ᠳᠥᠷᠪᠡᠳ ᠬᠤᠰᠢᠭᠤ 2024 ᠣᠨ ᠤ ᠬᠤᠶᠠᠳᠤᠭᠠᠷ ᠤᠯᠠᠷᠢᠯ ᠤᠨ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠬᠢᠨᠠᠨ ᠬᠡᠮᠵᠢᠯᠲᠡ ᠶᠢ ᠪᠥᠬᠦ ᠲᠠᠯ᠎ᠠ ᠪᠠᠷ ᠤᠶᠢᠯᠠᠭᠠᠨ ᠵᠢᠭᠰᠠᠭᠠᠨ ᠪᠠᠶᠢᠴᠠᠭᠠᠬᠤ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠪᠠ
ᠨᠡᠶᠢᠲᠡᠯᠡᠭᠰᠡᠨ ᠴᠠᠭ᠄
2024/5/10
       5 ᠰᠠᠷ᠎ᠠ ᠶᠢᠨ 8 ᠤ ᠡᠳᠦᠷ᠂ ᠳᠥᠷᠪᠡᠳ ᠬᠤᠰᠢᠭᠤ 2024 ᠣᠨ ᠤ ᠬᠤᠶᠠᠳᠤᠭᠠᠷ ᠤᠯᠠᠷᠢᠯ ᠤᠨ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠬᠢᠨᠠᠨ ᠬᠡᠮᠵᠢᠯᠲᠡ ᠶᠢ ᠪᠥᠬᠦ ᠲᠠᠯ᠎ᠠ ᠪᠠᠷ ᠤᠶᠢᠯᠠᠭᠠᠨ ᠵᠢᠭᠰᠠᠭᠠᠨ ᠪᠠᠶᠢᠴᠠᠭᠠᠬᠤ ᠠᠵᠢᠯ ᠤᠨ ᠲᠣᠬᠢᠷᠠᠭᠤᠯᠤᠯᠲᠠ ᠪᠠᠶᠢᠷᠢᠯᠠᠭᠤᠯᠤᠯᠲᠠ ᠶᠢᠨ ᠬᠤᠷᠠᠯ ᠬᠤᠷᠠᠯᠳᠤᠭᠤᠯᠵᠤ᠂ ᠪᠥᠬᠦ ᠬᠤᠰᠢᠭᠤᠨ ᠤ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠥᠳᠡᠯᠦᠩᠭᠦᠶ ᠬᠢᠨᠠᠨ ᠬᠡᠮᠵᠢᠯᠲᠡ ᠶᠢᠨ ᠲᠠᠷᠠᠭᠠᠴᠢ ᠶᠢᠨ ᠠᠯᠬᠤᠮ ᠤᠨ ᠠᠵᠢᠯ ᠪᠠ ᠣᠶᠢᠷ᠎ᠠ ᠶᠢᠨ ᠬᠤᠭᠤᠴᠠᠭᠠᠨ ᠤ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠭᠤᠤᠯᠳᠠᠯᠭ᠎ᠠ ᠲᠠᠢ ᠠᠵᠢᠯ ᠳᠤ ᠲᠣᠬᠢᠷᠠᠭᠤᠯᠤᠯᠲᠠ ᠪᠠᠶᠢᠷᠢᠯᠠᠭᠤᠯᠤᠯᠲᠠ ᠬᠢᠪᠠ᠃    ᠬᠤᠷᠠᠯ ᠠᠴᠠ᠂ ᠡᠯ᠎ᠡ ᠭᠠᠵᠠᠷ ᠤᠨ ᠬᠢᠨ ᠵᠢᠭᠰᠠᠭᠠᠨ ᠪᠠᠶᠢᠴᠠᠭᠠᠬᠤ ᠱᠠᠭᠠᠷᠳᠠᠯᠭ᠎ᠠ ᠶᠣᠰᠣᠭᠠᠷ᠂ ᠵᠢᠭᠰᠠᠭᠠᠨ ᠪᠠᠶᠢᠴᠠᠭᠠᠬᠤ ᠠᠭᠤᠯᠭ᠎ᠠ᠂ ᠠᠬᠢᠴᠠ ᠶᠢᠨ ᠲᠣᠬᠢᠷᠠᠭᠤᠯᠤᠯᠲᠠ ᠵᠡᠷᠭᠡ ᠳᠤ ᠠᠩᠬᠠᠷᠤᠯ ᠢᠶᠠᠨ ᠲᠥᠪᠯᠡᠷᠡᠭᠦᠯᠵᠦ᠂ ᠬᠤᠶᠠᠳᠤᠭᠠᠷ ᠤᠯᠠᠷᠢᠯ ᠤᠨ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠵᠦ ᠬᠠᠪᠰᠤᠷᠤᠨ ᠲᠡᠳᠬᠦᠬᠦ ᠠᠵᠢᠯ ᠢ ᠭᠦᠨᠵᠡᠭᠡᠶ ᠥᠷᠨᠢᠭᠦᠯᠬᠦ ᠬᠡᠷᠡᠭᠲᠡᠶ᠃ ᠡᠯ᠎ᠡ ᠰᠤᠮᠤ ᠰᠢᠶᠠᠩ ᠪᠠᠯᠭᠠᠰᠤ ︵ᠲᠠᠯᠠᠪᠠᠢ︶᠂ ᠡᠯ᠎ᠡ ᠰᠠᠯᠠᠭ᠎ᠠ ᠮᠥᠴᠢᠷ ᠳᠠᠬᠢᠨ ᠶᠠᠳᠠᠭᠤᠷᠠᠬᠤ ᠶᠢ ᠰᠡᠷᠭᠡᠶᠢᠯᠡᠬᠦ ᠬᠢᠨᠠᠨ ᠬᠡᠮᠵᠢᠬᠦ ᠪᠠ ᠬᠠᠪᠰᠤᠷᠤᠨ ᠲᠡᠳᠬᠦᠬᠦ ᠠᠵᠢᠯ ᠤᠨ ᠲᠣᠭᠲᠠᠴᠠ ᠶᠢ ᠦᠨᠡᠨᠬᠦ ᠰᠠᠶᠢᠲᠤᠷ ᠬᠡᠷᠡᠭᠯᠡᠵᠦ᠂ ᠠᠵᠢᠯ ᠤᠨ ᠨᠠᠶᠢᠳᠠᠪᠤᠷᠢᠵᠢᠭᠤᠯᠤᠯᠲᠠ ᠶᠢ ᠰᠠᠶᠢᠲᠤᠷ ᠠᠳᠬᠤᠵᠤ᠂ ᠬᠡᠪᠴᠢᠶᠡᠵᠢᠭᠰᠡᠨ ᠴᠢᠨᠠᠷᠲᠠᠶ ᠳᠠᠬᠢᠨ ᠶᠠᠳᠠᠭᠤᠷᠠᠬᠤ ᠥᠬᠡᠶ ᠪᠠᠶᠢᠬᠤ ᠬᠤᠷᠢᠭ᠎ᠠ ᠱᠤᠭᠤᠮ ᠢ ᠪᠠᠲᠤ ᠰᠠᠬᠢᠬᠤ ᠬᠡᠷᠡᠭᠲᠡᠶ ᠭᠡᠵᠤ ᠴᠢᠬᠤᠯᠠᠴᠢᠯᠠᠪᠠ᠃    ᠡᠯ᠎ᠡ ᠰᠤᠮᠤ ᠰᠢᠶᠠᠩ ᠪᠠᠯᠭᠠᠰᠤ ︵ᠲᠠᠯᠠᠪᠠᠢ︶ ᠵᠢᠴᠢ ᠬᠠᠮᠢᠶ᠎ᠠ ᠪᠦᠬᠦᠢ ᠨᠢᠭᠡᠴᠢ ᠶᠢᠨ ᠬᠠᠷᠢᠭᠤᠴᠠᠯᠭᠠᠲᠠᠨ ᠬᠤᠷᠠᠯ ᠳᠤ ᠣᠷᠣᠯᠴᠠᠪᠠ᠃                          ᠤᠷᠴᠢᠭᠤᠯᠤᠭᠴᠢ᠄ ᠬᠦᠰᠡᠯ                          ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2