| | ᠣᠳᠣᠬᠠᠨ ᠳᠤ ᠶᠠᠭ ᠬᠠᠪᠤᠷ ᠤᠨ ᠲᠠᠷᠢᠶᠠᠯᠠᠭ᠎ᠠ ᠶᠢᠨ ᠰᠠᠶᠢᠨ ᠴᠠᠭ ᠦᠶ᠎ᠡ ᠮᠥᠨ᠂ ᠪᠠᠰᠠ ᠴᠤ ᠴᠢᠬᠢ ᠮᠣᠳᠣ | ᠳᠠᠷᠢᠵᠤ ᠪᠤᠶᠢᠵᠢᠭᠤᠯᠬᠤ ᠵᠠᠩᠭᠢᠯᠠᠭ᠎ᠠ ᠶᠢᠨ ᠬᠤᠭᠤᠴᠠᠭ᠎ᠠ ᠮᠥᠨ᠃ ᠯᠢᠶᠠᠩᠴᠧᠩ ᠰᠢᠶᠠᠨ ᠤ ᠴᠢᠬᠢ ᠪᠤᠶᠢᠵᠢᠭᠤᠯᠬᠤ | ᠠᠵᠢᠯ ᠨᠢᠭᠡᠨᠲᠡ ᠡᠬᠢᠯᠡᠵᠤ᠂ ᠦᠵᠡᠬᠦ ᠳᠤ ᠨᠢᠯᠬ᠎ᠠ ᠪᠠᠭ᠎ᠠ ᠰᠢᠭ᠋ ᠴᠢᠬᠢ ᠮᠣᠳᠣ ᠪᠣᠯᠪᠠᠴᠤ ᠬᠥᠬᠡᠮᠳᠦᠭ ᠨᠣᠭᠤᠭᠠᠨ | ᠠᠭᠤᠯᠠ ᠤᠰᠤ ᠪᠠᠨ ᠰᠠᠬᠢᠨ ᠬᠠᠮᠠᠭᠠᠯᠠᠵᠤ᠂ ᠯᠢᠶᠠᠩᠴᠧᠩ ᠰᠢᠶᠠᠨ ᠤ ᠠᠮᠢ ᠠᠬᠤᠢ ᠶᠢᠨ ᠪᠣᠯᠪᠠᠰᠤᠨ ᠤ | ᠪᠠᠶᠢᠭᠤᠯᠤᠯᠲᠠ ᠶᠢᠨ ᠵᠢᠱᠢᠶ᠎ᠡ ᠦᠵᠡᠭᠦᠯᠬᠦ ᠰᠢᠶᠠᠨ ᠢ ᠪᠠᠶᠢᠭᠤᠯᠬᠤ ᠬᠦᠨᠳᠦ ᠡᠭᠦᠷᠭᠡ ᠶᠢ ᠠᠴᠢᠶᠠᠯᠠᠵᠤ ᠪᠠᠶᠢᠨ᠎ᠠ᠃ | ᠯᠢᠶᠠᠩᠴᠧᠩ ᠰᠢᠶᠠᠨ ᠤ ᠮᠠᠩᠬᠠᠨ ᠠᠭᠤᠯᠠ ᠶᠢᠨ ᠣᠢ ᠰᠢᠭᠤᠢ ᠶᠢᠨ ᠲᠠᠯᠠᠪᠠᠢ ᠡᠨᠡ ᠵᠢᠯ ᠰᠢᠨ᠎ᠡ ᠪᠠᠷ ᠴᠢᠬᠢ | ᠮᠣᠳᠣᠨ ᠤ ᠰᠠᠭᠤᠷᠢᠨ ᠭᠠᠵᠠᠷ ᠢ ᠪᠠᠶᠢᠭᠤᠯᠵᠤ᠂ ᠲᠠᠯᠠᠪᠠᠢ ᠨᠢ 10 ᠮᠦ ᠪᠠᠶᠢᠵᠤ᠂ ᠳᠥᠷᠪᠡᠳᠦᠭᠡᠷ ᠰᠠᠷ᠎ᠠ ᠶᠢᠨ ᠡᠬᠢ | ᠠᠴᠠ ᠣᠳᠣ ᠪᠣᠯᠲᠠᠯ᠎ᠠ ᠨᠡᠶᠢᠳᠡ 50 ᠭᠠᠷᠤᠢ ᠲᠦᠮᠡᠨ ᠰᠠᠭᠤᠷᠢ ᠰᠠᠪᠠ ᠲᠠᠢ ᠴᠢᠬᠢ ᠮᠣᠳᠣ ᠪᠤᠶᠢᠵᠢᠭᠤᠯᠵᠤ᠂ ᠡᠳᠡᠭᠡᠷ | ᠴᠢᠨᠠᠷ ᠰᠠᠶᠢᠳᠠᠢ ᠴᠢᠬᠢ ᠮᠣᠳᠣ ᠨᠢ ᠯᠢᠶᠠᠩᠴᠧᠩ ᠰᠢᠶᠠᠨ ᠵᠢᠴᠢ ᠡᠷᠭᠢᠨ ᠲᠣᠭᠤᠷᠢᠨ ᠤ ᠭᠠᠵᠠᠷ ᠣᠷᠣᠨ ᠤ | ᠤᠶᠢᠵᠢᠭᠤᠯᠵᠤ ᠨᠤᠭᠤᠭᠠᠷᠠᠭᠤᠯᠬᠤ ᠳᠤ ᠴᠢᠨᠠᠷ ᠰᠠᠶᠢᠳᠠᠢ ᠴᠢᠬᠢ ᠮᠣᠳᠣᠨ ᠤ ᠪᠠᠲᠤᠯᠠᠭ᠎ᠠ ᠬᠠᠩᠭᠠᠬᠤ ᠪᠣᠯᠤᠨ᠎ᠠ᠃ | ᠮᠠᠩᠬᠠᠨ ᠠᠭᠤᠯᠠ ᠶᠢᠨ ᠣᠢ ᠰᠢᠭᠤᠢ ᠶᠢᠨ ᠲᠠᠯᠠᠪᠠᠢ ᠶᠢᠨ ᠤᠤᠯ ᠤᠨ ᠪᠡᠶ᠎ᠡ ᠮᠠᠩᠬᠠᠨ ᠠᠭᠤᠯᠠ ᠶᠢᠨ ᠣᠢ | ᠰᠢᠭᠤᠢ ᠶᠢᠨ ᠡᠵᠡᠩᠨᠡᠯᠲᠡ ᠶᠢᠨ ᠭᠠᠵᠠᠷ ᠨᠢ 1957 ᠣᠨ ᠳᠤ ᠪᠠᠶᠢᠭᠤᠯᠤᠭᠳᠠᠵᠤ᠂ ᠦᠶ᠎ᠡ ᠦᠶ᠎ᠡ ᠶᠢᠨ ᠣᠢ | ᠰᠢᠭᠤᠢ ᠶᠢᠨ ᠲᠠᠯᠠᠪᠠᠢ ᠶᠢᠨ ᠠᠵᠢᠯᠴᠢᠨ ᠤ ᠴᠢᠷᠮᠠᠶᠢᠯᠭ᠎ᠠ ᠪᠠᠷ ᠳᠠᠮᠵᠢᠨ᠂ ᠤᠳᠤ ᠪᠤᠯᠳᠠᠯ᠎ᠠ ᠣᠢ ᠰᠢᠭᠤᠢ ᠶᠢᠨ ᠲᠠᠯᠠᠪᠠᠢ | 54.46 ᠲᠦᠮᠡᠨ ᠮᠦ ᠪᠣᠯᠵᠤ᠂ ᠣᠢ ᠰᠢᠭᠤᠢ ᠶᠢᠨ ᠲᠠᠯᠠᠪᠠᠢ 34.56 ᠲᠦᠮᠡᠨ ᠮᠦ ᠬᠦᠷᠴᠦ᠂ ︽ᠭᠤᠷᠪᠠᠨ | ᠤᠮᠠᠷᠠᠲᠤ︾ ᠶᠢᠨ ᠬᠠᠯᠬᠠᠪᠴᠢ ᠣᠢ ᠶᠢᠨ ᠪᠦᠲᠦᠭᠡᠨ ᠪᠠᠶᠢᠭᠤᠯᠤᠯᠲᠠ ᠶᠢᠨ ᠢᠨᠵᠧᠨᠧᠷᠢᠩ ᠠᠴᠠ ᠨᠠᠰᠢ᠂ ᠯᠢᠶᠠᠩᠴᠧᠩ | ᠰᠢᠶᠠᠨ ᠤ ᠮᠠᠩᠬᠠᠨ ᠠᠭᠤᠯᠠ ᠶᠢᠨ ᠣᠢ ᠰᠢᠭᠤᠢ ᠶᠢᠨ ᠲᠠᠯᠠᠪᠠᠢ ᠮᠣᠳᠣ ᠲᠠᠷᠢᠵᠤ ᠣᠶᠢᠵᠢᠭᠤᠯᠬᠤ ᠪᠠ ᠠᠭᠤᠯᠠ ᠶᠢ | ᠪᠢᠲᠡᠭᠦᠮᠵᠢᠯᠡᠨ ᠣᠶᠢᠵᠢᠭᠤᠯᠬᠤ ᠢᠨᠵᠧᠨᠧᠷᠢᠩ ᠢ ᠶᠡᠬᠡᠪᠡᠷ ᠥᠷᠨᠢᠭᠦᠯᠵᠦ᠂ ᠣᠢ ᠰᠢᠭᠤᠢ ᠶᠢᠨ ᠲᠠᠯᠠᠪᠠᠢ ᠲᠠᠰᠤᠷᠠᠯᠲᠠ | ᠦᠭᠡᠢ ᠥᠷᠭᠡᠳᠴᠦ᠂ ᠣᠢ ᠰᠢᠭᠤᠢ ᠶᠢᠨ ᠪᠦᠷᠬᠦᠴᠡ 63% ᠳᠤ ᠬᠦᠷᠴᠦ᠂ ᠰᠠᠯᠬᠢ ᠡᠯᠡᠰᠦ ᠶᠢ ᠡᠰᠡᠷᠭᠦᠴᠡᠬᠦ ᠪᠠ | ᠠᠭᠤᠷ ᠠᠮᠢᠰᠬᠤᠯ ᠢ ᠲᠣᠬᠢᠷᠠᠭᠤᠯᠬᠤ ᠳᠤ ᠢᠳᠡᠪᠬᠢᠲᠡᠢ ᠦᠢᠯᠡᠳᠦᠯ ᠦᠵᠡᠭᠦᠯᠦᠭᠰᠡᠨ ᠪᠥᠭᠡᠳ ᠡᠬᠡ ᠤᠯᠤᠰ ᠤᠨ | ᠤᠮᠠᠷᠠᠲᠤ ᠬᠢᠯᠢ ᠶᠢᠨ ᠨᠣᠭᠤᠭᠠᠨ ᠠᠮᠤᠷ ᠲᠦᠪᠰᠢᠨ ᠤ ᠬᠠᠯᠬᠠᠪᠴᠢ ᠶᠢ ᠪᠠᠶᠢᠭᠤᠯᠬᠤ ᠳᠤ ᠯᠢᠶᠠᠩᠴᠧᠩ ᠤᠨ ᠬᠦᠴᠦᠨ | ᠴᠢᠳᠠᠯ ᠢᠶᠠᠨ ᠡᠷᠭᠦᠵᠡᠢ᠃ | ᠵᠤᠬᠢᠶᠠᠭᠴᠢ᠄ ᠬᠤᠤ ᠱᠤᠸᠠᠢ ᠫᠧᠩ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ ᠁ |