ᠲᠤᠰᠢᠶᠠᠯ ᠳᠤ ᠲᠣᠮᠢᠯᠠᠬᠤ ᠪᠠᠷ ᠪᠠᠶᠢᠭ᠎ᠠ ᠺᠠᠳ᠋ᠷᠴᠤᠳ ᠢ ᠵᠠᠷᠯᠠᠨ ᠨᠡᠶᠢᠲᠡᠯᠡᠬᠦ ᠲᠤᠬᠠᠶ ᠠᠯᠪᠠᠨ ᠵᠠᠷ
ᠨᠡᠶᠢᠲᠡᠯᠡᠭᠰᠡᠨ ᠴᠠᠭ᠄
2024/5/10
   ᠬᠤᠲᠠ ᠶᠢᠨ ᠨᠠᠮ ᠤᠨ ᠬᠤᠷᠢᠶᠠᠨ ᠤ ᠰᠤᠳᠤᠯᠤᠯᠲᠠ ᠪᠠᠷ ᠳᠠᠮᠵᠢᠭᠠᠳ ᠲᠤᠤᠷ᠎ᠠ ᠲᠠᠪᠤᠨ ᠺᠠᠳ᠋ᠷ ᠢ ᠵᠠᠷᠯᠠᠨ ᠨᠡᠢᠲᠡᠯᠡᠨ᠎ᠡ᠃ᠨᠢᠭᠡ᠂ ᠵᠠᠷᠯᠠᠨ ᠨᠡᠶᠢᠲᠡᠯᠡᠬᠦ ᠨᠡᠷᠡᠰ    ᠯᠢ ᠱᠤ᠋ ᠸᠧᠶ᠂ ᠡᠷᠡᠭᠲᠡᠶ᠂ ᠬᠢᠲᠠᠳ ᠦᠨᠳᠦᠰᠦᠲᠡᠨ᠂ 1982 ᠣᠨ ᠤ 10 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠣᠯᠠᠨ ᠨᠡᠶᠢᠲᠡ ᠶᠢᠨ ᠬᠠᠮᠢᠶᠠᠷᠤᠯᠲᠠ ᠶᠢᠨ ᠮᠠᠰᠲ᠋ᠧᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠬᠤᠲᠠ ᠶᠢᠨ ᠭᠠᠳᠠᠭᠠᠳᠤ ᠶᠠᠪᠤᠳᠠᠯ ᠤᠨ ᠠᠯᠪᠠᠨ ᠬᠡᠷ ︵ᠬᠤᠳᠠᠯᠳᠤᠭᠠᠨ ᠤ ᠶᠠᠪᠤᠳᠠᠯ ᠤᠨ ᠲᠣᠪᠴᠢᠶ᠎ᠠ︶ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ ︵ᠲᠣᠪᠴᠢᠶᠠᠨ ᠳᠠᠷᠤᠭ᠎ᠠ︶ ᠶᠢᠨ ᠲᠤᠰᠢᠶᠠᠯ ᠲᠠᠢ᠂ ᠬᠤᠰᠢᠭᠤ ᠰᠢᠶᠠᠨ ᠬᠤᠲᠠ ᠲᠣᠭᠤᠷᠢᠭ ᠤᠨ ᠵᠠᠰᠠᠭ ᠤᠨ ᠣᠷᠳᠣᠨ ᠤ ᠵᠢᠩᠬᠢᠨᠢ ᠲᠤᠰᠢᠶᠠᠯ ᠳᠤ ᠲᠤᠮᠢᠯᠠᠬᠤ ᠪᠠᠷ ᠪᠠᠶᠢᠨ᠎ᠠ᠃    ᠶᠠᠩ ᠶᠦᠩ᠂ ᠡᠷᠡᠭᠲᠡᠶ᠂ ᠬᠢᠲᠠᠳ ᠦᠨᠳᠦᠰᠦᠲᠡᠨ᠂ 1970 ᠣᠨ ᠤ 12 ᠰᠠᠷ᠎ᠠ ᠳᠤ ᠳᠦᠷᠦᠵᠡᠶ᠂ ᠠᠰᠫᠢᠷᠠᠨᠲ ᠤᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠵᠢᠨᠢᠩ ᠲᠣᠭᠤᠷᠢᠭ ᠤᠨ ᠳᠡᠳ᠋ ᠳᠠᠷᠤᠭ᠎ᠠ ᠶᠢᠨ ᠲᠤᠰᠢᠶᠠᠯ ᠲᠠᠢ᠂ ᠬᠤᠰᠢᠭᠤ ᠰᠢᠶᠠᠨ ᠬᠤᠲᠠ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠲᠤᠰᠢᠶᠠᠯᠲᠠᠨ ᠤ ᠲᠤᠰᠢᠶᠠᠯ ᠳᠤ ᠲᠤᠮᠢᠯᠠᠬᠤ ᠪᠠᠷ ᠪᠠᠶᠢᠨ᠎ᠠ᠃    ᠶᠠᠩ ᠯᠠᠢ ᠴᠢᠤᠸᠠᠨ᠂ ᠡᠷᠡᠭᠲᠡᠶ᠂ ᠮᠣᠩᠭᠤᠯ ᠦᠨᠳᠦᠰᠦᠲᠡᠨ᠂ 1985 ᠣᠨ ᠤ 8 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠬᠠᠮᠢᠶᠠᠷᠤᠯᠲᠠ ᠶᠢᠨ ᠤᠬᠠᠭᠠᠨ ᠤ ᠪᠠᠴᠤᠯᠤᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠳᠥᠷᠪᠡᠳ ᠬᠤᠰᠢᠭᠤᠨ ᠤ ᠳᠡᠳ᠋ ᠳᠠᠷᠤᠭ᠎ᠠ ᠶᠢᠨ ᠲᠤᠰᠢᠶᠠᠯ ᠲᠠᠢ᠂ ᠬᠤᠰᠢᠭᠤ ᠰᠢᠶᠠᠨ ᠬᠤᠲᠠ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠲᠤᠰᠢᠶᠠᠯᠲᠠᠨ ᠤ ᠲᠤᠰᠢᠶᠠᠯ ᠳᠤ ᠲᠤᠮᠢᠯᠠᠬᠤ ᠪᠠᠷ ᠪᠠᠶᠢᠨ᠎ᠠ᠃    ᠸᠧᠶ ᠵᠢᠶᠠᠨ ᠮᠢᠩ᠂ ᠡᠷᠡᠭᠲᠡᠶ᠂ ᠬᠢᠲᠠᠳ ᠦᠨᠳᠦᠰᠦᠲᠡᠨ᠂ 1978 ᠣᠨ ᠤ 3 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠲᠠᠷᠢᠶᠠᠯᠠᠩ ᠤᠨ ᠤᠬᠠᠭᠠᠨ ᠤ ᠪᠠᠴᠤᠯᠤᠷ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠴᠠᠬᠠᠷ ᠪᠠᠷᠠᠭᠤᠨ ᠭᠠᠷᠤᠨ ᠡᠮᠦᠨᠡᠲᠦ ᠬᠤᠰᠢᠭᠤᠨ ᠤ ᠳᠡᠳ᠋ ᠬᠤᠰᠢᠭᠤᠨ ᠳᠠᠷᠤᠭ᠎ᠠ ᠶᠢᠨ ᠲᠤᠰᠢᠶᠠᠯ ᠲᠠᠢ᠂ ᠬᠤᠰᠢᠭᠤ ᠰᠢᠶᠠᠨ ᠬᠤᠲᠠ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠲᠤᠰᠢᠶᠠᠯᠲᠠᠨ ᠤ ᠲᠤᠰᠢᠶᠠᠯ ᠳᠤ ᠲᠤᠮᠢᠯᠠᠬᠤ ᠪᠠᠷ ᠪᠠᠶᠢᠨ᠎ᠠ᠃    ᠭᠤᠤ ᠰᠢᠤᠸᠠᠢ ᠹᠧᠩ᠂ ᠡᠷᠡᠭᠲᠡᠶ᠂ ᠬᠢᠲᠠᠳ ᠦᠨᠳᠦᠰᠦᠲᠡᠨ᠂ 1980 ᠣᠨ ᠤ 12 ᠰᠠᠷ᠎ᠠ ᠳᠤ ᠳᠦᠷᠦᠵᠡᠶ᠂ ᠶᠡᠭᠡ ᠰᠤᠷᠭᠠᠭᠤᠯᠢ ᠶᠢᠨ ᠰᠤᠷᠤᠯᠭ᠎ᠠ ᠶᠢᠨ ᠨᠠᠮᠲᠠᠷ ᠲᠠᠢ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠭᠡᠰᠢᠭᠦᠨ᠂ ᠣᠲᠣ ᠵᠦᠸᠧᠽᠢ ᠰᠢᠶᠠᠨ ᠤ ᠵᠠᠰᠠᠭ ᠤᠨ ᠣᠷᠳᠣᠨ ᠤ ᠠᠯᠪᠠᠨ ᠬᠡᠷ ᠤᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠡᠷᠬᠢᠯᠡᠭᠴᠢ᠂ ᠨᠢᠭᠡᠳᠦᠭᠡᠷ ᠳᠡᠰ ᠤᠨ ᠡᠷᠬᠢᠯᠡᠭᠴᠢ ᠭᠡᠰᠢᠭᠦᠴᠢ ᠶᠢᠨ ᠲᠤᠰᠢᠶᠠᠯ ᠲᠠᠢ᠂ ᠬᠤᠰᠢᠭᠤ ᠰᠢᠶᠠᠨ ᠬᠤᠲᠠ ᠲᠣᠭᠤᠷᠢᠭ ᠤᠨ ᠨᠠᠮ ᠤᠨ ᠬᠤᠷᠢᠶᠠᠨ ᠤ ᠳᠡᠳ᠋ ᠲᠤᠰᠢᠶᠠᠯᠲᠠᠨ ᠤ ᠲᠤᠰᠢᠶᠠᠯ ᠳᠤ ᠲᠤᠮᠢᠯᠠᠬᠤ ᠪᠠᠷ ᠪᠠᠶᠢᠨ᠎ᠠ᠃ᠬᠤᠶᠠᠷ᠂ ᠵᠠᠷᠯᠠᠨ ᠨᠡᠶᠢᠲᠡᠯᠡᠬᠦ ᠬᠤᠭᠤᠴᠠᠭ᠎ᠠ    2024 ᠣᠨ ᠤ 4 ᠰᠠᠷ᠎ᠠ ᠶᠢᠨ 29 ᠤ ᠡᠳᠦᠷ ᠠᠴᠠ 5 ᠰᠠᠷ᠎ᠠ ᠶᠢᠨ 8 ᠤ ᠡᠳᠦᠷ ᠪᠣᠯᠲᠠᠯ᠎ᠠ ᠵᠠᠷᠯᠠᠨ ᠨᠡᠶᠢᠳᠡᠯᠡᠨ᠎ᠡ᠃ᠭᠤᠷᠪᠠ᠂ ᠬᠦᠯᠢᠶᠡᠨ ᠠᠪᠬᠤ ᠠᠷᠭ᠎ᠠ ᠮᠠᠶ᠋ᠢᠭ    ᠨᠢᠭᠡᠴᠢ ᠪᠠ ᠬᠤᠪᠢ ᠬᠥᠮᠦᠨ ᠰᠤᠷᠪᠤᠯᠵᠢᠯᠠᠭ᠎ᠠ᠂ ᠵᠠᠬᠢᠳᠠᠯ᠂ ᠳ᠋ᠢᠶᠠᠩᠬᠤᠸᠠ ᠵᠡᠷᠭᠡ ᠬᠡᠯᠪᠡᠷᠢ ᠪᠠᠷ ᠳᠡᠭᠡᠷ᠎ᠡ ᠳᠤᠷᠠᠳᠤᠭᠰᠠᠨ ᠵᠠᠷᠯᠠᠨ ᠨᠡᠶᠢᠲᠡᠯᠡᠭᠰᠡᠨ  ᠬᠦᠮᠦᠰ ᠤᠨ ᠬᠤᠯᠪᠣᠭᠳᠠᠯ ᠪᠦᠬᠦᠢ ᠪᠠᠶᠢᠳᠠᠯ ᠪᠠ ᠠᠰᠠᠭᠤᠳᠠᠯ ᠢ ᠲᠤᠰᠬᠠᠵᠤ ᠪᠣᠯᠤᠨ᠎ᠠ᠃ ᠲᠤᠰᠬᠠᠭᠰᠠᠨ ᠠᠰᠠᠭᠤᠳᠠᠯ ᠢ ᠪᠠᠶᠢᠴᠠᠭᠠᠨ ᠬᠠᠷᠭᠤᠭᠤᠯᠬᠤ ᠳᠤ ᠲᠥᠬᠦᠮ ᠪᠤᠯᠭᠠᠬᠤ ᠶᠢᠨ ᠲᠥᠯᠥᠭᠡ᠂ ᠠᠰᠠᠭᠤᠳᠠᠯ ᠢ ᠲᠤᠰᠬᠠᠬᠤ ᠦᠶ᠎ᠡ ᠳᠤ ᠬᠠᠮᠢᠶ᠎ᠠ ᠪᠥᠬᠦᠶ ᠰᠦᠪᠡᠭᠴᠢ ᠵᠢᠴᠢ ᠲᠣᠰ ᠬᠥᠮᠦᠨ ᠤ ᠦᠨᠡᠨ ᠣᠪᠣᠭ ᠨᠡᠷ᠎ᠡ᠂ ᠬᠠᠷᠢᠯᠴᠠᠬᠤ ᠠᠷᠭ᠎ᠠ ᠮᠠᠶ᠋ᠢᠭ ᠪᠤᠶᠤ ᠠᠵᠢᠯᠯᠠᠵᠤ ᠪᠠᠶᠢᠭ᠎ᠠ ᠨᠢᠭᠡᠴᠢ ᠵᠡᠷᠭᠡ ᠮᠡᠳᠡᠭᠡ ᠵᠠᠩᠭᠢ ᠶᠢ ᠬᠠᠩᠭᠠᠭᠠᠷᠠᠢ᠂ ᠪᠢᠳᠡ ᠠᠵᠢᠯ ᠤᠨ ᠰᠠᠬᠢᠯᠭ᠎ᠠ ᠪᠠᠲᠤ ᠶᠢ ᠴᠢᠩᠭ᠎ᠠ ᠵᠢᠷᠤᠮᠯᠠᠨ᠂ ᠨᠢᠭᠤᠴᠠ ᠶᠢ ᠬᠠᠮᠠᠭᠠᠯᠠᠬᠤ ᠡᠭᠦᠷᠭᠡ ᠪᠠᠨ ᠭᠦᠢᠴᠡᠳᠬᠡᠵᠦ᠂ ᠬᠢᠨᠠᠨ ᠬᠠᠷᠭᠤᠭᠤᠯᠤᠭᠰᠠᠨ ᠪᠠᠶᠢᠳᠠᠯ ᠢᠶᠠᠨ ᠴᠠᠭ ᠲᠤᠬᠠᠶ ᠳᠤᠨᠢ ᠬᠠᠷᠢᠭᠤ ᠲᠤᠰᠬᠠᠨ᠎ᠠ᠃    ᠵᠠᠷᠯᠠᠨ ᠨᠡᠶᠢᠲᠡᠯᠡᠬᠦ ᠠᠯᠪᠠᠨ ᠭᠡᠷ ᠢ ᠬᠤᠲᠠ ᠶᠢᠨ ᠨᠠᠮ ᠵᠠᠰᠠᠭ ᠤᠨ ᠲᠣᠮᠣ ᠠᠰᠠᠷ ᠤᠨ 916 ᠥᠷᠥᠭᠡᠨ ᠳᠤ ᠲᠣᠬᠢᠷᠠᠭᠤᠯᠪᠠ᠃    ᠬᠦᠯᠢᠶᠡᠨ ᠠᠪᠴᠤ ᠰᠢᠢᠳᠪᠦᠷᠢᠯᠡᠬᠦ ᠴᠠᠭ᠄ ᠠᠵᠢᠯᠯᠠᠬᠤ ᠡᠳᠦᠷ ᠤᠨ ᠦᠳᠡ ᠶᠢᠨ ᠡᠮᠦᠨ᠎ᠡ 9᠄ 00 - 12᠄ 00᠂ ᠦᠳᠡ ᠶᠢᠨ ᠬᠤᠶᠢᠨ᠎ᠠ 14᠄ 30-18᠄ 00᠃    ᠬᠦᠯᠢᠶᠡᠨ ᠠᠪᠴᠤ ᠰᠢᠢᠳᠪᠦᠷᠢᠯᠡᠬᠦ ᠤᠲᠠᠰᠤ᠄ ︵0474︶ 12380ᠣᠨᠴᠠᠭᠠᠶᠢᠯᠠᠨ ᠵᠠᠷᠯᠠᠪᠠ                    ᠳᠤᠮᠳᠠᠳᠤ ᠤᠯᠤᠰ ᠤᠨ ᠡᠪ ᠬᠠᠮᠲᠤ ᠨᠠᠮ ᠤᠨ ᠤᠯᠠᠭᠠᠨᠴᠠᠪ ᠬᠤᠲᠠ ᠶᠢᠨ ᠬᠤᠷᠢᠶ᠎ᠠ ᠶᠢᠨ ᠵᠣᠬᠢᠶᠠᠨ ᠪᠠᠢᠭᠤᠯᠬᠤ ᠬᠡᠯᠲᠡᠰ                                            2024 ᠣᠨ ᠤ 4 ᠰᠠᠷ᠎ᠠ ᠶᠢᠨ 28 ᠤ ᠡᠳᠦᠷ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2