠶᠢᠯᠡᠭᠦᠯᠵᠦ᠂ ᠬᠤᠷᠳᠤᠨ ᠤ ᠲᠡᠮᠦᠷ ᠵᠠᠮ ᠤᠨ ᠥᠷᠲᠡᠭᠡ᠂ ᠭᠠᠯᠲᠤ ᠲᠡᠷᠭᠡᠨ ᠤ ᠥᠷᠲᠡᠭᠡ᠂ ᠭᠤᠣᠯ ᠪᠣᠯᠬᠤ ᠦᠵᠡᠮᠵᠢ ᠶᠢᠨ ᠣᠷᠣᠨ ᠤ ᠬᠤᠭᠤᠷᠣᠨᠳᠣᠬᠢ ᠣᠯᠠᠨ ᠨᠡᠶᠢᠲᠡ ᠶᠢᠨ ᠵᠠᠮ ᠬᠠᠷᠢᠯᠴᠠᠭ᠎ᠠ ᠶᠢ ᠵᠠᠪᠰᠠᠷ ᠦᠭᠡᠢ ᠵᠣᠯᠭᠠᠭᠤᠯᠬᠤ ᠶᠢ ᠪᠡᠶᠡᠯᠡᠭᠦᠯᠵᠦ᠂ ᠵᠢᠭᠤᠯᠴᠢᠯᠠᠯ ᠤᠨ ᠭᠥᠯᠢᠶᠡᠨ ᠠᠪᠬᠤ ᠪᠠ ᠦᠢᠯᠡᠴᠢᠯᠡᠭᠡᠨ ᠤ ᠶᠠᠰᠤ ᠴᠢᠨᠠᠷ ᠢ ᠲᠠᠰᠤᠷᠠᠯᠲᠠ ᠦᠭᠡᠢ ᠳᠡᠭᠡᠭᠰᠢᠯᠡᠭᠦᠯᠦᠨ᠂ ᠵᠤᠭᠠᠴᠠᠭᠰᠠᠳ ᠢ ᠪᠠᠶᠠᠷ ᠬᠥᠷ ᠲᠠᠢ ᠪᠠᠷ ᠬᠦᠷᠦᠯᠴᠡᠨ ᠢᠷᠡᠵᠦ᠂ ᠰᠡᠳᠬᠢᠯ ᠬᠠᠨᠤᠮᠵᠢᠲᠠᠶ ᠪᠤᠴᠠᠬᠤ ᠪᠣᠯᠭᠠᠬᠤ ᠬᠡᠷᠡᠭᠲᠡᠢ᠃ ᠤᠯᠠᠮᠵᠢᠯᠠᠯᠲᠤ ᠵᠠᠭᠤᠴᠢᠯᠠᠭᠤᠷ ᠪᠣᠯᠣᠨ ᠰᠢᠨ᠎ᠡ ᠵᠠᠭᠤᠴᠢᠯᠠᠭᠤᠷ ᠤᠨ ᠵᠡᠷᠭᠡᠪᠡᠷ ᠬᠦᠴᠦᠯᠡᠬᠦ ᠶᠢ ᠪᠠᠷᠢᠮᠲᠠᠯᠠᠵᠤ᠂ ᠣᠳᠣᠳ ᠢᠶᠠᠷ ᠲᠠᠨᠢᠯᠴᠠᠭᠤᠯᠬᠤ᠂ ᠰᠢᠭᠤᠳ ᠨᠡᠪᠲᠡᠷᠡᠭᠦᠯᠬᠦ ᠵᠡᠷᠭᠡ ᠬᠡᠯᠪᠡᠷᠢ ᠪᠠᠷ ᠳᠠᠮᠵᠢᠭᠤᠯᠤᠨ ᠪᠦᠬᠦ ᠲᠠᠪᠴᠠᠩ ᠤᠨ ᠤᠬᠠᠭᠤᠯᠤᠨ ᠳᠡᠯᠭᠡᠷᠡᠭᠦᠯᠬᠦ ᠶᠢ ᠰᠠᠶᠢᠲᠤᠷ ᠬᠢᠵᠦ᠂ ᠡᠯᠪᠡᠭ ᠪᠠᠶᠠᠯᠢᠭ ᠤᠯᠠᠨ ᠶᠠᠩᠵᠤ ᠶᠢᠨ ᠰᠣᠶᠣᠯ ᠵᠢᠭᠤᠯᠴᠢᠯᠠᠯ ᠤᠨ ᠠᠵᠢᠯᠯᠠᠭ᠎ᠠ ᠶᠢ ᠤᠬᠠᠭᠠᠯᠠᠵᠤ᠂ ᠨᠡᠩ ᠤᠯᠠᠨ ᠠᠩᠬᠠᠷᠤᠯ ᠢ ᠲᠠᠲᠠᠬᠤ ᠴᠡᠭ᠂ ᠬᠡᠷᠡᠭᠯᠡᠭᠡᠨ ᠤ ᠴᠡᠭ ᠢ ᠡᠭᠦᠳᠴᠦ᠂ ᠤᠯᠠᠭᠠᠨᠴᠠᠪ ᠤᠨ ᠰᠣᠶᠣᠯ ᠵᠢᠭᠤᠯᠴᠢᠯᠠᠯ ᠤᠨ ᠨᠡᠷ᠎ᠡ ᠠᠯᠳᠠᠷ ᠤᠨ ᠬᠡᠮᠵᠢᠶ᠎ᠡ ᠪᠣᠯᠣᠨ ᠨᠥᠯᠥᠭᠡᠯᠡᠬᠦ ᠬᠦᠴᠦᠨ ᠢ ᠦᠷᠭᠦᠯᠵᠢᠯᠡᠨ ᠳᠡᠭᠡᠭᠰᠢᠯᠡᠭᠦᠯᠬᠦ ᠬᠡᠷᠡᠭᠲᠡᠢ ᠭᠡᠵᠦ ᠱᠠᠭᠠᠷᠳᠠᠪᠠ᠃                                         ᠣᠷᠴᠢᠭᠤᠯᠤᠭᠴᠢ᠄ ᠭᠤᠸ᠎ᠠ                                         ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2