| | ᠨᠢᠭᠡ ᠳᠤ ︽ᠶᠡᠷᠦᠩᠬᠡᠶᠢᠯᠡᠭᠰᠡᠨ ᠴᠣᠩᠬᠤᠪᠴᠢ + ᠲᠤᠰᠬᠠᠢ ᠴᠣᠩᠬᠤᠪᠴᠢ︾ ᠶᠢᠨ ᠵᠠᠭᠪᠤᠷ ᠢ ᠬᠡᠷᠡᠭᠯᠡᠨ᠂ | ᠰᠦᠯᠵᠢᠶᠡᠨ ᠭᠠᠳᠠᠨ᠎ᠠ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ ︽ᠨᠢᠭᠡ ᠤᠴᠢᠷ ᠢ ᠨᠢᠭᠡ | ᠯᠡ ᠤᠳᠠᠭ᠎ᠠ ᠳᠤ ᠭᠦᠢᠴᠡᠳᠬᠡᠬᠦ︾ ᠦᠢᠯᠡᠴᠢᠯᠡᠭᠡᠨ ᠤ ᠲᠤᠰᠬᠠᠢ ᠣᠷᠣᠨ ᠭᠠᠷᠭᠠᠵᠤ᠂ ︽ᠬᠠᠪᠰᠤᠷᠤᠨ ᠣᠷᠣᠯᠠᠨ | ᠭᠦᠢᠴᠡᠳᠬᠡᠬᠦ︾ ᠬᠠᠷᠢᠭᠤᠴᠠᠯᠭ᠎ᠠ ᠶᠢ ᠨᠠᠶᠢᠳᠠᠪᠤᠷᠢᠵᠢᠭᠤᠯᠤᠨ᠂ ᠨᠢᠭᠡᠳᠦᠯᠲᠡᠢ ᠪᠥᠭᠡᠳ ᠢᠯᠭᠠᠭ᠎ᠠ ᠦᠭᠡᠢ ᠭᠥᠯᠢᠶᠡᠨ | ᠠᠪᠴᠤ ᠰᠢᠢᠳᠪᠦᠷᠢᠯᠡᠬᠦ᠂ ᠠᠳᠠᠯᠢ ᠪᠠᠷᠢᠮᠵᠢᠶ᠎ᠠ ᠪᠠᠷ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ᠭᠦᠢᠴᠡᠳᠬᠡᠬᠦ | ᠠᠵᠢᠯᠯᠠᠭᠠᠨ ᠤ ᠲᠣᠭᠲᠠᠴᠠ ᠶᠢ ᠪᠠᠶᠢᠭᠤᠯᠤᠨ᠎ᠠ᠃ | ᠬᠤᠶᠠᠷ ᠲᠤ ︽ᠬᠤᠶᠢᠰᠢᠯᠠᠭᠤᠯᠬᠤ + ᠪᠣᠯᠵᠣᠬᠤ︾ ᠪᠠ ᠲᠣᠭᠲᠠᠮᠠᠯ ᠬᠤᠭᠤᠴᠠᠭ᠎ᠠ ᠲᠠᠢ | ᠪᠣᠯᠪᠠᠰᠤᠷᠠᠭᠤᠯᠤᠯ ᠢᠶᠠᠷ ᠳᠠᠮᠵᠢᠭᠤᠯᠤᠨ ᠦᠢᠯᠡᠴᠢᠯᠡᠭᠡ ᠥᠷᠨᠢᠭᠦᠯᠵᠦ᠂ ᠭᠤᠶᠤᠴᠢᠯᠠᠬᠤ ᠨᠥᠬᠦᠴᠡᠯ᠂ ᠭᠤᠶᠤᠴᠢᠯᠠᠬᠤ | ᠮᠠᠲ᠋ᠧᠷᠢᠶᠠᠯ ᠢ ᠰᠠᠶᠢᠨ ᠣᠶᠢᠯᠠᠭᠠᠬᠤ ᠶᠢ ᠦᠨᠡᠨ ᠬᠦ ᠪᠠᠲᠤᠯᠠᠵᠤ᠂ ᠨᠢᠭᠡ ᠤᠴᠢᠷ ᠢ ︽ᠨᠢᠭᠡ ᠯᠡ ᠤᠳᠠᠭ᠎ᠠ ᠳᠤ | ᠮᠡᠳᠡᠭᠳᠡᠬᠦ︾ ︽ᠨᠢᠭᠡ ᠴᠣᠩᠬᠤᠪᠴᠢ ᠪᠠᠷ ᠭᠥᠯᠢᠶᠡᠨ ᠠᠪᠴᠤ ᠰᠢᠢᠳᠪᠦᠷᠢᠯᠡᠬᠦ︾ ᠶᠢ ᠦᠨᠡᠨ ᠬᠦ ᠪᠡᠶᠡᠯᠡᠭᠦᠯᠦᠨ᠎ᠡ᠃ | ᠭᠤᠷᠪᠠ ᠳᠤ ᠰᠦᠯᠵᠢᠶᠡᠨ ᠳᠡᠭᠡᠷ᠎ᠡ ᠨᠢᠭᠡ ᠴᠣᠭᠴᠠᠵᠢᠭᠤᠯᠤᠭᠰᠠᠨ ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ | ᠲᠠᠪᠴᠠᠩ ᠳᠤ ᠲᠦᠰᠢᠭᠯᠡᠨ᠂ ︽ᠨᠢᠭᠡ ᠤᠴᠢᠷ ᠢ ᠨᠢᠭᠡ ᠯᠡ ᠤᠳᠠᠭ᠎ᠠ ᠳᠤ ᠭᠦᠢᠴᠡᠳᠬᠡᠬᠦ︾ ᠲᠤᠰᠬᠠᠢ ᠪᠤᠯᠤᠩ | ᠭᠠᠷᠭᠠᠵᠤ᠂ ᠵᠦᠢᠯᠡᠰ ᠢ ᠪᠠᠷᠢᠮᠵᠢᠶᠠᠵᠢᠭᠤᠯᠤᠨ ᠲᠣᠬᠢᠷᠠᠭᠤᠯᠵᠤ᠂ ᠵᠦᠢᠯᠡᠰ ᠢ ᠰᠦᠯᠵᠢᠶᠡᠨ ᠭᠠᠳᠠᠨ᠎ᠠ ᠭᠦᠢᠴᠡᠳᠬᠡᠬᠦ ᠪᠠ | ᠰᠦᠯᠵᠢᠶᠡᠨ ᠳᠡᠭᠡᠷ᠎ᠡ ᠭᠦᠢᠴᠡᠳᠬᠡᠬᠦ ᠶᠢ ᠭᠦᠨᠵᠡᠭᠡᠢ ᠠᠭᠤᠰᠤᠯᠴᠠᠭᠤᠯᠬᠤ ᠶᠢ ᠠᠯᠬᠤᠮ ᠠᠯᠬᠤᠮ ᠢᠶᠠᠷ ᠲᠦᠯᠬᠢᠨ | ᠠᠬᠢᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ ᠶᠢ ︽ᠡᠴᠦᠰ ᠤᠨ ᠨᠢᠭᠡ ᠺᠢᠯᠣᠮᠧᠲᠷ︾ ᠬᠦᠷᠲᠡᠯ᠎ᠡ | ᠤᠷᠲᠤᠳᠬᠠᠨ᠎ᠠ᠃ | 4 ᠰᠠᠷ᠎ᠠ ᠶᠢᠨ ᠡᠬᠢ ᠪᠣᠯᠲᠠᠯ᠎ᠠ᠂ ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠬᠢᠨ ︽ᠨᠢᠭᠡ ᠤᠴᠢᠷ ᠢ | ᠨᠢᠭᠡ ᠤᠳᠠᠭ᠎ᠠ ᠳᠤ ᠭᠦᠢᠴᠡᠳᠬᠡᠬᠦ︾ ᠴᠣᠩᠬᠤᠪᠴᠢ 3 ᠭᠠᠷᠭᠠᠵᠤ᠂ ︽ᠨᠢᠭᠡ ᠤᠴᠢᠷ︾ ᠢ ᠨᠢᠭᠡ ᠤᠳᠠᠭ᠎ᠠ ᠳᠤ | ᠭᠦᠢᠴᠡᠳᠬᠡᠬᠦ 129 ᠵᠦᠢᠯ ᠢ ᠪᠡᠶᠡᠯᠡᠬᠦᠯᠵᠤ᠂ ᠬᠦᠢᠴᠡᠳᠭᠡᠬᠦ ᠬᠡᠮᠵᠢᠶ᠎ᠡ ᠨᠢ 784 ᠵᠦᠢᠯ ᠪᠠᠶᠢᠵᠤ᠂ ᠭᠦᠢᠴᠡᠳᠬᠡᠬᠦ | ᠮᠠᠲ᠋ᠧᠷᠢᠶᠠᠯ᠂ ᠭᠦᠢᠴᠡᠳᠬᠡᠬᠦ ᠭᠤᠭᠴᠤᠭ᠎ᠠ᠂ ᠭᠦᠢᠴᠡᠳᠬᠡᠬᠦ ᠴᠠᠭ ᠪᠠ ᠭᠦᠶᠦᠯᠲᠡ ᠶᠢᠨ ᠲᠤᠭ᠎ᠠ ᠶᠢ ᠳᠤᠮᠳᠠᠴᠢ ᠪᠠᠷ | 23.08% ᠪᠠᠷ ᠪᠠᠭᠠᠰᠬᠠᠵᠤ᠂ ᠬᠡᠦᠬᠡᠳ ᠲᠦᠷᠦᠭᠦ᠂ ᠠᠵᠤ ᠠᠬᠤᠶᠢᠯᠠᠯ ᠡᠷᠭᠢᠯᠡᠬᠦ ᠵᠡᠷᠭᠡ ︽ᠥᠨᠳᠥᠷ | ᠪᠦᠲᠦᠮᠵᠢᠲᠡᠶ ᠪᠠᠷ ᠨᠢᠭᠡ ᠤᠴᠢᠷ ᠶᠠᠪᠤᠳᠠᠯ ᠢ ᠪᠦᠲᠦᠭᠡᠬᠦ︾ ᠭᠦᠢᠴᠡᠳᠬᠡᠬᠦ ᠬᠡᠮᠵᠢᠶ᠎ᠡ 19 ᠵᠦᠢᠯ᠂ ᠲᠤᠷᠰᠢᠯᠲᠠ ᠶᠢᠨ | ᠭᠠᠵᠠᠷ ᠣᠷᠣᠨ ᠳᠤ ᠰᠦᠯᠵᠢᠶᠡᠨ ᠳᠡᠬᠡᠷ᠎ᠡ ︽ᠥᠨᠳᠥᠷ ᠪᠦᠲᠦᠮᠵᠢᠲᠡᠶ ᠪᠠᠷ ᠨᠢᠭᠡ ᠤᠴᠢᠷ ᠶᠠᠪᠤᠳᠠᠯ ᠢ ᠪᠦᠲᠦᠭᠡᠬᠦ︾ | 13 ᠵᠦᠢᠯ ᠢ ᠬᠦᠢᠴᠡᠳᠬᠡᠪᠡ᠃ | ᠵᠣᠬᠢᠶᠠᠭᠴᠢ᠄ ᠪᠦᠦ ᠵᠠᠨ ᠹᠧᠢ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ | |