| | ᠲᠠᠷᠢᠮᠠᠯ ᠤᠨ ᠰᠢᠨ᠎ᠡ ᠡᠭᠦᠯᠳᠡᠷ ᠢ ᠳᠡᠯᠭᠡᠷᠡᠭᠦᠯᠬᠦ ᠠᠯᠬᠤᠴᠠ ᠶᠢ ᠲᠦᠷᠭᠡᠳᠬᠡᠵᠦ᠂ ᠲᠠᠷᠢᠮᠠᠯ ᠤᠨ ᠡᠭᠦᠯᠳᠡᠷ ᠤᠨ | ᠪᠠᠶᠢᠷᠢᠰᠢᠭᠤᠯᠤᠯᠲᠠ ᠶᠢ ᠬᠥᠲᠥᠯᠥᠨ ᠵᠢᠯᠣᠭᠤᠳᠴᠤ᠂ ᠰᠠᠶᠢᠨ ᠡᠭᠦᠯᠳᠡᠷ ᠤᠨ ᠰᠢᠨᠡᠳᠬᠡᠯ ᠰᠣᠯᠢᠭᠳᠠᠯ ᠢ ᠲᠦᠷᠭᠡᠳᠬᠡᠵᠦ | ᠂ ᠲᠠᠷᠢᠶᠠᠴᠢᠳ ᠢ ᠵᠢᠯᠣᠭᠤᠳᠤᠨ ᠰᠢᠨᠵᠢᠯᠡᠬᠦ ᠤᠬᠠᠭᠠᠨᠴᠢ ᠪᠠᠷ ᠦᠷ᠎ᠡ ᠰᠣᠩᠭᠤᠵᠤ᠂ ᠠᠮᠤ ᠪᠤᠳᠠᠭᠠᠨ ᠤ ᠤᠨᠠᠯᠲᠠ ᠶᠢᠨ | ᠨᠡᠮᠡᠭᠳᠡᠯ ᠢ ᠠᠬᠢᠭᠤᠯᠬᠤ ᠶᠢᠨ ᠲᠥᠯᠥᠭᠡ᠂ ᠣᠶᠢᠷ᠎ᠠ ᠳᠤ᠂ ᠯᠢᠶᠠᠩᠴᠧᠩ ᠰᠢᠶᠠᠨ ᠤ ᠲᠠᠷᠢᠶᠠᠯᠠᠩ ᠮᠠᠯ ᠠᠵᠤ ᠠᠬᠤᠶ ᠪᠠ | ᠰᠢᠨᠵᠢᠯᠡᠬᠦ ᠤᠬᠠᠭᠠᠨ ᠮᠡᠷᠭᠡᠵᠢᠯ ᠤᠨ ᠲᠣᠪᠴᠢᠶ᠎ᠠ ᠲᠣᠰ ᠰᠢᠶᠠᠨ ᠤ ᠬᠤᠩ ᠮᠤᠤ ᠪᠠᠯᠭᠠᠰᠤᠨ ᠤ ᠠᠨ ᠽᠢ ᠱᠠᠨ ᠯᠣᠣ | ᠸᠠ ᠶᠢᠩ ᠲᠣᠰᠬᠤᠨ ᠳᠤ ᠨᠠᠷᠢᠮᠤ ᠪᠠᠷ ᠭᠤᠤᠯ ᠪᠣᠯᠭᠠᠭᠰᠠᠨ ︽ᠲᠠᠷᠢᠶᠠᠨ ᠦᠷ᠎ᠡ ᠰᠣᠩᠭᠤᠬᠤ︾ ᠲᠠᠪᠴᠠᠩ ᠤᠨ | ᠲᠥᠷᠥᠯ ᠵᠦᠢᠯ ᠢ ᠬᠡᠷᠡᠭᠵᠢᠭᠦᠯᠪᠡ᠃ ᠴᠢᠩᠭ᠎ᠠ ᠰᠢᠭᠰᠢᠨ ᠰᠣᠩᠭᠤᠬᠤ ᠪᠠᠷ ᠳᠠᠮᠵᠢᠭᠠᠳ ᠲᠠᠷᠢᠭᠰᠠᠨ ᠨᠠᠷᠢᠮᠦ ᠶᠢᠨ | ᠲᠥᠷᠥᠯ ᠵᠦᠢᠯ 22᠂ ᠰᠢᠰᠢ ᠶᠢᠨ ᠡᠭᠦᠯᠳᠡᠷ 6 ᠪᠠᠶᠢᠨ᠎ᠠ᠃ | ᠬᠠᠪᠤᠷ ᠤᠨ ᠲᠠᠷᠢᠶᠠᠯᠠᠭ᠎ᠠ ᠶᠢᠨ ᠵᠠᠩᠭᠢᠯᠠᠭ᠎ᠠ ᠶᠢᠨ ᠬᠤᠭᠤᠴᠠᠭᠠᠨ ᠳᠤ ᠣᠷᠣᠵᠤ᠂ ᠯᠢᠶᠠᠩᠴᠧᠩ ᠰᠢᠶᠠᠨ ᠤ | ᠲᠠᠷᠢᠶᠠᠯᠠᠩ ᠤᠨ ᠠᠵᠢᠯ ᠤᠨ ᠥᠷᠲᠡᠭᠡ ᠢᠳᠡᠪᠬᠢᠲᠡᠶ ᠬᠥᠳᠡᠯᠦᠯᠴᠡᠵᠦ᠂ ᠡᠯᠳᠡᠪ ᠠᠮᠤ ᠡᠯᠳᠡᠪ ᠪᠤᠷᠴᠠᠭ ᠤᠨ ︽ | ᠲᠠᠷᠢᠶᠠᠨ ᠦᠷ᠎ᠡ ᠰᠣᠩᠭᠤᠬᠤ︾ ᠬᠠᠪᠤᠷ ᠤᠨ ᠲᠠᠷᠢᠶᠠᠯᠠᠭ᠎ᠠ ᠶᠢᠨ ᠠᠵᠢᠯ ᠢ ᠪᠦᠲᠦᠮᠵᠢᠲᠡᠶ ᠥᠷᠨᠢᠭᠦᠯᠵᠦ᠂ ᠣᠶᠤᠨᠯᠢᠭ | ᠵᠠᠮᠴᠢᠯᠠᠭ᠎ᠠ ᠲᠠᠢ ᠲᠠᠷᠢᠶᠠᠯᠠᠩ ᠤᠨ ᠮᠧᠬᠠᠨᠢᠭ ᠤᠨ ᠪᠦᠷᠢᠨ ᠪᠦᠷᠬᠦᠭᠦᠯ ᠢ ᠬᠡᠷᠡᠭᠯᠡᠨ᠂ ᠮᠥ ᠪᠦᠷᠢ ᠳᠤ 200 ᠺᠢᠯᠣᠭ᠍ᠷᠠᠮ | ᠣᠷᠭᠠᠨᠢᠭ ᠪᠣᠷᠳᠣᠭᠤᠷ ᠣᠷᠣᠭᠤᠯᠵᠤ ᠰᠠᠭᠤᠷᠢ ᠪᠣᠷᠳᠣᠭᠤᠷ ᠪᠣᠯᠭᠠᠵᠤ᠂ ᠣᠳᠣᠬᠠᠨ ᠳᠤ ᠨᠢᠭᠡᠨᠲᠡ ᠪᠦᠬᠦᠨ ᠢ ᠳᠠᠷᠢᠵᠤ | ᠳᠠᠭᠤᠰᠬᠠᠪᠠ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |