| | ᠨᠢᠭᠡ ᠳᠤ᠂ ᠠᠵᠤ ᠠᠬᠤᠶᠢᠯᠠᠯ ᠢ ᠬᠠᠮᠠᠭᠠᠯᠠᠬᠤ ᠦᠢᠯᠡᠴᠢᠯᠡᠭᠡ ᠪᠠᠷ ᠠᠵᠤ ᠦᠢᠯᠡᠰ ᠤᠨ ︽ᠠᠯᠲᠠᠨ ᠫᠠᠶᠢᠰᠠ︾ | ᠶᠢ ᠰᠡᠷᠭᠦᠭᠡᠪᠡ᠃ ᠳᠣᠲᠣᠭᠠᠳᠤ ᠶᠢ ᠬᠠᠮᠠᠭᠠᠯᠠᠬᠤ ᠠᠵᠢᠯ ᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠭᠡ | ᠲᠠᠯ᠎ᠠ ᠳᠤ ᠠᠭᠤᠰᠤᠯᠴᠠᠭᠤᠯᠬᠤ ᠶᠢ ᠪᠠᠷᠢᠮᠲᠠᠯᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠶᠠᠷᠢᠯᠴᠠᠬᠤ ᠬᠤᠷᠠᠯ | ᠬᠤᠷᠠᠯᠳᠤᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠵᠡᠷᠭᠡ | ᠲᠠᠯ᠎ᠠ ᠪᠠᠷ ᠭᠤᠤᠯᠯᠠᠭᠤᠯᠤᠨ ᠠᠵᠤ ᠠᠬᠤᠶᠢᠯᠠᠯ ᠤᠨ ᠳᠣᠲᠣᠭᠠᠳᠤ ᠶᠢ ᠬᠠᠮᠠᠭᠠᠯᠠᠬᠤ ᠦᠢᠯᠡᠴᠢᠯᠡᠭᠡᠨ ᠤ | ᠬᠠᠮᠢᠶᠠᠷᠤᠯᠲᠠ ᠶᠢᠨ ᠲᠤᠬᠠᠶ ᠰᠠᠨᠠᠯ ᠰᠠᠨᠠᠭᠤᠯᠭ᠎ᠠ ᠶᠢ ᠬᠤᠷᠢᠶᠠᠵᠤ᠂ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ | ᠴᠠᠭ ᠲᠤᠬᠠᠶ ᠳᠤᠨᠢ ᠤᠶᠢᠯᠠᠭᠠᠨ ᠡᠵᠡᠮᠰᠢᠪᠡ᠃ ᠡᠭᠦᠨ ᠤ ᠬᠠᠮᠲᠤ᠂ ︽ᠠᠵᠤ ᠠᠬᠤᠶᠢᠯᠠᠯ ᠳᠠᠭᠠᠵᠤ ᠰᠤᠷᠪᠤᠯᠵᠢᠯᠠᠬᠤ︾ | ᠡᠬᠡ ᠲᠠᠩᠰᠠ ᠶᠢ ᠪᠠᠶᠢᠭᠤᠯᠵᠤ᠂ ᠮᠥᠷᠳᠡᠨ ᠵᠣᠬᠢᠴᠠᠭᠤᠯᠵᠤ᠂ ᠲᠠᠩᠰᠠ ᠬᠠᠷᠭᠤᠭᠤᠯᠵᠤ ᠳ᠋ᠤᠭᠠᠷ ᠬᠠᠰᠤᠪᠡ᠃ | ᠣᠳᠣᠬᠠᠨ ᠪᠣᠯᠲᠠᠯ᠎ᠠ᠂ ᠨᠡᠶᠢᠲᠡ 30 ᠭᠠᠷᠤᠶ ᠰᠠᠨᠠᠯ ᠰᠠᠨᠠᠭᠤᠯᠭ᠎ᠠ ᠴᠤᠭᠯᠠᠭᠤᠯᠵᠤ᠂ ᠴᠠᠭᠳᠠᠭ᠎ᠠ ᠠᠵᠤ ᠠᠬᠤᠶᠢᠯᠠᠯ ᠤᠨ | ᠶᠠᠷᠢᠯᠴᠠᠬᠤ ᠬᠤᠷᠠᠯ ᠢ ᠨᠡᠶᠢᠲᠡ 5 ᠤᠳᠠᠭ᠎ᠠ ᠬᠤᠷᠠᠯᠳᠤᠭᠤᠯᠵᠤ᠂ 8 ᠤᠳᠠᠭ᠎ᠠ ᠬᠠᠤᠯᠢ ᠬᠦᠷᠭᠡᠵᠦ ᠦᠢᠯᠡᠴᠢᠯᠡᠵᠦ᠂ | 300 ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠪᠠ᠃ | ᠬᠤᠶᠠᠷ ᠲᠤ᠂ ᠲᠠᠷᠢᠶᠠᠯᠠᠩ ᠢ ᠬᠠᠮᠠᠭᠠᠯᠠᠬᠤ ᠦᠢᠯᠡᠴᠢᠯᠡᠭᠡ ᠳᠤ᠂ ᠠᠷᠠᠳ ᠲᠤ ᠠᠰᠢᠭ ᠬᠦᠷᠲᠡᠭᠡᠵᠦ ︽ᠡᠯᠪᠡᠭ | ᠬᠤᠷᠢᠶᠠᠯᠲᠠ ᠶᠢ ᠲᠤᠰᠠᠯᠠᠨᠡ︾᠃ ᠴᠠᠭᠳᠠᠭᠠᠨ ᠤ ᠬᠦᠴᠦᠨ ᠢ ᠳᠣᠷᠣᠭᠰᠢ ᠪᠠᠭᠤᠯᠭᠠᠬᠤ᠂ ᠴᠠᠭᠳᠠᠭᠠᠨ ᠤ ᠶᠠᠪᠤᠳᠠᠯ ᠢ | ᠤᠷᠢᠳᠴᠢᠯᠠᠭᠤᠯᠵᠤ᠂ ᠪᠠᠲᠤᠯᠠᠭ᠎ᠠ ᠶᠢ ᠳᠣᠷᠣᠭᠰᠢ ᠪᠠᠭᠤᠯᠭᠠᠬᠤ ᠶᠢ ᠠᠬᠢᠭᠤᠯᠤᠨ ᠨᠠᠶᠢᠳᠠᠪᠤᠷᠢᠵᠢᠭᠤᠯᠵᠤ᠂ | ᠴᠠᠭᠳᠠᠭᠠᠨ ᠤ ᠬᠦᠴᠦᠨ ᠢ ᠳᠣᠷᠣᠭᠰᠢ ᠪᠠᠭᠤᠯᠭᠠᠵᠤ᠂ ᠥᠭᠡᠷᠡᠴᠢᠯᠡᠯᠲᠡ ᠶᠢᠨ ᠵᠢᠵᠢᠭ ᠬᠡᠰᠡᠭ ᠢᠶᠠᠷ ᠬᠥᠳᠡᠭᠡ | ᠲᠣᠰᠬᠤᠨ ᠤ ᠴᠠᠭᠳᠠᠭᠠᠨ ᠤ ᠶᠠᠪᠤᠳᠠᠯ ᠤᠨ ᠶᠡᠭᠡ ᠪᠠᠶᠢᠳᠠᠯ ᠢ ᠪᠣᠶ ᠪᠣᠯᠭᠠᠨ᠎ᠠ᠃ ᠲᠠᠷᠢᠯᠭ᠎ᠠ ᠡᠬᠢᠯᠡᠭᠰᠡᠨ ᠠᠴᠠ ᠨᠠᠰᠢ᠂ | ᠲᠥᠮᠥᠰᠥ ᠳᠠᠷᠢᠬᠤ ᠲᠤᠰᠬᠠᠶ ᠮᠡᠷᠭᠡᠵᠢᠯ ᠤᠨ ᠠᠵᠢᠯᠲᠠᠨ ᠢ ᠤᠷᠢᠵᠤ ᠲᠠᠷᠢᠶᠠᠨ ᠭᠠᠵᠠᠷ ᠲᠤ 20 ᠭᠠᠷᠤᠶ ᠤᠳᠠᠭ᠎ᠠ | ᠲᠠᠶᠢᠯᠪᠤᠷᠢᠯᠠᠨ ᠥᠭᠴᠦ᠂ ᠪᠣᠳᠠᠲᠠᠶ ᠠᠰᠠᠭᠤᠳᠠᠯ ᠢ 12 ᠰᠢᠢᠳᠪᠦᠷᠢᠯᠡᠪᠡ᠃ | ᠭᠤᠷᠪᠠ ᠳᠤ᠂ ᠬᠥᠭᠵᠢᠯᠲᠡ ᠶᠢ ᠬᠠᠮᠠᠭᠠᠯᠠᠵᠤ᠂ ᠡᠶ᠎ᠡ ᠵᠣᠬᠢᠴᠠᠯ ᠲᠠᠢ ︽ᠰᠠᠶᠢᠨ ᠰᠠᠶᠢᠬᠠᠨ ᠦᠵᠡᠮᠵᠢ︾ ᠶᠢ | ᠵᠢᠷᠤᠭᠯᠠᠪᠠ᠃ ᠬᠥᠳᠡᠭᠡ ᠲᠣᠰᠬᠤᠨ ᠤ ᠭᠠᠵᠠᠷ ᠣᠷᠣᠨ ᠤ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ | ᠠᠷᠢᠯᠭᠠᠬᠤ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠨᠢᠭᠡ ᠲᠣᠰᠬᠤᠨ ᠨᠢᠭᠡ ᠴᠠᠭᠳᠠᠭ᠎ᠠ︾ ᠶᠢᠨ | ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠢᠶᠠᠷ ᠭᠠᠷᠳᠠᠴᠠ ᠪᠣᠯᠭᠠᠵᠤ᠂ ︽ᠴᠠᠭᠳᠠᠭᠠᠨ ᠤ ᠪᠠᠶᠢᠳᠠᠯ ᠢ | ᠶᠡᠷᠦᠩᠬᠡᠶᠢᠯᠡᠨ ᠵᠠᠰᠠᠬᠤ︾ ᠬᠤᠯᠪᠣᠭᠠᠯᠠᠨ ᠬᠥᠳᠡᠯᠦᠯᠴᠡᠵᠦ ᠬᠠᠮᠲᠤ ᠪᠠᠷ ᠵᠠᠰᠠᠬᠤ ᠶᠢ ᠢᠳᠡᠪᠬᠢᠲᠡᠶ ᠥᠷᠨᠢᠭᠦᠯᠦᠨ᠎ᠡ᠃ | ᠣᠳᠣᠬᠠᠨ ᠤ ᠠᠮᠠᠷᠬᠠᠨ ᠡᠭᠦᠰᠬᠦ ᠭᠡᠷ ᠪᠦᠯᠢ ᠶᠢᠨ ᠵᠢᠭᠤᠷᠠᠯᠳᠤᠭᠠᠨ᠂ ᠠᠵᠢᠯᠴᠢᠨ ᠬᠥᠷᠥᠩᠭᠡᠲᠡᠨ ᠤ ᠵᠢᠭᠤᠷᠠᠯᠳᠤᠭᠠᠨ᠂ | ᠭᠠᠵᠠᠷ ᠰᠢᠷᠣᠶ ᠶᠢᠨ ᠵᠢᠭᠤᠷᠠᠯᠳᠤᠭᠠᠨ ᠵᠡᠷᠭᠡ ᠶᠢᠨ ᠲᠣᠭᠤᠷᠢᠨ ᠳᠤ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂ | ᠵᠥᠷᠢᠴᠡᠯ ᠵᠢᠭᠤᠷᠠᠯᠳᠤᠭᠠᠨ ᠢ ᠪᠦᠲᠦᠮᠵᠢᠲᠡᠶ ᠠᠷᠢᠯᠭᠠᠬᠤ ᠳᠤ ᠰᠠᠨᠠᠭᠠᠴᠢᠯᠠᠭᠠᠲᠤ ᠡᠷᠬᠡ ᠶᠢ ᠣᠯᠬᠤ ᠬᠡᠷᠡᠭᠲᠡᠶ᠃ ᠡᠨᠡ | ᠵᠢᠯ ᠠᠴᠠ ᠨᠠᠰᠢ᠂ ᠲᠣᠮᠢᠯᠠᠭᠰᠠᠨ ᠰᠠᠯᠪᠤᠷᠢ ᠨᠢᠭᠡᠨᠲᠡ ᠲᠠᠷᠢᠶᠠᠯᠠᠩ ᠳᠤ ᠬᠤᠯᠪᠣᠭᠳᠠᠭᠰᠠᠨ ᠡᠯ᠎ᠡ ᠲᠥᠷᠥᠯ ᠤᠨ | ᠵᠥᠷᠢᠴᠡᠯ ᠵᠢᠭᠤᠷᠠᠯᠳᠤᠭᠠᠨ ᠢ ᠨᠡᠶᠢᠲᠡ 21 ᠤᠳᠠᠭ᠎ᠠ ᠡᠶᠡᠳᠡᠭᠦᠯᠵᠦ᠂ ᠰᠢᠢᠳᠪᠦᠷᠢᠯᠡᠭᠰᠡᠨ ᠨᠣᠷᠮ᠎ᠠ ᠨᠢ 98% ᠳᠤ | ᠬᠦᠷᠴᠡᠶ᠃ | ᠤᠷᠴᠢᠭᠤᠯᠤᠭᠴᠢ᠄ ᠬᠦᠰᠡᠯ | ᠬᠢᠨᠠᠭᠴᠢ᠄ ᠠᠷᠢᠭᠤᠨ |