ᠱᠠᠩᠳᠤ ᠰᠢᠶᠠᠨ ᠲᠠᠷᠢᠶᠠᠯᠠᠩ ᠢ ᠲᠡᠳᠬᠦᠵᠦ ᠠᠵᠤ ᠠᠬᠤᠶᠢᠯᠠᠯ ᠢ ᠬᠠᠪᠰᠤᠷᠤᠨ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠶᠢ ᠠᠬᠢᠭᠤᠯᠪᠠ
ᠨᠡᠶᠢᠲᠡᠯᠡᠭᠰᠡᠨ ᠴᠠᠭ᠄
2024/5/17
    ᠨᠢᠭᠡ ᠳᠤ᠂ ᠠᠵᠤ ᠠᠬᠤᠶᠢᠯᠠᠯ ᠢ ᠬᠠᠮᠠᠭᠠᠯᠠᠬᠤ ᠦᠢᠯᠡᠴᠢᠯᠡᠭᠡ ᠬᠠᠩᠭᠠᠪᠠ᠃ ᠳᠣᠲᠣᠭᠠᠳᠤ ᠶᠢ ᠬᠠᠮᠠᠭᠠᠯᠠᠬᠤ ᠠᠵᠢᠯ ᠢ ᠠᠵᠤ ᠠᠬᠤᠶ ᠨᠡᠶᠢᠭᠡᠮ ᠤᠨ ᠬᠥᠭᠵᠢᠯᠲᠡ ᠶᠢᠨ ᠶᠡᠭᠡ ᠲᠠᠯ᠎ᠠ ᠳᠤ ᠠᠭᠤᠰᠤᠯᠴᠠᠭᠤᠯᠬᠤ ᠶᠢ ᠪᠠᠷᠢᠮᠲᠠᠯᠠᠵᠤ᠂ ᠲᠣᠭᠲᠠᠮᠠᠯ ᠬᠤᠭᠤᠴᠠᠭ᠎ᠠ ᠲᠠᠢ ᠪᠠᠷ ᠶᠠᠷᠢᠯᠴᠠᠬᠤ ᠬᠤᠷᠠᠯ ᠬᠤᠷᠠᠯᠳᠤᠭᠤᠯᠵᠤ᠂ ᠵᠠᠰᠠᠭ ᠤᠨ ᠶᠠᠪᠤᠳᠠᠯ ᠤᠨ ᠦᠢᠯᠡᠴᠢᠯᠡᠭᠡ᠂ ᠬᠢᠨᠠᠨ ᠬᠠᠮᠢᠶᠠᠷᠴᠤ ᠬᠠᠤᠯᠢ ᠬᠡᠷᠡᠭᠵᠢᠭᠦᠯᠬᠦ ᠵᠡᠷᠭᠡ ᠲᠠᠯ᠎ᠠ ᠪᠠᠷ ᠭᠤᠤᠯᠯᠠᠭᠤᠯᠤᠨ ᠠᠵᠤ ᠠᠬᠤᠶᠢᠯᠠᠯ ᠤᠨ ᠳᠣᠲᠣᠭᠠᠳᠤ ᠶᠢ ᠬᠠᠮᠠᠭᠠᠯᠠᠬᠤ ᠦᠢᠯᠡᠴᠢᠯᠡᠭᠡᠨ ᠤ ᠬᠠᠮᠢᠶᠠᠷᠤᠯᠲᠠ ᠶᠢᠨ ᠲᠤᠬᠠᠶ ᠰᠠᠨᠠᠯ ᠰᠠᠨᠠᠭᠤᠯᠭ᠎ᠠ ᠶᠢ ᠬᠤᠷᠢᠶᠠᠵᠤ᠂ ᠠᠵᠤ ᠠᠬᠤᠶᠢᠯᠠᠯ ᠤᠨ ᠬᠦᠰᠡᠯ ᠱᠠᠭᠠᠷᠳᠠᠯᠭ᠎ᠠ ᠶᠢ ᠴᠠᠭ ᠲᠤᠬᠠᠶ ᠳᠤᠨᠢ ᠤᠶᠢᠯᠠᠭᠠᠨ ᠡᠵᠡᠮᠰᠢᠪᠡ᠃ ᠡᠭᠦᠨ ᠤ ᠬᠠᠮᠲᠤ ︽ᠠᠵᠤ ᠠᠬᠤᠶᠢᠯᠠᠯ ᠢ ᠳᠠᠭᠠᠵᠤ ᠰᠤᠷᠪᠤᠯᠵᠢᠯᠠᠬᠤ︾ ᠡᠬᠡ ᠲᠠᠩᠰᠠ ᠶᠢ ᠪᠠᠶᠢᠭᠤᠯᠵᠤ᠂ ᠮᠥᠷᠳᠡᠨ ᠵᠣᠬᠢᠴᠠᠭᠤᠯᠵᠤ᠂ ᠲᠠᠩᠰᠠ ᠬᠠᠷᠭᠤᠭᠤᠯᠵᠤ ᠳ᠋ᠤᠭᠠᠷ ᠬᠠᠰᠤᠵᠤ ᠬᠦᠴᠦᠨ ᠦᠭᠡᠶᠢᠳᠡᠬᠦᠯᠪᠠ᠃ ᠣᠳᠣᠬᠠᠨ ᠪᠣᠯᠲᠠᠯ᠎ᠠ᠂ ᠨᠡᠶᠢᠲᠡ 30 ᠭᠠᠷᠤᠶ ᠰᠠᠨᠠᠯ ᠰᠠᠨᠠᠭᠤᠯᠭ᠎ᠠ ᠴᠤᠭᠯᠠᠭᠤᠯᠵᠤ᠂ ᠴᠠᠭᠳᠠᠭ᠎ᠠ ᠠᠵᠤ ᠠᠬᠤᠶᠢᠯᠠᠯ ᠤᠨ ᠶᠠᠷᠢᠯᠴᠠᠬᠤ ᠬᠤᠷᠠᠯ ᠢ ᠨᠡᠶᠢᠲᠡ 5 ᠤᠳᠠᠭ᠎ᠠ ᠬᠤᠷᠠᠯᠳᠤᠭᠤᠯᠵᠤ᠂ 8 ᠤᠳᠠᠭ᠎ᠠ ᠲᠤᠬᠠᠢ ᠶᠢᠨ ᠭᠠᠵᠠᠷ ᠲᠤ ᠨᠢ ᠬᠦᠷᠴᠦ ᠬᠠᠤᠯᠢ ᠲᠦᠭᠡᠮᠡᠯᠵᠢᠬᠦᠯᠵᠦ᠂ 300 ᠭᠠᠷᠤᠶ ᠬᠤᠪᠢ ᠤᠬᠠᠭᠤᠯᠭ᠎ᠠ ᠶᠢᠨ ᠮᠠᠲ᠋ᠧᠷᠢᠶᠠᠯ ᠲᠠᠷᠬᠠᠭᠠᠪᠠ᠃     ᠬᠤᠶᠠᠷ ᠲᠤ᠂ ᠲᠠᠷᠢᠶᠠᠯᠠᠩ ᠢ ᠬᠠᠮᠠᠭᠠᠯᠠᠬᠤ ᠦᠢᠯᠡᠴᠢᠯᠡᠭᠡ ᠬᠠᠩᠭᠠᠪᠠ᠃ ᠴᠠᠭᠳᠠᠭᠠᠨ ᠤ ᠬᠦᠴᠦᠨ ᠢ ᠳᠣᠷᠣᠭᠰᠢ ᠪᠠᠭᠤᠯᠭᠠᠬᠤ᠂ ᠴᠠᠭᠳᠠᠭᠠᠨ ᠤ ᠶᠠᠪᠤᠳᠠᠯ ᠢ ᠤᠷᠢᠳᠴᠢᠯᠠᠭᠤᠯᠵᠤ᠂ ᠪᠠᠲᠤᠯᠠᠭ᠎ᠠ ᠶᠢ ᠳᠣᠷᠣᠭᠰᠢ ᠪᠠᠭᠤᠯᠭᠠᠬᠤ ᠶᠢ ᠠᠬᠢᠭᠤᠯᠤᠨ ᠨᠠᠶᠢᠳᠠᠪᠤᠷᠢᠵᠢᠭᠤᠯᠵᠤ᠂  ᠵᠢᠵᠢᠭ ᠥᠭᠡᠷᠡᠴᠢᠯᠡᠯᠲᠡ ᠪᠠᠷ ᠬᠥᠳᠡᠭᠡ ᠲᠣᠰᠬᠤᠨ ᠤ ᠴᠠᠭᠳᠠᠭᠠᠨ ᠤ ᠶᠠᠪᠤᠳᠠᠯ ᠤᠨ ᠶᠡᠭᠡ ᠪᠠᠶᠢᠳᠠᠯ ᠢ ᠪᠣᠶ ᠪᠣᠯᠭᠠᠨ᠎ᠠ᠃ ᠲᠠᠷᠢᠯᠭ᠎ᠠ ᠶᠢᠨ ᠠᠵᠢᠯ ᠡᠬᠢᠯᠡᠭᠰᠡᠨ ᠠᠴᠠ ᠨᠠᠰᠢ᠂ ᠲᠥᠮᠥᠰᠥ ᠳᠠᠷᠢᠬᠤ ᠲᠤᠰᠬᠠᠶ ᠮᠡᠷᠭᠡᠵᠢᠯ ᠤᠨ ᠠᠵᠢᠯᠲᠠᠨ ᠢ ᠤᠷᠢᠵᠤ ᠬᠦᠳᠡᠭᠡ ᠲᠤᠰᠬᠤᠨ ᠳᠤ 20 ᠭᠠᠷᠤᠶ ᠤᠳᠠᠭ᠎ᠠ ᠲᠠᠶᠢᠯᠪᠤᠷᠢᠯᠠᠯᠳᠠ ᠬᠢᠯᠭᠡᠵᠦ᠂ 12 ᠪᠣᠳᠠᠲᠠᠶ ᠠᠰᠠᠭᠤᠳᠠᠯ ᠢ ᠰᠢᠢᠳᠪᠦᠷᠢᠯᠡᠪᠡ᠃     ᠭᠤᠷᠪᠠ ᠳᠤ᠂ ᠬᠥᠭᠵᠢᠯᠲᠡ ᠶᠢ ᠬᠠᠮᠠᠭᠠᠯᠠᠵᠤ᠂ ᠡᠶ᠎ᠡ ᠵᠣᠬᠢᠴᠠᠯ ᠲᠠᠢ ︽ᠰᠠᠶᠢᠬᠠᠨ ᠦᠵᠡᠮᠵᠢ︾ ᠶᠢ ᠵᠢᠷᠤᠭᠯᠠᠪᠠ᠃ ᠬᠥᠳᠡᠭᠡ ᠲᠣᠰᠬᠤᠨ ᠤ ᠭᠠᠵᠠᠷ ᠣᠷᠣᠨ ᠤ ᠵᠥᠷᠢᠴᠡᠯ ᠵᠢᠭᠤᠷᠠᠯᠳᠤᠭᠠᠨ ᠢ ᠵᠢᠭᠰᠠᠭᠠᠨ ᠪᠠᠶᠢᠴᠠᠭᠠᠵᠤ ᠠᠷᠢᠯᠭᠠᠬᠤ ᠠᠵᠢᠯ ᠳᠤ ᠠᠩᠬᠠᠷᠤᠯ ᠢᠶᠠᠨ ᠲᠥᠪᠯᠡᠷᠡᠭᠦᠯᠵᠦ᠂ ︽ᠨᠢᠭᠡ ᠲᠣᠰᠬᠤᠨ ᠨᠢᠭᠡ ᠴᠠᠭᠳᠠᠭ᠎ᠠ︾ ᠶᠢᠨ ᠦᠨᠳᠦᠰᠦᠨ ᠱᠠᠲᠤᠨ ᠤ ᠵᠠᠰᠠᠯᠲᠠ ᠶᠢᠨ ᠰᠢᠰᠲ᠋ᠧᠮ ᠢᠶᠠᠷ ᠭᠠᠷᠳᠠᠴᠠ ᠪᠣᠯᠭᠠᠵᠤ᠂ ︽ᠴᠠᠭᠳᠠᠭᠠᠨ ᠤ ᠶᠠᠪᠤᠳᠠᠯ + ᠶᠡᠷᠦᠩᠬᠡᠶᠢᠯᠡᠨ ᠵᠠᠰᠠᠯᠳᠠ︾ ᠶᠢᠨ ᠬᠤᠯᠪᠣᠭᠠᠯᠠᠨ ᠬᠥᠳᠡᠯᠦᠯᠴᠡᠵᠦ ᠬᠠᠮᠲᠤ ᠪᠠᠷ ᠵᠠᠰᠠᠬᠤ ᠶᠢ ᠢᠳᠡᠪᠬᠢᠲᠡᠶ ᠠᠬᠢᠭᠤᠯᠪᠠ᠃ ᠣᠳᠣᠬᠠᠨ ᠤ ᠠᠮᠠᠷᠬᠠᠨ ᠡᠭᠦᠰᠬᠦ ᠭᠡᠷ ᠪᠦᠯᠢ ᠶᠢᠨ ᠵᠢᠭᠤᠷᠠᠯᠳᠤᠭᠠᠨ᠂ ᠠᠵᠢᠯᠴᠢᠨ ᠬᠥᠷᠥᠩᠭᠡᠲᠡᠨ ᠤ ᠵᠢᠭᠤᠷᠠᠯᠳᠤᠭᠠᠨ᠂ ᠭᠠᠵᠠᠷ ᠰᠢᠷᠣᠶ ᠶᠢᠨ ᠵᠢᠭᠤᠷᠠᠯᠳᠤᠭᠠᠨ ᠤ ᠬᠡᠷᠡᠭ ᠵᠡᠷᠭᠡ ᠶᠢᠨ ᠲᠣᠭᠤᠷᠢᠨ ᠳᠤ ᠵᠢᠭᠰᠠᠭᠠᠨ ᠪᠠᠶᠢᠴᠠᠭᠠᠬᠤ ᠠᠵᠢᠯ ᠢ ᠥᠷᠨᠢᠭᠦᠯᠵᠦ᠂ ᠵᠥᠷᠢᠴᠡᠯ ᠵᠢᠭᠤᠷᠠᠯᠳᠤᠭᠠᠨ ᠢ ᠪᠦᠲᠦᠮᠵᠢᠲᠡᠶ ᠠᠷᠢᠯᠭᠠᠬᠤ ᠳᠤ ᠰᠠᠨᠠᠭᠠᠴᠢᠯᠠᠭᠠᠲᠤ ᠡᠷᠬᠡ ᠶᠢ ᠣᠯᠭᠤᠬᠤ ᠬᠡᠷᠡᠭᠲᠡᠶ᠃ ᠡᠨᠡ ᠵᠢᠯ ᠲᠣᠮᠢᠯᠠᠭᠰᠠᠨ ᠰᠠᠯᠪᠤᠷᠢ ᠨᠢᠭᠡᠨᠲᠡ ᠲᠠᠷᠢᠶᠠᠯᠠᠩ ᠳᠤ ᠬᠤᠯᠪᠣᠭᠳᠠᠭᠰᠠᠨ ᠡᠯ᠎ᠡ ᠲᠥᠷᠥᠯ ᠤᠨ ᠵᠥᠷᠢᠴᠡᠯ ᠵᠢᠭᠤᠷᠠᠯᠳᠤᠭᠠᠨ ᠢ ᠨᠡᠶᠢᠲᠡ 21 ᠤᠳᠠᠭ᠎ᠠ ᠡᠶᠡᠳᠡᠭᠦᠯᠵᠦ᠂ ᠰᠢᠢᠳᠪᠦᠷᠢᠯᠡᠭᠰᠡᠨ ᠨᠣᠷᠮ᠎ᠠ ᠨᠢ 98% ᠳᠤ ᠬᠦᠷᠴᠡᠶ᠃
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2