ᠱᠠᠩᠳᠤ ᠰᠢᠶᠠᠨ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠭᠠᠵᠠᠷ ᠳᠣᠤᠷᠠᠬᠢ ᠤᠰᠤ ᠶᠢ ᠬᠡᠲᠦᠷᠡᠲᠡᠯ᠎ᠡ ᠠᠪᠤᠭᠰᠠᠨ ᠣᠷᠣᠨ ᠢ ᠵᠠᠰᠠᠬᠤ ᠠᠵᠢᠯ ᠱᠠᠲᠤᠴᠢ ᠴᠢᠨᠠᠷᠲᠠᠶ ᠦᠷ᠎ᠡ ᠪᠦᠲᠦᠮᠵᠢ ᠤᠯᠪᠠ
ᠨᠡᠶᠢᠲᠡᠯᠡᠭᠰᠡᠨ ᠴᠠᠭ᠄
2024/5/16
       ᠨᠢᠭᠡ ᠳᠤ᠂ ᠲᠠᠷᠢᠶᠠᠯᠠᠩ ᠤᠨ ᠤᠰᠤᠨ ᠤ ᠦᠨ᠎ᠡ ᠶᠢᠨ ᠶᠡᠷᠦᠩᠬᠡᠶᠢᠯᠡᠭᠰᠡᠨ ᠥᠭᠡᠷᠡᠴᠢᠯᠡᠯᠲᠡ ᠶᠢ ᠭᠦᠨᠵᠡᠭᠡᠶᠢᠷᠡᠭᠦᠯᠦᠨ ᠪᠣᠳᠠᠲᠠᠶᠢᠵᠢᠭᠤᠯᠬᠤ ᠶᠢ ᠠᠬᠢᠭᠤᠯᠤᠨ᠎ᠠ᠃ ᠱᠠᠩᠳᠤ ᠰᠢᠶᠠᠨ ᠳᠤ ᠨᠡᠶᠢᠲᠡ 71.5 ᠲᠦᠮᠡᠨ ᠮᠥ ᠤᠰᠤᠯᠠᠯᠲᠠ ᠶᠢᠨ ᠭᠠᠵᠠᠷ ᠲᠠᠢ ᠪᠠᠶᠢᠵᠤ᠂ 2024 ᠣᠨ ᠳᠤ ᠮᠠᠨ ᠤ ᠬᠤᠲᠠ ᠲᠣᠰ ᠰᠢᠶᠠᠨ ᠤ ᠭᠠᠵᠠᠷ ᠳᠣᠤᠷᠠᠬᠢ ᠤᠰᠤᠨ ᠤ ᠲᠠᠷᠢᠶᠠᠯᠠᠩ ᠤᠨ ᠤᠰᠤᠯᠠᠯᠲᠠ ᠶᠢᠨ ᠤᠰᠤ ᠬᠡᠷᠡᠭᠯᠡᠬᠦ ᠶᠡᠷᠦᠩᠬᠡᠶ ᠬᠡᠮᠵᠢᠶ᠎ᠡ ᠶᠢ 3927 ᠲᠦᠮᠡᠨ ᠪᠣᠰᠤᠭ᠎ᠠ ᠳᠥᠷᠪᠡᠯᠵᠢᠨ ᠮᠧᠲᠷ ᠪᠠᠭᠤᠯᠭᠠᠵᠤ᠂ ᠡᠯ᠎ᠡ ᠰᠢᠶᠠᠩ ᠪᠠᠯᠭᠠᠰᠤᠨ ᠤ ᠬᠢᠨᠠᠨ ᠲᠣᠭᠲᠠᠭᠠᠭᠰᠠᠨ ᠤᠰᠤᠯᠠᠯᠲᠠ ᠶᠢᠨ ᠭᠠᠵᠠᠷ ᠤᠨ ᠲᠠᠯᠠᠪᠠᠶ ᠶᠢ ᠦᠨᠳᠦᠰᠦᠯᠡᠨ᠂ ᠤᠰᠤᠨ ᠤ ᠡᠷᠬᠡ ᠶᠢ ᠡᠷᠬᠡ ᠲᠡᠭᠰᠢ ᠪᠠᠷ ᠡᠳ᠋ᠯᠡᠬᠦ ᠵᠠᠷᠴᠢᠮ ᠶᠣᠰᠣᠭᠠᠷ᠂ ᠮᠦ ᠪᠦᠷᠢ ᠶᠢᠨ ᠳᠤᠮᠳᠠᠴᠢ ᠤᠰᠤᠯᠠᠯᠲᠠ ᠶᠢᠨ ᠨᠣᠷᠮ᠎ᠠ 55 ᠪᠣᠰᠤᠭ᠎ᠠ ᠳᠥᠷᠪᠡᠯᠵᠢᠨ ᠮᠧᠲᠷ ᠪᠠᠶᠢᠵᠤ᠂ ᠨᠢᠭᠡᠨᠲᠡ ᠤᠰᠤᠨ ᠤ ᠡᠷᠬᠡ ᠪᠠᠨ ᠰᠢᠶᠠᠩ᠂ ᠲᠣᠰᠬᠤᠨ᠂ ᠡᠷᠦᠬᠡ ᠳᠤ ᠬᠦᠷᠲᠡᠯ᠎ᠡ ᠬᠤᠪᠢᠶᠠᠷᠢᠯᠠᠪᠠ᠃    ᠬᠤᠶᠠᠷ ᠲᠤ ︽ᠤᠰᠤᠯᠠᠯᠳᠠ ᠪᠠᠷ ᠳᠠᠷᠢᠬᠤ ᠶᠢ ᠬᠠᠭᠤᠷᠠᠢ ᠪᠠᠷ ᠳᠠᠷᠢᠬᠤ ᠪᠤᠯᠭᠠᠬᠤ︾ ᠶᠢ ᠶᠡᠬᠡᠪᠡᠷ ᠬᠡᠷᠡᠭᠵᠢᠭᠦᠯᠦᠨ᠎ᠡ᠃ 2020 ᠣᠨ ᠠᠴᠠ ᠨᠠᠰᠢ᠂ ᠪᠥᠬᠦ ᠰᠢᠶᠠᠨ ᠢᠶᠠᠷ ᠢᠶᠠᠨ ︽ᠤᠰᠤᠯᠠᠯᠳᠠ ᠪᠠᠷ ᠳᠠᠷᠢᠬᠤ ᠶᠢ ᠬᠠᠭᠤᠷᠠᠢ ᠪᠠᠷ ᠳᠠᠷᠢᠬᠤ ᠪᠤᠯᠭᠠᠬᠤ︾ ᠶᠢ ᠨᠡᠶᠢᠲᠡ 18.98 ᠲᠦᠮᠡᠨ ᠮᠥ ᠪᠡᠶᠡᠯᠡᠭᠦᠯᠵᠦ᠂ 1969 ᠮᠠᠰᠢᠨ ᠴᠠᠬᠢᠯᠭᠠᠨ ᠬᠤᠳᠳᠤᠭ ᠢ ᠪᠢᠲᠡᠭᠦᠮᠵᠢᠯᠡᠨ ᠵᠣᠭᠰᠣᠭᠠᠵᠤ᠂ ︽ᠤᠰᠤᠯᠠᠯᠳᠠ ᠪᠠᠷ ᠳᠠᠷᠢᠬᠤ ᠶᠢ ᠬᠠᠭᠤᠷᠠᠢ ᠪᠠᠷ ᠳᠠᠷᠢᠬᠤ ᠪᠤᠯᠭᠠᠬᠤ︾ ᠶᠢ ᠬᠡᠷᠡᠭᠵᠢᠭᠦᠯᠦᠭᠰᠡᠨ ᠤ ᠳᠠᠷᠠᠭ᠎ᠠ᠂ ᠮᠥ ᠪᠦᠷᠢ ᠳᠤ ᠳᠤᠮᠳᠠᠴᠢ ᠪᠠᠷ 100 ᠪᠣᠰᠤᠭ᠎ᠠ ᠳᠥᠷᠪᠡᠯᠵᠢᠨ ᠮᠧᠲᠷ ᠭᠠᠵᠠᠷ ᠳᠣᠤᠷᠠᠬᠢ ᠤᠰᠤ ᠶᠢ ᠨᠡᠭᠡᠭᠡᠨ ᠮᠠᠯᠲᠠᠬᠤ ᠬᠡᠮᠵᠢᠶ᠎ᠡ ᠶᠢ ᠪᠠᠭᠠᠰᠬᠠᠵᠤ᠂ ᠵᠢᠯ ᠳᠤ ᠪᠠᠷᠤᠭ 1898 ᠲᠦᠮᠡᠨ ᠪᠣᠰᠤᠭ᠎ᠠ ᠳᠥᠷᠪᠡᠯᠵᠢᠨ ᠮᠧᠲᠷ ᠭᠠᠵᠠᠷ ᠳᠣᠤᠷᠠᠬᠢ ᠤᠰᠤ ᠶᠢ ᠨᠡᠭᠡᠭᠡᠨ ᠮᠠᠯᠲᠠᠬᠤ ᠬᠡᠮᠵᠢᠶ᠎ᠡ ᠶᠢ ᠪᠠᠭᠠᠰᠬᠠᠪᠠ᠃     ᠭᠤᠷᠪᠠ ᠳᠤ᠂ ᠲᠠᠷᠢᠮᠠᠯ ᠤᠨ ᠪᠦᠲᠦᠴᠡ ᠶᠢ ᠲᠣᠬᠢᠷᠠᠭᠤᠯᠤᠨ᠎ᠠ᠃ ᠤᠰᠤ ᠪᠠᠭ᠎ᠠ ᠬᠤᠷᠣᠭᠳᠠᠭᠤᠯᠬᠤ ᠭᠠᠩ ᠬᠠᠭᠰᠠᠷᠠᠭᠠᠨ ᠳᠤ ᠲᠡᠰᠪᠦᠷᠢᠲᠡᠶ ᠬᠡᠯᠪᠡᠷᠢ ᠶᠢᠨ ᠲᠠᠷᠢᠮᠠᠯ ᠳᠠᠷᠢᠬᠤ ᠪᠠᠷ ᠭᠤᠤᠯ ᠪᠣᠯᠭᠠᠵᠤ᠂ ᠡᠷᠳᠡᠨᠢ ᠰᠢᠰᠢ᠂ ᠤᠯᠠᠭᠠᠨ ᠱᠤᠰᠢ ᠵᠡᠷᠭᠡ ᠬᠡᠷᠡᠭᠰᠡᠬᠦ ᠤᠰᠤᠨ ᠤ ᠬᠡᠮᠵᠢᠶ᠎ᠡ ᠨᠡᠯᠢᠶᠡᠳ ᠪᠠᠭ᠎ᠠ᠂ ᠠᠵᠤ ᠠᠬᠤᠶ ᠶᠢᠨ ᠦᠷ᠎ᠡ ᠠᠰᠢᠭ ᠢᠶᠠᠷ ᠥᠨᠳᠥᠷ ᠤᠨᠴᠠᠯᠢᠭᠳᠤ ᠠᠵᠤ ᠦᠢᠯᠡᠰ ᠢ ᠤᠯᠠᠮ ᠨᠢᠭᠡ ᠠᠯᠬᠤᠮ ᠬᠥᠭᠵᠢᠭᠦᠯᠵᠦ᠂ ︽ᠤᠰᠤᠯᠠᠯᠲᠠ ᠶᠢᠨ ᠭᠠᠵᠠᠷ ᠤᠨ ᠪᠦᠲᠦᠴᠡ ᠶᠢᠨ ᠴᠢᠨᠠᠷᠲᠠᠶ ᠪᠠᠭᠤᠷᠠᠬᠤ︾ ᠶᠢ ᠪᠡᠶᠡᠯᠡᠭᠦᠯᠵᠦ᠂ ᠪᠣᠳᠠᠲᠠᠶ ᠤᠰᠤᠯᠠᠯᠲᠠ ᠶᠢᠨ ᠲᠠᠯᠠᠪᠠᠶ ᠶᠢ ᠪᠠᠭᠠᠰᠬᠠᠵᠤ᠂ ᠭᠠᠵᠠᠷ ᠳᠣᠤᠷᠠᠬᠢ ᠤᠰᠤ ᠶᠢ ᠨᠡᠭᠡᠭᠡᠨ ᠮᠠᠯᠲᠠᠬᠤ ᠬᠡᠮᠵᠢᠶ᠎ᠡ ᠶᠢ ᠬᠠᠮᠤᠭ ᠤᠨ ᠶᠡᠭᠡ ᠬᠡᠮᠵᠢᠶ᠎ᠡ ᠪᠠᠷ ᠪᠠᠭᠠᠰᠬᠠᠵᠤ᠂ ᠤᠰᠤᠨ ᠤ ᠡᠬᠢ ᠪᠠᠶᠠᠯᠢᠭ ᠤᠨ ᠬᠤᠷᠣᠭᠳᠠᠯ ᠢ ᠪᠠᠭᠠᠰᠬᠠᠨ᠎ᠠ᠃ 2024 ᠣᠨ ᠳᠤ 3 ᠲᠦᠮᠡᠨ ᠮᠦ ᠲᠠᠷᠢᠮᠠᠯ ᠤᠨ ᠪᠦᠲᠦᠴᠡ ᠳᠤ ᠲᠣᠬᠢᠷᠠᠭᠤᠯᠤᠯᠲᠠ ᠬᠢᠵᠦ᠂ ᠭᠠᠩ ᠬᠠᠭᠰᠠᠷᠠᠭᠠᠨ ᠲᠠᠢ ᠲᠡᠮᠡᠴᠡᠬᠦ ᠲᠥᠷᠥᠯ ᠵᠦᠢᠯ ᠢ 2 ᠲᠦᠮᠡᠨ ᠮᠦ ᠳᠡᠯᠭᠡᠷᠡᠭᠦᠯᠦᠨ᠎ᠡ᠃ 5 ᠰᠠᠷ᠎ᠠ ᠶᠢᠨ ᠡᠬᠢ ᠪᠣᠯᠲᠠᠯ᠎ᠠ᠂ ᠴᠠᠭᠠᠨᠨᠠᠭᠤᠷ ᠤᠨ ᠰᠠᠪᠠ ᠭᠠᠵᠠᠷ ᠤᠨ ᠭᠠᠵᠠᠷ ᠳᠣᠣᠷᠠᠬᠢ ᠤᠰᠤᠨ ᠲᠦᠪᠰᠢᠨ ᠠᠳᠠᠯᠢ ᠬᠤᠭᠤᠴᠠᠭᠠᠨ ᠤ ᠬᠢ ᠠᠴᠠ 0.33 ᠮᠧᠲᠷ ᠳᠡᠭᠡᠭᠰᠢᠯᠡᠵᠦ᠂ ᠭᠠᠵᠠᠷ ᠳᠣᠣᠷᠠᠬᠢ ᠤᠰᠤ ᠶᠢ ᠬᠡᠲᠦᠷᠡᠲᠡᠯ᠎ᠡ ᠲᠠᠲᠠᠭᠰᠠᠨ ᠣᠷᠣᠨ ᠤ ᠤᠰᠤᠨ ᠲᠦᠪᠰᠢᠨ ᠠᠳᠠᠯᠢ ᠬᠤᠭᠤᠴᠠᠭᠠᠨ ᠤ ᠬᠢ ᠠᠴᠠ 0.58 ᠮᠧᠲᠷ ᠨᠡᠮᠡᠭᠳᠡᠵᠦ᠂ ᠵᠠᠰᠠᠯᠲᠠ ᠶᠢᠨ ᠦᠷ᠎ᠡ ᠪᠦᠲᠦᠮᠵᠢ ᠢᠯᠡᠳᠲᠡ ᠪᠣᠯᠪᠠ᠃                                 ᠤᠷᠴᠢᠭᠤᠯᠤᠭᠴᠢ᠄ ᠬᠦᠰᠡᠯ                                 ᠬᠢᠨᠠᠭᠴᠢ᠄ ᠠᠷᠢᠭᠤᠨ    
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2