︽︿ᠤᠯᠠᠭᠠᠨᠴᠠᠪ ᠬᠤᠳᠠ ᠶᠢᠨ ᠭᠠᠵᠠᠷ ᠲᠠᠲᠠᠪᠤᠷᠢᠯᠠᠬᠤ ᠣᠷᠣᠨ ᠬᠡᠰᠡᠭ ᠤᠨ ᠶᠡᠷᠦᠩᠬᠡᠶᠢᠯᠡᠭᠰᠡᠨ ᠭᠠᠵᠠᠷ ᠤᠨ ᠦᠨ᠎ᠡ ᠶᠢᠨ ᠲᠠᠷᠢᠶᠠᠯᠠᠩ ᠳᠤ ᠬᠡᠷᠡᠭᠯᠡᠬᠦ ᠭᠠᠵᠠᠷ ᠠᠴᠠ ᠭᠠᠳᠠᠨᠠᠬᠢ ᠪᠤᠰᠤᠳ ᠭᠠᠵᠠᠷ ᠰᠢᠷᠣᠶ᠂ ᠬᠥᠬᠡ ᠴᠢᠬᠢ ᠪᠠ ᠭᠠᠵᠠᠷ ᠳᠡᠭᠡᠷᠡᠬᠢ ᠳᠠᠭᠠᠯᠲᠠ ᠪᠣᠳᠠᠰ ᠵᠡᠷᠭᠡ ᠶᠢᠨ ᠨᠥᠬᠦᠪᠥᠷᠢ ᠶᠢᠨ ᠪᠠᠷᠢᠮᠵᠢᠶ᠎ᠠ ᠵᠢᠴᠢ ᠭᠠᠵᠠᠷ ᠰᠢᠷᠣᠶ ᠶᠢᠨ ᠨᠥᠬᠦᠪᠥᠷᠢ ᠵᠠᠷᠤᠳᠠᠯ ᠪᠠ ᠲᠥᠪᠬᠢᠨᠡᠭᠦᠯᠬᠦ ᠲᠤᠰᠠᠯᠠᠮᠵᠢ ᠶᠢᠨ ᠵᠠᠷᠤᠳᠠᠯ ᠢ ᠬᠤᠪᠢᠶᠠᠷᠢᠯᠠᠬᠤ ᠬᠠᠷᠢᠴᠠᠯ ᠢ ᠨᠡᠶᠢᠲᠡᠯᠡᠬᠦ ᠲᠤᠬᠠᠶ﹀ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠠᠯᠪᠠᠨ ᠭᠡᠷ ᠤᠨ ᠮᠡᠳᠡᠭᠳᠡᠯ︾ ᠤᠨ ᠲᠦᠷᠦ ᠶᠢᠨ ᠪᠤᠳᠤᠯᠭ᠎ᠠ ᠶᠢᠨ ᠳᠠᠶᠢᠯᠤᠮᠵᠢ
ᠨᠡᠶᠢᠲᠡᠯᠡᠭᠰᠡᠨ ᠴᠠᠭ᠄
2024/5/15
ᠨᠢᠭᠡ᠂ ᠬᠡᠷᠡᠭᠵᠢᠭᠦᠯᠦᠭᠰᠡᠨ ᠠᠬᠤᠶ ᠪᠠᠶᠢᠳᠠᠯ    ᠤᠯᠠᠭᠠᠨᠴᠠᠪ ᠬᠤᠲᠠ ᠶᠢᠨ ᠣᠲᠣ ᠶᠢᠨ ᠬᠡᠷᠡᠭᠵᠢᠭᠦᠯᠵᠦ ᠪᠠᠶᠢᠭ᠎ᠠ ᠭᠠᠵᠠᠷ ᠲᠠᠲᠠᠪᠤᠷᠢᠯᠠᠬᠤ ᠣᠷᠣᠨ ᠬᠡᠰᠡᠭ ᠤᠨ ᠶᠡᠷᠦᠩᠬᠡᠶᠢᠯᠡᠭᠰᠡᠨ ᠭᠠᠵᠠᠷ ᠤᠨ ᠦᠨ᠎ᠡ ᠶᠢᠨ ᠨᠥᠬᠦᠪᠥᠷᠢ ᠥᠭᠬᠦ ᠪᠠᠷᠢᠮᠵᠢᠶ᠎ᠠ ᠶᠢ 2022 ᠣᠨ ᠤ 3 ᠰᠠᠷ᠎ᠠ ᠳᠤ ᠨᠡᠶᠢᠲᠡᠯᠡᠨ ᠬᠡᠷᠡᠭᠵᠢᠭᠦᠯᠪᠡ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠭᠠᠵᠠᠷ ᠰᠢᠷᠣᠶ ᠶᠢᠨ ᠬᠠᠮᠢᠶᠠᠷᠤᠯᠲᠠ ᠶᠢᠨ ᠬᠠᠤᠯᠢ︾ ︵2019 ᠣᠨ ᠳᠤ ᠵᠠᠰᠠᠪᠤᠷᠢ ᠣᠷᠣᠭᠤᠯᠪᠠ︶ ᠪᠠ ︽ᠥᠪᠡᠷᠲᠡᠭᠡᠨ ᠵᠠᠰᠠᠬᠤ ᠣᠷᠣᠨ ᠤ ᠰᠢᠨ᠎ᠡ ᠨᠢᠭᠡ ᠡᠭᠡᠯᠵᠢ ᠶᠢᠨ ᠭᠠᠵᠠᠷ ᠲᠠᠲᠠᠪᠤᠷᠢᠯᠠᠬᠤ ᠣᠷᠣᠨ ᠬᠡᠰᠡᠭ ᠤᠨ ᠶᠡᠷᠦᠩᠬᠡᠶᠢᠯᠡᠭᠰᠡᠨ ᠭᠠᠵᠠᠷ ᠤᠨ ᠦᠨ᠎ᠡ ᠶᠢ ᠳᠣᠭᠢᠷᠠᠭᠤᠯᠤᠨ ᠰᠢᠨᠡᠳᠬᠡᠭᠰᠡᠨ ᠦᠷ᠎ᠡ ᠪᠦᠲᠦᠭᠡᠯ ᠢ ᠨᠡᠶᠢᠲᠡᠯᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠠᠯᠪᠠᠨ ᠲᠢᠩᠬᠢᠮ ᠤᠨ ᠮᠡᠳᠡᠭᠳᠡᠯ︾ ︵ᠥᠪᠥᠷ ᠵᠠᠰᠠᠭ ᠠᠯᠪᠠᠨ ᠲᠠᠷᠬᠠᠭᠠᠭᠰᠠᠨ ︹2020︺ 92 ᠳ᠋ᠤᠭᠠᠷ ᠲᠣᠭᠠᠲᠤ︶᠂ ︽ᠭᠠᠵᠠᠷ ᠲᠠᠲᠠᠪᠤᠷᠢᠯᠠᠬᠤ ᠣᠷᠣᠨ ᠬᠡᠰᠡᠭ ᠤᠨ ᠶᠡᠷᠦᠩᠬᠡᠶᠢᠯᠡᠭᠰᠡᠨ ᠭᠠᠵᠠᠷ ᠤᠨ ᠦᠨ᠎ᠡ ᠶᠢᠨ ᠲᠠᠷᠢᠶᠠᠯᠠᠩ ᠳᠤ ᠬᠡᠷᠡᠭᠯᠡᠬᠦ ᠭᠠᠵᠠᠷ ᠠᠴᠠ ᠭᠠᠳᠠᠨᠠᠬᠢ ᠪᠤᠰᠤᠳ ᠭᠠᠵᠠᠷ ᠰᠢᠷᠣᠶ᠂ ᠬᠥᠬᠡ ᠴᠢᠬᠢ ᠪᠠ ᠭᠠᠵᠠᠷ ᠳᠡᠭᠡᠷᠡᠬᠢ ᠳᠠᠭᠠᠯᠲᠠ ᠪᠣᠳᠠᠰ ᠵᠡᠷᠭᠡ ᠶᠢᠨ ᠨᠥᠬᠦᠪᠥᠷᠢ ᠶᠢᠨ ᠪᠠᠷᠢᠮᠵᠢᠶ᠎ᠠ ᠵᠢᠴᠢ ᠭᠠᠵᠠᠷ ᠰᠢᠷᠣᠶ ᠶᠢᠨ ᠨᠥᠬᠦᠪᠥᠷᠢ ᠵᠠᠷᠤᠳᠠᠯ ᠪᠠ ᠲᠥᠪᠬᠢᠨᠡᠭᠦᠯᠬᠦ ᠲᠤᠰᠠᠯᠠᠮᠵᠢ ᠶᠢᠨ ᠵᠠᠷᠤᠳᠠᠯ ᠢ ᠬᠤᠪᠢᠶᠠᠷᠢᠯᠠᠬᠤ ᠬᠠᠷᠢᠴᠠᠯ ᠢ ᠨᠡᠶᠢᠲᠡᠯᠡᠬᠦ ᠲᠤᠬᠠᠶ ᠥᠪᠥᠷ ᠮᠣᠩᠭᠤᠯ ᠤᠨ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠤ ᠴᠣᠬᠤᠯᠠᠪᠤᠷᠢ︾ ︵ᠥᠪᠥᠷ ᠵᠠᠰᠠᠭ ᠥᠰᠥᠭ ︹2020︺ 77 ᠳ᠋ᠤᠭᠠᠷ ᠲᠣᠭᠠᠲᠤ︶ ᠶᠢ ᠦᠨᠳᠦᠰᠦᠯᠡᠨ᠂ ᠤᠯᠠᠭᠠᠨᠴᠠᠪ ᠬᠤᠲᠠ ᠶᠢᠨ ᠪᠣᠳᠠᠲᠠᠶ ᠲᠠᠢ ᠪᠠᠨ ᠤᠶᠠᠯᠳᠤᠭᠤᠯᠤᠨ᠂ ᠮᠠᠨ ᠤ ᠬᠤᠲᠠ ᠭᠠᠵᠠᠷ ᠰᠢᠷᠣᠶ ᠲᠠᠲᠠᠪᠤᠷᠢᠯᠠᠬᠤ ᠣᠷᠣᠨ ᠬᠡᠰᠡᠭ ᠤᠨ ᠶᠡᠷᠦᠩᠬᠡᠶᠢᠯᠡᠭᠰᠡᠨ ᠭᠠᠵᠠᠷ ᠤᠨ ᠦᠨ᠎ᠡ ᠶᠢᠨ ᠨᠥᠬᠦᠪᠥᠷᠢ ᠶᠢᠨ ᠪᠠᠷᠢᠮᠵᠢᠶ᠎ᠠ ᠶᠢ ᠨᠥᠬᠦᠪᠥᠷᠢᠯᠡᠨ ᠲᠣᠭᠲᠠᠭᠠᠬᠤ ᠠᠵᠢᠯ ᠢ ᠵᠣᠬᠢᠶᠠᠨ ᠪᠠᠶᠢᠭᠤᠯᠬᠤ ᠶᠢᠨ ᠬᠠᠮᠲᠤ ᠥᠪᠡᠷᠲᠡᠭᠡᠨ ᠵᠠᠰᠠᠬᠤ ᠣᠷᠣᠨ ᠤ ᠠᠷᠠᠳ ᠤᠨ ᠵᠠᠰᠠᠭ ᠤᠨ ᠣᠷᠳᠣᠨ ᠢᠶᠠᠷ ᠵᠥᠪᠰᠢᠶᠡᠷᠡᠭᠦᠯᠦᠭᠡᠳ ᠨᠡᠶᠢᠲᠡᠯᠡᠨ ᠬᠡᠷᠡᠭᠵᠢᠭᠦᠯᠪᠡ᠃ᠬᠤᠶᠠᠷ᠂ ᠭᠤᠣᠯ ᠠᠭᠤᠯᠭ᠎ᠠ    ︽ᠮᠡᠳᠡᠭᠳᠡᠯ︾ ᠳᠤ ᠨᠡᠶᠢᠲᠡ ᠲᠠᠪᠤᠨ ᠵᠦᠢᠯ ᠤᠨ ᠠᠭᠤᠯᠭ᠎ᠠ ᠪᠤᠢ᠂ ᠳᠠᠷᠤᠢ ᠤᠯᠠᠭᠠᠨᠴᠠᠪ ᠬᠤᠲᠠ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠪᠠ ᠠᠰᠢᠭᠯᠠᠭᠠᠳᠤᠶ ᠭᠠᠵᠠᠷ ᠰᠢᠷᠣᠶ ᠶᠢᠨ ᠲᠥᠷᠥᠯ ᠤᠨ ᠵᠠᠰᠠᠪᠤᠷᠢ ᠣᠷᠣᠭᠤᠯᠤᠭᠰᠠᠨ ᠢᠯᠡᠳᠬᠡᠮᠵᠢ ᠶᠢᠨ ᠬᠦᠰᠦᠨᠦᠭᠲᠦ᠂ ᠤᠯᠠᠭᠠᠨᠴᠠᠪ ᠬᠤᠲᠠ ᠶᠢᠨ ᠬᠥᠬᠡ ᠴᠢᠬᠢ ᠶᠢᠨ ᠨᠥᠬᠦᠪᠥᠷᠢ ᠶᠢᠨ ᠪᠠᠷᠢᠮᠵᠢᠶ᠎ᠠ ᠶᠢᠨ ᠬᠦᠰᠦᠨᠦᠭᠲᠦ᠂ ᠤᠯᠠᠭᠠᠨᠴᠠᠪ ᠬᠤᠲᠠ ᠶᠢᠨ ᠭᠠᠵᠠᠷ ᠳᠡᠭᠡᠷᠡᠬᠢ ᠳᠠᠭᠠᠯᠲᠠ ᠪᠣᠳᠠᠰ ᠤᠨ ᠨᠥᠬᠦᠪᠥᠷᠢ ᠶᠢᠨ ᠪᠠᠷᠢᠮᠵᠢᠶ᠎ᠠ ᠶᠢᠨ ᠬᠦᠰᠦᠨᠦᠭᠲᠦ᠂ ᠤᠯᠠᠭᠠᠨᠴᠠᠪ ᠬᠤᠲᠠ ᠶᠢᠨ ᠭᠠᠵᠠᠷ ᠰᠢᠷᠣᠶ ᠶᠢᠨ ᠨᠥᠬᠦᠪᠥᠷᠢ ᠵᠠᠷᠤᠳᠠᠯ ᠵᠢᠴᠢ ᠲᠥᠪᠬᠢᠨᠡᠭᠦᠯᠬᠦ ᠨᠥᠬᠦᠪᠦᠷᠢ ᠵᠠᠷᠤᠳᠠᠯ ᠤᠨ ᠬᠠᠷᠢᠴᠠᠯ ᠤᠨ ᠬᠦᠰᠦᠨᠦᠭᠲᠦ᠂ ᠤᠯᠠᠭᠠᠨᠴᠠᠪ ᠬᠤᠲᠠ ᠶᠢᠨ ᠭᠠᠵᠠᠷ ᠰᠢᠷᠣᠶ ᠲᠠᠲᠠᠪᠤᠷᠢᠯᠠᠭᠰᠠᠨ ᠣᠷᠣᠨ ᠬᠡᠰᠡᠭ ᠤᠨ ᠶᠡᠷᠦᠩᠬᠡᠶᠢᠯᠡᠭᠰᠡᠨ ᠭᠠᠵᠠᠷ ᠤᠨ ᠦᠨ᠎ᠡ ᠳᠤ ᠵᠠᠰᠠᠪᠤᠷᠢ ᠣᠷᠣᠭᠤᠯᠤᠭᠰᠠᠨ ᠢᠯᠡᠳᠬᠡᠮᠵᠢ ᠶᠢᠨ ᠬᠦᠰᠦᠨᠦᠭᠲᠦ ᠵᠡᠷᠭᠡ ᠪᠣᠯᠤᠨ᠎ᠠ᠃ᠭᠤᠷᠪᠠ᠂ ᠨᠡᠶᠢᠲᠡᠯᠡᠭᠰᠡᠨ ᠠᠴᠢ ᠬᠤᠯᠪᠣᠭᠳᠠᠯ    ᠰᠢᠨ᠎ᠡ ᠨᠢᠭᠡ ᠡᠭᠡᠯᠵᠢ ᠶᠢᠨ ᠭᠠᠵᠠᠷ ᠲᠠᠲᠠᠪᠤᠷᠢᠯᠠᠬᠤ ᠣᠷᠣᠨ ᠬᠡᠰᠡᠭ ᠤᠨ ᠶᠡᠷᠦᠩᠬᠡᠶᠢᠯᠡᠭᠰᠡᠨ ᠭᠠᠵᠠᠷ ᠤᠨ ᠦᠨ᠎ᠡ  ᠶᠢᠨ ᠲᠠᠷᠢᠶᠠᠯᠠᠩ ᠳᠤ ᠬᠡᠷᠡᠭᠯᠡᠬᠦ ᠭᠠᠵᠠᠷ ᠠᠴᠠ ᠭᠠᠳᠠᠨᠠᠬᠢ ᠪᠤᠰᠤᠳ ᠭᠠᠵᠠᠷ ᠰᠢᠷᠣᠶ᠂ ᠬᠥᠬᠡ ᠴᠢᠬᠢ ᠪᠣᠯᠤᠨ ᠭᠠᠵᠠᠷ ᠳᠡᠭᠡᠷᠡᠬᠢ ᠳᠠᠭᠠᠯᠲᠠ ᠪᠣᠳᠠᠰ ᠵᠡᠷᠭᠡ ᠨᠥᠬᠦᠪᠥᠷᠢ ᠶᠢᠨ ᠪᠠᠷᠢᠮᠵᠢᠶ᠎ᠠ ᠵᠢᠴᠢ ᠭᠠᠵᠠᠷ ᠰᠢᠷᠣᠶ ᠶᠢᠨ ᠨᠥᠬᠦᠪᠥᠷᠢ ᠵᠠᠷᠤᠳᠠᠯ ᠪᠣᠯᠤᠨ ᠲᠥᠪᠬᠢᠨᠡᠭᠦᠯᠬᠦ ᠲᠤᠰᠠᠯᠠᠮᠵᠢ ᠶᠢᠨ ᠵᠠᠷᠤᠳᠠᠯ ᠢ ᠬᠤᠪᠢᠶᠠᠷᠢᠯᠠᠬᠤ ᠬᠠᠷᠢᠴᠠᠯ ᠢ ᠨᠡᠶᠢᠲᠡᠯᠡᠨ ᠬᠡᠷᠡᠭᠵᠢᠭᠦᠯᠬᠦ ᠪᠠᠷ ᠳᠠᠮᠵᠢᠭᠤᠯᠤᠨ᠂ ᠭᠠᠵᠠᠷ ᠢᠶᠠᠨ ᠲᠠᠲᠠᠪᠤᠷᠢᠯᠠᠭᠤᠯᠤᠭᠰᠠᠨ ᠲᠠᠷᠢᠶᠠᠴᠢᠳ ᠮᠠᠯᠴᠢᠳ ᠤᠨ ᠬᠠᠤᠯᠢ ᠶᠣᠰᠣᠨ ᠤ ᠡᠷᠬᠡ ᠠᠰᠢᠭ ᠢ ᠦᠨᠡᠨᠬᠦ ᠬᠠᠮᠠᠭᠠᠯᠠᠵᠤ᠂ ᠨᠡᠶᠢᠭᠡᠮ ᠤᠨ ᠡᠶ᠎ᠡ ᠵᠣᠬᠢᠴᠠᠯ ᠪᠠ ᠲᠣᠭᠲᠠᠭᠤᠨ ᠢ ᠬᠠᠮᠠᠭᠠᠯᠠᠨ᠂ ᠭᠠᠵᠠᠷ ᠰᠢᠷᠣᠶ ᠲᠠᠲᠠᠪᠤᠷᠢᠯᠠᠬᠤ ᠬᠠᠮᠢᠶᠠᠷᠤᠯᠲᠠ ᠶᠢ ᠤᠯᠠᠮ ᠨᠢᠭᠡ ᠠᠯᠬᠤᠮ ᠴᠢᠩᠭᠠᠳᠬᠠᠪᠠ᠃
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2