ᠣᠷᠣᠨ ᠪᠦᠰᠡ ᠶᠢᠨ ᠬᠠᠮᠵᠢᠯᠴᠠᠭᠠᠨ ᠤ ᠰᠢᠨ᠎ᠡ ᠠᠵᠠ ᠲᠣᠬᠢᠶᠠᠯ ᠢ ᠠᠮᠵᠢᠵᠤ ᠪᠠᠶᠢᠭᠠᠳ ᠪᠡᠯᠡ ᠣᠷᠣᠭᠤᠯᠤᠯᠲᠠ ᠶᠢ ᠠᠬᠢᠭᠤᠯᠬᠤ ᠬᠤᠰᠢᠭᠤᠴᠢ ᠰᠢᠲᠠᠷ᠎ᠠ ᠶᠢ ᠰᠠᠶᠢᠲᠤᠷ ᠬᠢᠬᠦ ᠬᠡᠷᠡᠭᠲᠡᠶ
ᠨᠡᠶᠢᠲᠡᠯᠡᠭᠰᠡᠨ ᠴᠠᠭ᠄
2024/5/10
        ᠴᠠᠭ᠄ 2024 - 05-08 09᠄ 00     ᠰᠤᠷᠪᠤᠯᠵᠢᠯᠠᠭ᠎ᠠ ᠬᠦᠯᠢᠶᠡᠭᠴᠢ᠄ ᠬᠤᠲᠠ ᠶᠢᠨ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠠᠩ ᠷᠦᠢ ᠪᠢᠨ    ᠤᠯᠠᠭᠠᠨᠴᠠᠪ ᠬᠤᠲᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠠᠴᠠ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠶᠢ ︽ᠨᠢᠭᠡᠳᠦᠭᠡᠷ ᠨᠣᠮᠧᠷᠲᠤ ᠢᠨᠵᠧᠨᠧᠷᠢᠩ︾ ᠪᠣᠯᠭᠠᠨ ᠠᠬᠢᠭᠤᠯᠵᠤ᠂ ᠬᠡᠯᠬᠢᠶᠡᠵᠢᠯ ᠤᠨ ᠬᠡᠯᠪᠡᠷᠢ ᠪᠠᠷ ᠬᠤᠳᠠᠯᠳᠤᠭᠠᠴᠢᠨ ᠤᠷᠢᠬᠤ᠂ ᠲᠠᠪᠴᠠᠩ ᠢᠶᠠᠷ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ᠂ ᠬᠤᠷᠠᠯ ᠢᠶᠠᠷ ᠬᠤᠳᠠᠯᠳᠤᠭᠠᠴᠢᠨ ᠤᠷᠢᠬᠤ ︽ᠲᠠᠪᠤᠨ ᠶᠡᠭᠡ ᠬᠤᠳᠠᠯᠳᠤᠭᠠᠴᠢᠨ ᠤᠷᠢᠬᠤ ︾ ᠶᠢ ᠬᠦᠴᠦᠯᠡᠨ ᠠᠬᠢᠭᠤᠯᠵᠤ᠂ ᠲᠥᠷᠥᠯ ᠵᠦᠢᠯ ᠤᠨ ᠲᠣᠬᠢᠷᠠᠭᠤᠯᠤᠯᠲᠠ᠂ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ᠂ ᠦᠢᠯᠡᠴᠢᠯᠡᠭᠡᠨ ᠤ ᠪᠠᠲᠤᠯᠠᠭ᠎ᠠ᠂ ᠲᠥᠷᠥ ᠶᠢᠨ ᠪᠣᠳᠣᠯᠭ᠎ᠠ ᠪᠠᠷ ᠠᠵᠤ ᠠᠬᠤᠶᠢᠯᠠᠯ ᠳᠤ ᠠᠰᠢᠭ ᠬᠦᠷᠲᠡᠭᠡᠬᠦ ︽ᠳᠥᠷᠪᠡᠨ ᠲᠣᠭᠲᠠᠴᠠ︾ ᠶᠢ ᠲᠠᠰᠤᠷᠠᠯᠲᠠ ᠥᠬᠡᠶ ᠭᠦᠨᠵᠡᠭᠡᠶᠢᠷᠡᠭᠦᠯᠦᠨ᠂ ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠦᠨ ᠦᠷ᠎ᠡ ᠠᠰᠢᠭ ᠢ ᠨᠡᠮᠡᠭᠳᠡᠭᠦᠯᠬᠦ ᠶᠢ ᠬᠦᠴᠦᠲᠡᠶ ᠠᠬᠢᠭᠤᠯᠪᠠ᠃    ᠰᠤᠷᠪᠤᠯᠵᠢᠯᠠᠭ᠎ᠠ ᠶᠢᠨ ᠪᠣᠳᠠᠳᠤ ᠲᠡᠮᠳᠡᠭᠯᠡᠯ    2023 ᠣᠨ ᠤ 10 ᠰᠠᠷ᠎ᠠ ᠳᠤ᠂ ︽ᠥᠪᠥᠷ ᠮᠣᠩᠭᠤᠯ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠵᠤ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠶᠢᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠲᠤᠬᠠᠶ ᠲᠥᠷᠥ ᠶᠢᠨ ᠶᠠᠪᠤᠳᠠᠯ ᠤᠨ ᠬᠤᠷᠢᠶᠠᠨ ᠤ ᠰᠠᠨᠠᠯ︾ ︵ᠳᠣᠷᠣᠭᠰᠢ ︽ᠰᠠᠨᠠᠯ︾ ᠭᠡᠵᠦ ᠲᠣᠪᠴᠢᠯᠠᠨ᠎ᠠ︶ ᠢ ᠨᠡᠶᠢᠲᠡᠯᠡᠵᠦ᠂ 7 ᠲᠠᠯ᠎ᠠ ᠶᠢᠨ ᠭᠤᠤᠯ ᠡᠭᠦᠷᠭᠡ ᠶᠢ ᠪᠠᠶᠢᠷᠢᠯᠠᠭᠤᠯᠵᠤ᠂ ᠡᠬᠦᠨ ᠳᠤ ︽ᠤᠷᠤᠨ ᠪᠦᠰᠡ ᠶᠢᠨ ᠬᠠᠮᠵᠢᠯᠴᠠᠭ᠎ᠠ ᠶᠢ ᠠᠬᠢᠭᠤᠯᠬᠤ︾ ᠶᠢ ᠳᠤᠷᠠᠳᠪᠡ᠃ ᠤᠯᠠᠭᠠᠨᠴᠠᠪ ᠬᠤᠲᠠ ᠳᠤ ᠠᠪᠴᠤ ᠬᠡᠯᠡᠪᠡᠯ᠂ ᠡᠨᠡ ᠪᠣᠯ ᠠᠵᠤ ᠠᠬᠤᠶ ᠨᠡᠶᠢᠭᠡᠮ ᠤᠨ ᠬᠥᠭᠵᠢᠯᠲᠡ ᠶᠢ ᠠᠬᠢᠭᠤᠯᠬᠤ ᠪᠠᠰᠠ ᠨᠢᠭᠡ ᠤᠳᠠᠭᠠᠨ ᠤ ᠴᠢᠬᠤᠯᠠ ᠶᠡᠭᠡ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠪᠣᠯᠤᠨ᠎ᠠ᠃ ᠣᠶᠢᠷ᠎ᠠ ᠳᠤ᠂ ︽ᠰᠠᠨᠠᠯ︾ ᠢ ᠬᠡᠷᠬᠢᠨ ᠤᠯᠠᠮ ᠨᠢᠭᠡ ᠠᠯᠬᠤᠮ ᠳᠤᠭᠤᠰᠢᠯᠠᠭᠤᠯᠤᠨ ᠨᠠᠶᠢᠳᠠᠪᠤᠷᠢᠵᠢᠭᠤᠯᠬᠤ ᠲᠤᠬᠠᠶ ᠬᠤᠲᠠ ᠶᠢᠨ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ᠶᠢᠨ ᠨᠠᠮ ᠤᠨ ᠤᠳᠤᠷᠢᠳᠬᠤ ᠳᠤᠭᠤᠶᠢᠯᠠᠩ ᠤᠨ ᠱᠦᠵᠢ᠂ ᠲᠣᠪᠴᠢᠶᠠᠨ ᠳᠠᠷᠤᠭ᠎ᠠ ᠵᠠᠩ ᠷᠦᠢ ᠪᠢᠨ ᠢ ᠰᠤᠷᠪᠤᠯᠵᠢᠯᠠᠪᠠ᠃    ᠵᠠᠩ ᠷᠦᠢ ᠪᠢᠨ᠄ ᠤᠯᠠᠭᠠᠨᠴᠠᠪ ᠬᠤᠲᠠ ᠳᠤᠮᠳᠠᠳᠤ ᠮᠣᠩᠭᠤᠯ ᠣᠷᠣᠰ ᠤᠨ ᠣᠯᠠᠨ ᠤᠯᠤᠰ ᠤᠨ ᠪᠠᠷᠠᠭᠠᠨ ᠤ ᠭᠦᠢᠯᠭᠡᠭᠡᠨ ᠤ ᠶᠡᠭᠡ ᠵᠠᠮ ᠤᠨ ᠡᠮᠦᠨ᠎ᠡ ᠵᠠᠬ᠎ᠠ ᠶᠢᠨ ᠭᠠᠵᠠᠷ ᠣᠷᠣᠨ ᠳᠤ ᠪᠠᠶᠢᠷᠢᠯᠠᠵᠤ᠂ ᠪᠡᠭᠡᠵᠢᠩ ᠲᠢᠶᠠᠨᠵᠢᠨ ᠾᠧᠪᠧᠢ ᠶᠢᠨ ᠤᠯᠤᠰ ᠤᠨ ᠳᠣᠲᠣᠭᠠᠳᠤ ᠶᠢᠨ ᠲᠣᠮᠣ ᠵᠠᠬ᠎ᠠ ᠳᠡᠯᠭᠡᠭᠦᠷ ᠲᠠᠢ ᠵᠣᠯᠭᠠᠬᠤ ᠳᠤ ᠳᠥᠭᠦᠮ ᠦᠵᠡᠭᠦᠯᠬᠦ ᠪᠠᠷ ᠪᠠᠷᠠᠬᠤ ᠦᠭᠡᠢ ᠪᠠᠰᠠ ᠣᠯᠠᠨ ᠤᠯᠤᠰ ᠤᠨ ᠨᠡᠭᠡᠭᠡᠯᠲᠡ ᠶᠢᠨ ᠪᠣᠭᠤᠮᠲᠠ ᠶᠢᠨ ᠡᠭᠦᠳᠡ ᠶᠢ ᠨᠡᠪᠲᠡᠷᠡᠭᠦᠯᠵᠦ᠂ ᠥᠪᠡᠷᠮᠢᠴᠡ ᠬᠥᠭᠵᠢᠯᠲᠡ ᠶᠢᠨ ᠬᠤᠯᠪᠣᠯᠳᠤᠭᠰᠠᠨ ᠪᠠ ᠴᠢᠳᠠᠮᠵᠢ ᠶᠢᠨ ᠬᠠᠷᠢᠯᠴᠠᠨ ᠠᠬᠢᠭᠤᠯᠬᠤ ᠣᠷᠣᠨ ᠪᠠᠶᠢᠷᠢ ᠶᠢᠨ ᠳᠠᠪᠠᠭᠤᠯᠢᠭ ᠲᠠᠢ ᠶᠤᠮ᠃ ︽ᠰᠠᠨᠠᠯ︾ ᠨᠢ ᠣᠳᠣᠬᠠᠨ ᠤ ᠥᠪᠥᠷ ᠮᠣᠩᠭᠤᠯ ᠤᠨ ᠣᠷᠣᠨ ᠪᠦᠰᠡ ᠶᠢᠨ ᠬᠠᠮᠵᠢᠯᠴᠠᠭᠠᠨ ᠤ ᠬᠥᠭᠵᠢᠯᠲᠡ ᠳᠤ ᠲᠤᠯᠭᠠᠷᠠᠵᠤ ᠪᠠᠶᠢᠭ᠎ᠠ ᠭᠤᠤᠯᠳᠠᠯᠭ᠎ᠠ ᠲᠠᠢ ᠬᠦᠴᠢᠷ ᠠᠰᠠᠭᠤᠳᠠᠯ ᠳᠤ ᠨᠠᠷᠢᠯᠢᠭ ᠣᠨᠣᠴᠠᠲᠠᠶ ᠪᠠᠷ ᠠᠩᠬᠠᠷᠤᠯ ᠢᠶᠠᠨ ᠲᠥᠪᠯᠡᠷᠡᠭᠦᠯᠵᠦ᠂ ᠥᠪᠥᠷ ᠮᠣᠩᠭᠤᠯ ᠤᠨ ᠪᠣᠳᠠᠲᠤ ᠪᠠᠶᠢᠳᠠᠯ ᠳᠤ ᠨᠡᠶᠢᠴᠡᠭᠰᠡᠨ᠂ ᠬᠠᠨᠳᠤᠯᠭᠠᠲᠤ ᠴᠢᠨᠠᠷ ᠪᠠ ᠬᠡᠷᠡᠭᠵᠢᠭᠦᠯᠵᠦ ᠪᠣᠯᠬᠤᠶᠢᠴᠠ ᠴᠢᠨᠠᠷ ᠢᠶᠠᠷ ᠴᠥᠮ ᠮᠠᠰᠢ ᠴᠢᠩᠭ᠎ᠠ ᠳᠡᠮᠵᠢᠯᠭᠡ ᠶᠢᠨ ᠲᠥᠷᠥ ᠶᠢᠨ ᠪᠣᠳᠣᠯᠭ᠎ᠠ ᠶᠢ ᠳᠤᠷᠠᠳᠤᠨ ᠭᠠᠷᠭᠠᠵᠤ᠂ ᠤᠯᠠᠭᠠᠨᠴᠠᠪ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ ᠳᠤ ᠨᠢᠭᠡ ᠤᠳᠠᠭᠠᠨ ᠤ ᠴᠢᠬᠤᠯᠠ ᠶᠡᠭᠡ ᠠᠰᠢᠭ ᠲᠤᠰᠠ ᠪᠣᠯᠤᠭᠰᠠᠨ ᠪᠥᠭᠡᠳ ᠪᠠᠰᠠ ᠪᠠᠯᠠ ᠣᠷᠣᠭᠤᠯᠤᠯᠲᠠ ᠶᠢ ᠠᠬᠢᠭᠤᠯᠬᠤ ᠠᠵᠢᠯ ᠳᠤ ᠰᠢᠨ᠎ᠡ ᠬᠦᠴᠦᠷᠬᠡᠭ ᠶᠡᠭᠡ ᠬᠥᠳᠡᠯᠭᠡᠬᠦ ᠬᠦᠴᠦᠨ ᠨᠡᠮᠡᠷᠢᠯᠡᠵᠦ᠂ ᠰᠢᠨ᠎ᠡ ᠡᠷᠬᠢᠮ ᠨᠠᠨᠳᠢᠨ ᠠᠵᠠ ᠲᠣᠬᠢᠶᠠᠯ ᠬᠠᠩᠭᠠᠭᠰᠠᠨ ᠪᠠᠶᠢᠨ᠎ᠠ᠃    ᠵᠠᠩ ᠷᠦᠢ ᠪᠢᠨ᠄ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠣᠯ ᠠᠵᠤ ᠠᠬᠤᠢ ᠶᠢᠨ ᠬᠥᠭᠵᠢᠯᠲᠡ ᠶᠢᠨ ᠡᠬᠢ ᠰᠤᠷᠪᠤᠯᠵᠢ ᠮᠥᠨ᠃ 2023 ᠣᠨ ᠳᠤ᠂ ᠬᠤᠳᠠ ᠶᠢᠨ ᠨᠠᠮ ᠤᠨ ᠬᠤᠷᠢᠶ᠎ᠠ᠂ ᠵᠠᠰᠠᠭ ᠤᠨ ᠣᠷᠳᠣᠨ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠶᠢ ︽ᠨᠢᠭᠡᠳᠦᠭᠡᠷ ᠨᠣᠮᠧᠷᠲᠤ ᠢᠨᠵᠧᠨᠧᠷᠢᠩ︾ ᠪᠣᠯᠭᠠᠨ ᠠᠬᠢᠭᠤᠯᠵᠤ᠂ ᠬᠡᠯᠬᠢᠶ᠎ᠡ ᠶᠢᠨ ᠬᠡᠯᠪᠡᠷᠢ ᠪᠠᠷ ᠬᠤᠳᠠᠯᠳᠤᠭᠠᠴᠢᠨ ᠤᠷᠢᠬᠤ᠂ ᠲᠠᠪᠴᠠᠩ ᠢᠶᠠᠷ ᠬᠤᠳᠠᠯᠳᠤᠭᠠᠴᠢᠨ ᠤᠷᠢᠬᠤ᠂ ᠬᠤᠳᠠᠯᠳᠤᠭᠠᠴᠢᠨ ᠢᠶᠠᠷ ᠬᠤᠳᠠᠯᠳᠤᠭᠠᠴᠢᠨ ᠤᠷᠢᠬᠤ᠂ ᠬᠤᠷᠠᠯ ᠢᠶᠠᠷ ᠬᠤᠳᠠᠯᠳᠤᠭᠠᠴᠢᠨ ᠤᠷᠢᠬᠤ ︽ᠲᠠᠪᠤᠨ ᠶᠡᠭᠡ ᠬᠤᠳᠠᠯᠳᠤᠭᠠᠴᠢᠨ ᠤᠷᠢᠬᠤ︾ ᠶᠢ ᠬᠦᠴᠦᠯᠡᠨ ᠠᠬᠢᠭᠤᠯᠵᠤ᠂ ᠲᠦᠷᠦᠯ ᠵᠦᠢᠯ ᠤᠨ ᠲᠤᠬᠢᠷᠠᠭᠤᠯᠤᠯᠳᠠ᠂ ᠠᠵᠢᠯ ᠤᠨ ᠠᠮᠵᠢᠯᠲᠠ ᠪᠦᠲᠦᠮᠵᠢ ᠶᠢ ᠬᠢᠨᠠᠨ ᠰᠢᠯᠭᠠᠬᠤ᠂ ᠦᠢᠯᠡᠴᠢᠯᠡᠭᠡᠨ ᠤ ᠪᠠᠲᠤᠯᠠᠭ᠎ᠠ᠂ ᠲᠦᠷᠦ ᠶᠢᠨ ᠪᠤᠳᠤᠯᠭ᠎ᠠ ᠶᠢᠨ ᠠᠵᠤ ᠠᠬᠤᠶᠢᠯᠠᠯ ᠳᠤ ᠠᠰᠢᠭ ᠬᠦᠷᠲᠡᠭᠡᠬᠦ ︽ᠲᠦᠷᠪᠡᠨ ᠲᠣᠭᠲᠠᠴᠠ︾ ᠶᠢ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠬᠦᠴᠦᠲᠡᠢ ᠠᠬᠢᠭᠤᠯᠪᠠ᠃ ᠪᠥᠬᠦ ᠵᠢᠯ ᠳᠤ 968 ᠬᠤᠳᠠᠯᠳᠤᠭᠠᠴᠢᠨ ᠤᠷᠢᠵᠤ ᠪᠠᠯᠠ ᠣᠷᠣᠭᠤᠯᠬᠤ ᠲᠥᠷᠥᠯ ᠵᠦᠢᠯ ᠳᠤ ᠰᠢᠨ᠎ᠡ ᠪᠠᠷ ᠭᠡᠷ᠎ᠡ ᠲᠣᠭᠲᠠᠵᠤ᠂ ᠠᠳᠠᠯᠢ ᠬᠤᠭᠤᠴᠠᠭᠠᠨ ᠤ ᠬᠢ ᠠᠴᠠ 27.6% ᠪᠠᠷ ᠨᠡᠮᠡᠭᠳᠡᠪᠡ︔ ᠵᠥᠪᠯᠡᠯᠴᠡᠭᠡᠷ ᠤᠨ ᠪᠠᠯᠠ ᠣᠷᠣᠭᠤᠯᠤᠯᠲᠠ 6763.6 ᠳ᠋ᠦᠩᠰᠢᠭᠤᠷ ᠲᠥᠭᠦᠷᠢᠭ ᠲᠤ ᠬᠦᠷᠴᠦ᠂ ᠠᠳᠠᠯᠢ ᠬᠤᠭᠤᠴᠠᠭᠠᠨ ᠤ ᠬᠢ ᠠᠴᠠ 64% ᠪᠠᠷ ᠨᠡᠮᠡᠭᠳᠡᠪᠡ︔ 596 ᠲᠥᠷᠥᠯ ᠵᠦᠢᠯ ᠢ ᠡᠬᠢᠯᠡᠭᠦᠯᠦᠨ ᠰᠡᠷᠭᠦᠭᠡᠵᠦ᠂ ᠠᠳᠠᠯᠢ ᠬᠤᠭᠤᠴᠠᠭᠠᠨ ᠤ ᠬᠢ ᠠᠴᠠ 11.6% ᠪᠠᠷ ᠨᠡᠮᠡᠭᠳᠡᠪᠡ︔ ᠣᠷᠣᠨ ᠤ ᠭᠠᠳᠠᠨᠠᠬᠢ ᠪᠠᠯᠠ ᠮᠥᠩᠭᠦ ᠶᠢ 380 ᠳ᠋ᠦᠩᠰᠢᠭᠤᠷ ᠲᠥᠭᠦᠷᠢᠭ ᠪᠣᠳᠠᠲᠠᠶᠢᠵᠢᠭᠤᠯᠵᠤ᠂ ᠠᠳᠠᠯᠢ ᠬᠤᠭᠤᠴᠠᠭᠠᠨ ᠤ ᠬᠢ ᠠᠴᠠ 37.6% ᠪᠠᠷ ᠨᠡᠮᠡᠭᠳᠡᠪᠡ᠃ ᠡᠭᠦᠨ ᠠᠴᠠ ᠭᠠᠳᠠᠨ᠎ᠠ᠂ ︽ᠣᠷᠣᠨ ᠪᠦᠰᠡ ᠶᠢᠨ ᠬᠠᠮᠵᠢᠯᠴᠠᠭ᠎ᠠ ᠬᠠᠮᠲᠤᠷᠠᠯᠴᠠᠭ᠎ᠠ ᠶᠢ ᠴᠢᠩᠭᠠᠳᠬᠠᠬᠤ︾ ᠶᠡᠭᠡ ᠲᠠᠯ᠎ᠠ ᠳᠤ ᠮᠠᠨ ᠤ ᠬᠤᠲᠠ ᠳᠣᠯᠣᠳᠤᠭᠠᠷ ᠬᠤᠭᠤᠴᠠᠭᠠᠨ ᠤ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠢ ᠨᠢᠭᠡ ᠴᠤᠭᠴᠠᠵᠢᠭᠤᠯᠤᠨ ᠬᠥᠭᠵᠢᠭᠦᠯᠬᠦ ᠬᠤᠲᠠ ᠶᠢᠨ ᠳᠠᠷᠤᠭ᠎ᠠ ᠶᠢᠨ ᠬᠠᠮᠲᠤᠷᠠᠭᠰᠠᠨ ᠬᠤᠷᠠᠯ ᠪᠣᠯᠤᠨ ᠥᠪᠥᠷ ᠮᠣᠩᠭᠤᠯ ᠱᠠᠨ ᠰᠢ ᠾᠧᠪᠸᠢ ︵ᠤᠯᠠᠭᠠᠨᠴᠠᠪ ᠳ᠋ᠠᠲ᠋ᠦ᠋ᠩ ᠴᠢᠭᠤᠯᠤᠯᠲᠤ ᠬᠠᠭᠠᠯᠭ᠎ᠠ︶ ᠶᠢᠨ ᠣᠷᠳᠣ ᠴᠠᠭᠠᠨ ᠬᠡᠷᠡᠮ ᠤᠨ ᠠᠯᠲᠠᠨ ᠭᠤᠷᠪᠠᠯᠵᠢᠨ ᠬᠤᠶᠢᠭ ᠤᠨ ᠬᠠᠮᠲᠤᠷᠠᠯᠴᠠᠭᠠᠨ ᠤ ᠣᠷᠣᠨ ᠤ ᠨᠠᠢᠮᠠᠳᠤᠭᠠᠷ ᠬᠤᠭᠤᠴᠠᠭᠠᠨ ᠤ ᠬᠠᠮᠲᠤᠷᠠᠭᠰᠠᠨ ᠬᠤᠷᠠᠯ ᠢ ᠳᠠᠭᠠᠭᠠᠴᠢᠯᠠᠨ ᠡᠷᠭᠢᠯᠡᠵᠦ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠨᠢᠭᠡ ᠴᠣᠭᠴᠠᠵᠢᠭᠰᠠᠨ ᠬᠥᠭᠵᠢᠯᠲᠡ ᠶᠢ ᠭᠦᠨᠵᠡᠭᠡᠶ ᠠᠬᠢᠭᠤᠯᠬᠤ ᠪᠠ ᠥᠪᠥᠷ ᠮᠣᠩᠭᠤᠯ ᠱᠠᠨ ᠰᠢ ᠾᠧᠪᠸᠢ ︵ᠤᠯᠠᠭᠠᠨᠴᠠᠪ ᠳ᠋ᠠᠲ᠋ᠦ᠋ᠩ ᠴᠢᠭᠤᠯᠤᠯᠲᠤ ᠬᠠᠭᠠᠯᠭ᠎ᠠ︶ ᠶᠢᠨ ᠣᠷᠳᠣ ᠴᠠᠭᠠᠨ ᠬᠡᠷᠡᠮ ᠤᠨ ᠠᠯᠲᠠᠨ ᠭᠤᠷᠪᠠᠯᠵᠢᠨ ᠬᠠᠮᠲᠤᠷᠠᠯᠴᠠᠭᠠᠨ ᠤ ᠣᠷᠣᠨ ᠤ ᠪᠥᠲᠥᠭᠡᠨ ᠪᠠᠶᠢᠭᠤᠯᠤᠯᠲᠠ ᠶᠢᠨ ᠲᠠᠯ᠎ᠠ ᠪᠠᠷ ᠢᠳᠡᠪᠬᠢᠲᠡᠶ ᠠᠯᠬᠤᠮ ᠢ ᠠᠯᠬᠤᠪᠠ᠃ ᠡᠭᠦᠨ ᠤ ᠬᠠᠮᠲᠤ᠂ ᠮᠠᠨ ᠤ ᠬᠤᠲᠠ ᠪᠡᠭᠡᠵᠢᠩ ᠲᠢᠶᠠᠨᠵᠢᠨ ᠾᠧᠪᠧᠢ᠂ ᠵᠢᠶᠠᠩᠰᠦ ᠵᠧᠵᠢᠶᠠᠩ ᠱᠠᠩᠬᠠᠢ᠂ ᠭᠤᠸᠠᠩᠳᠦ᠋ᠩ ᠰᠢᠶᠠᠩᠭᠠᠩ ᠣᠣᠮᠧᠨ᠂ ᠴᠧᠩᠳᠦ᠋᠂ ᠴᠦᠩᠴᠢᠩ᠂ ᠯᠢᠶᠣᠤ ᠵᠢᠢ ᠾᠧᠢ ᠵᠡᠷᠭᠡ ᠣᠷᠣᠨ ᠪᠦᠰᠡ ᠶᠢᠨ ᠠᠵᠤ ᠦᠢᠯᠡᠰ ᠤᠨ ᠬᠠᠮᠲᠤᠷᠠᠯᠴᠠᠭ᠎ᠠ ᠰᠣᠯᠢᠯᠴᠠᠭ᠎ᠠ ᠪᠠᠨ ᠬᠦᠴᠦᠯᠡᠨ ᠴᠢᠩᠭᠠᠳᠬᠠᠵᠤ᠂ ᠬᠤᠳᠠᠯᠳᠤᠭᠠᠴᠢᠨ ᠤᠷᠢᠵᠤ ᠪᠡᠯᠡ ᠣᠷᠣᠭᠤᠯᠬᠤ ᠪᠠ ᠣᠷᠣᠨ ᠪᠦᠰᠡ ᠶᠢᠨ ᠬᠠᠮᠲᠤᠷᠠᠯᠴᠠᠭ᠎ᠠ ᠶᠢ ᠠᠬᠢᠭᠤᠯᠬᠤ ᠲᠠᠯ᠎ᠠ ᠪᠠᠷ ᠰᠢᠨ᠎ᠡ ᠵᠢᠳᠬᠦᠯ ᠴᠢᠷᠮᠠᠶᠢᠯᠭ᠎ᠠ ᠭᠠᠷᠭᠠᠪᠠ᠃      ᠵᠠᠩ ᠷᠦᠢ ᠪᠢᠨ᠄ ᠨᠢᠭᠡ ᠬᠤᠪᠢ ᠶᠢᠨ ᠪᠠᠶᠢᠷᠢᠯᠠᠭᠤᠯᠤᠯᠳᠠ᠂ ᠶᠢᠰᠦᠨ ᠬᠤᠪᠢ ᠶᠢᠨ ᠨᠠᠶᠢᠳᠠᠪᠤᠷᠢᠵᠢᠭᠤᠯᠤᠯᠳᠠ᠃ 2024 ᠤᠨ ᠪᠣᠯ ᠮᠠᠨ ᠤ ᠬᠤᠲᠠ ᠶᠢᠨ ᠪᠠᠯᠠ ᠣᠷᠣᠭᠤᠯᠤᠯᠲᠠ ᠶᠢ ᠠᠬᠢᠭᠤᠯᠬᠤ ︽ᠭᠤᠷᠪᠠᠨ ᠵᠢᠯ ᠤᠨ ᠬᠠᠨᠳᠤᠰᠢ︾ ᠶᠢᠨ ᠵᠠᠩᠭᠢᠯᠠᠭ᠎ᠠ ᠶᠢᠨ ᠵᠢᠯ ᠪᠣᠯᠤᠨ᠎ᠠ᠂ ᠬᠤᠲᠠ ᠶᠢᠨ ᠪᠠᠯᠠ ᠣᠷᠣᠭᠤᠯᠤᠯᠲᠠ ᠶᠢ ᠠᠬᠢᠭᠤᠯᠬᠤ ᠲᠣᠪᠴᠢᠶ᠎ᠠ ︽ᠳᠤᠮᠤ ᠬᠦᠴᠦᠷᠬᠡᠭ ᠠᠵᠤ ᠠᠬᠤᠶᠢᠯᠠᠯ ᠢ ᠤᠷᠢᠨ ᠠᠪᠴᠢᠷᠠᠵᠤ᠂ ᠶᠠᠰᠤ ᠴᠢᠨᠠᠷ ᠢ ᠳᠡᠭᠡᠭᠰᠢᠯᠡᠭᠦᠯᠦᠨ ᠲᠠᠰ ᠳᠡᠪᠰᠢᠭᠦᠯᠬᠦ︾ ᠶᠡᠷᠦᠩᠬᠡᠶ ᠬᠥᠭ ᠠᠶᠠᠰ ᠢ ᠪᠠᠷᠢᠮᠲᠠᠯᠠᠨ᠂ ︽ᠰᠢᠨ᠎ᠡ ᠶᠢ ᠡᠭᠦᠳᠬᠦ ᠪᠠᠷ ᠬᠥᠳᠡᠯᠭᠡᠭᠦᠷ ᠪᠣᠯᠭᠠᠵᠤ᠂ ᠬᠡᠯᠬᠢᠶ᠎ᠡ ᠶᠢ ᠤᠷᠲᠤᠳᠬᠠᠨ ᠬᠡᠯᠬᠢᠶ᠎ᠡ ᠶᠢ ᠨᠥᠬᠦᠪᠥᠷᠢᠯᠡᠬᠦ︾ ᠰᠢᠨ᠎ᠡ ᠠᠷᠭ᠎ᠠ ᠵᠠᠮ ᠢ ᠨᠡᠭᠡᠭᠡᠵᠦ᠂ ᠪᠠᠯᠠ ᠣᠷᠣᠭᠤᠯᠤᠯᠲᠠ ᠶᠢ ᠠᠬᠢᠭᠤᠯᠬᠤ ᠠᠵᠢᠯ ᠤᠨ ︽ᠰᠢᠨ᠎ᠡ ᠳᠠᠪᠠᠯᠲᠠ︾ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠬᠤ ᠪᠣᠯᠤᠨ᠎ᠠ᠃ ᠪᠥᠬᠦ ᠵᠢᠯ ᠳᠤ ᠰᠢᠨ᠎ᠡ ᠪᠠᠷ ᠭᠡᠷ᠎ᠡ ᠲᠣᠭᠲᠠᠭᠰᠠᠨ ᠲᠥᠷᠥᠯ ᠵᠦᠢᠯ 800 ᠪᠠᠶᠢᠬᠤ ᠶᠢ ᠪᠠᠲᠤᠯᠠᠵᠤ᠂ ᠤᠯᠤᠰ ᠤᠨ ᠳᠣᠲᠣᠭᠠᠳᠤ ︵ᠣᠷᠣᠨ ᠤ ᠭᠠᠳᠠᠨᠠᠬᠢ︶ ᠶᠢᠨ ᠪᠣᠳᠠᠲᠠᠶᠢᠵᠢᠭᠤᠯᠤᠭᠰᠠᠨ ᠪᠠᠯᠠ ᠮᠥᠩᠭᠦ ᠶᠢ 437 ᠳ᠋ᠦᠩᠰᠢᠭᠤᠷ ᠲᠥᠭᠦᠷᠢᠭ ᠣᠷᠣᠭᠤᠯᠤᠨ ᠠᠪᠴᠢᠷᠠᠵᠤ᠂ ᠠᠳᠠᠯᠢ ᠬᠤᠭᠤᠴᠠᠭᠠᠨ ᠤ ᠬᠢ ᠠᠴᠠ 15 % ᠠᠴᠠ ᠳᠡᠭᠡᠭᠰᠢ ᠨᠡᠮᠡᠭᠳᠡᠭᠦᠯᠬᠦ ᠪᠠᠷ ᠲᠥᠯᠥᠪᠯᠡᠵᠦ ᠪᠠᠶᠢᠨ᠎ᠠ᠃ ᠪᠣᠳᠠᠲᠠᠶ ᠠᠵᠢᠯ ᠤᠨ ᠳᠤᠮᠳᠠ᠂ ᠬᠠᠮᠵᠢᠯᠴᠠᠨ ᠬᠥᠭᠵᠢᠬᠦ᠂ ᠬᠠᠷᠢᠯᠴᠠᠨ ᠠᠰᠢᠭᠲᠠᠶ ᠬᠠᠮᠲᠤ ᠪᠠᠷ ᠠᠰᠢᠭ ᠭᠥᠷᠳᠡᠬᠦ᠂ ᠬᠠᠷᠢᠯᠴᠠᠨ ᠬᠤᠯᠪᠣᠭᠠᠯᠠᠵᠤ ᠬᠠᠷᠢᠯᠴᠠᠨ ᠨᠡᠪᠲᠡᠷᠡᠯᠴᠡᠬᠦ ᠶᠢ ᠪᠠᠷᠢᠮᠲᠠᠯᠠᠵᠤ᠂ ᠣᠷᠣᠨ ᠪᠦᠰᠡ ᠶᠢᠨ ᠬᠠᠮᠵᠢᠯᠴᠠᠭᠠᠨ ᠤ ᠰᠢᠨ᠎ᠡ ᠲᠥᠷᠥ ᠶᠢᠨ ᠪᠣᠳᠣᠯᠭ᠎ᠠ ᠶᠢᠨ ᠠᠵᠠ ᠲᠣᠬᠢᠶᠠᠯ ᠢ ᠭᠦᠢᠴᠡᠳ ᠡᠵᠡᠮᠳᠡᠵᠦ᠂ ᠪᠠᠯᠠ ᠣᠷᠣᠭᠤᠯᠤᠯᠲᠠ ᠶᠢ ᠠᠬᠢᠭᠤᠯᠬᠤ ᠬᠤᠰᠢᠭᠤᠴᠢ ᠰᠢᠲᠠᠷ᠎ᠠ ᠶᠢ ᠬᠦᠴᠦᠯᠡᠨ ᠰᠠᠶᠢᠲᠤᠷ ᠲᠠᠯᠪᠢᠵᠤ᠂ ᠤᠯᠤᠰ ᠤᠨ ᠳᠣᠲᠣᠭᠠᠳᠤ ᠶᠢᠨ ᠭᠤᠤᠯᠳᠠᠯᠭ᠎ᠠ ᠲᠠᠢ ᠣᠷᠣᠨ ᠪᠦᠰᠡ ᠯᠦᠭᠡ ᠶᠢᠨ ᠠᠵᠤ ᠦᠢᠯᠡᠰ ᠤᠨ ᠬᠠᠮᠵᠢᠯᠴᠠᠭ᠎ᠠ ᠶᠢ ᠦᠷᠭᠦᠯᠵᠢᠯᠡᠨ ᠠᠬᠢᠭᠤᠯᠵᠤ᠂ ᠢᠯᠠᠩᠭᠤᠶ᠎ᠠ ᠪᠡᠭᠡᠵᠢᠩ ᠲᠢᠶᠠᠨᠵᠢᠨ ᠾᠧᠪᠧᠶ ᠶᠢᠨ ᠬᠠᠮᠵᠢᠯᠴᠠᠨ ᠬᠥᠭᠵᠢᠬᠦ ᠶᠢ ᠠᠬᠢᠭᠤᠯᠬᠤ᠂ ᠬᠥᠬᠡᠬᠤᠲᠠ ᠪᠤᠭᠤᠲᠤ ᠣᠷᠳᠣᠰ ᠤᠯᠠᠭᠠᠨᠴᠠᠪ ᠤᠨ ᠨᠢᠭᠡ ᠴᠣᠭᠴᠠᠵᠢᠭᠰᠠᠨ ᠬᠥᠭᠵᠢᠯᠲᠡ ᠪᠠ ᠣᠷᠳᠣ ᠴᠠᠭᠠᠨ ᠬᠡᠷᠡᠮ ᠤᠨ ᠠᠯᠲᠠᠨ ᠭᠤᠷᠪᠠᠯᠵᠢᠨ ᠬᠤᠶᠢᠭ ᠤᠨ ᠣᠷᠣᠨ ᠪᠦᠰᠡ ᠶᠢᠨ ᠬᠠᠮᠲᠤᠷᠠᠯᠴᠠᠭᠠᠨ ᠤ ᠲᠠᠯ᠎ᠠ ᠪᠠᠷ ᠨᠢᠭᠡ ᠠᠯᠬᠤᠮ ᠤᠷᠤᠭᠰᠢᠯᠠᠵᠤ᠂ ᠤᠯᠠᠭᠠᠨᠴᠠᠪ ᠬᠤᠲᠠ ᠶᠢᠨ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠳᠤ ᠰᠢᠨ᠎ᠡ ᠬᠥᠳᠡᠯᠭᠡᠬᠦ ᠬᠦᠴᠦᠨ ᠨᠡᠮᠡᠷᠢᠯᠡᠵᠦ᠂ ᠰᠢᠨ᠎ᠡ ᠳᠠᠪᠠᠭᠤᠯᠢᠭ ᠢ ᠵᠤᠵᠠᠭᠠᠳᠬᠠᠬᠤ ᠬᠡᠷᠡᠭᠲᠡᠶ᠃                                ᠵᠣᠬᠢᠶᠠᠭᠴᠢ᠄ ᠬᠤᠤ ᠢᠦᠶ ᠲᠢᠶᠠᠨ                                ᠤᠷᠴᠢᠭᠤᠯᠤᠭᠴᠢ᠄ ᠬᠦᠰᠡᠯ                                ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2