ᠬᠤᠸᠠᠳᠧ ᠰᠢᠶᠠᠨ ᠪᠥᠬᠦ ᠰᠢᠶᠠᠨ ᠤ ᠤᠳᠤᠷᠢᠳᠬᠤ ᠺᠠᠳ᠋ᠷᠴᠤᠳ ᠤᠨ ᠶᠠᠷᠢᠶ᠎ᠠ ᠳᠠᠶᠢᠯᠤᠮᠵᠢ ᠶᠢᠨ ᠲᠠᠩᠬᠢᠮ ︵ᠳᠥᠷᠪᠡᠳᠦᠭᠡᠷ ᠬᠤᠭᠤᠴᠠᠭ᠎ᠠ︶ ᠡᠷᠭᠢᠯᠡᠪᠡ
ᠨᠡᠶᠢᠲᠡᠯᠡᠭᠰᠡᠨ ᠴᠠᠭ᠄
2024/5/17
       5 ᠰᠠᠷ᠎ᠠ ᠶᠢᠨ 16 ᠤ ᠡᠳᠦᠷ᠂ ᠬᠤᠸᠠᠳᠧ ᠰᠢᠶᠠᠨ ᠪᠦᠬᠦ ᠰᠢᠶᠠᠨ ᠤ ᠤᠳᠤᠷᠢᠳᠬᠤ ᠺᠠᠳ᠋ᠷᠴᠤᠳ ᠤᠨ ᠶᠠᠷᠢᠶ᠎ᠠ ᠳᠠᠶᠢᠯᠤᠮᠵᠢ ᠶᠢᠨ ᠲᠠᠩᠬᠢᠮ ︵ᠳᠥᠷᠪᠡᠳᠦᠭᠡᠷ ᠬᠤᠭᠤᠴᠠᠭ᠎ᠠ︶ ᠡᠷᠬᠢᠯᠡᠪᠡ᠃    ᠶᠠᠷᠢᠶ᠎ᠠ ᠳᠠᠶᠢᠯᠤᠮᠵᠢ ᠶᠢᠨ ᠳᠠᠩᠬᠢᠮ ᠳᠡᠭᠡᠷ᠎ᠡ᠂ ᠰᠢᠶᠠᠨ ᠤ ᠡᠮ ᠡᠮᠨᠡᠯᠭᠡ ᠶᠢᠨ ᠳᠠᠭᠠᠳᠬᠠᠯ ᠤᠨ ᠲᠣᠪᠴᠢᠶ᠎ᠠ ᠶᠢᠨ ᠳᠠᠷᠤᠭ᠎ᠠ ᠯᠢᠦ ᠠᠶ ᠷᠦᠩ ᠡᠮ ᠡᠮᠨᠡᠯᠭᠡ ᠶᠢᠨ ᠳᠠᠭᠠᠳᠬᠠᠯ ᠤᠨ ᠲᠦᠷᠢᠮ ᠤᠨ ᠲᠦᠢᠮᠣ ᠪᠠᠶᠢᠳᠠᠯ ᠬᠢᠭᠡᠳ ᠬᠥᠭᠵᠢᠯᠲᠡ ᠶᠢᠨ ᠬᠠᠨᠳᠤᠰᠢ᠂ ᠳᠠᠭᠠᠳᠬᠠᠯ ᠳᠤ ᠣᠷᠣᠯᠴᠠᠬᠤ ᠲᠥᠷᠥ ᠶᠢᠨ ᠪᠣᠳᠣᠯᠭ᠎ᠠ ᠶᠢᠨ ᠲᠠᠶᠢᠯᠤᠮᠵᠢ᠂ ᠡᠮ ᠡᠮᠨᠡᠯᠭᠡ ᠶᠢᠨ ᠳᠠᠭᠠᠳᠬᠠᠯ ᠤᠨ ᠲᠠᠩᠰᠠ ᠲᠠᠶᠢᠯᠬᠤ ᠲᠥᠷᠥ ᠶᠢᠨ ᠪᠣᠳᠣᠯᠭ᠎ᠠ ᠬᠢᠭᠡᠳ ᠴᠤᠪᠤᠷᠠᠯ ᠤᠨ ᠲᠠᠶᠢᠯᠤᠮᠵᠢ᠂ ᠠᠵᠢᠯᠲᠠᠨ ᠠᠵᠢᠯᠴᠢᠨ ᠤ ᠦᠷᠡᠵᠢᠯ ᠤᠨ ᠳᠠᠭᠠᠳᠬᠠᠯ᠂ ᠣᠷᠣᠰᠢᠵᠤ ᠪᠠᠶᠢᠭ᠎ᠠ ᠠᠰᠠᠭᠤᠳᠠᠯ ᠵᠢᠴᠢ ᠲᠠᠷᠠᠭᠠᠴᠢ ᠶᠢᠨ ᠠᠯᠬᠤᠮ ᠤᠨ ᠠᠵᠢᠯ ᠵᠢᠴᠢ ᠳᠠᠭᠠᠳᠬᠠᠯ ᠢ ᠮᠡᠬᠡᠯᠡᠨ ᠠᠪᠤᠭᠰᠠᠨ ᠬᠡᠷᠡᠭ ᠤᠨ ᠵᠢᠱᠢᠶ᠎ᠡ ᠶᠢ ᠬᠤᠪᠢᠶᠠᠯᠴᠠᠨ ᠡᠳ᠋ᠯᠡᠬᠦ ᠵᠡᠷᠭᠡ ᠠᠭᠤᠯᠭ᠎ᠠ ᠶᠢᠨ ᠲᠣᠭᠤᠷᠢᠨ ᠳᠤ 2024 ᠣᠨ ᠤ ᠡᠮ ᠡᠮᠨᠡᠯᠭᠡ ᠶᠢᠨ ᠳᠠᠭᠠᠳᠬᠠᠯ ᠤᠨ ᠲᠥᠷᠥ ᠶᠢᠨ ᠪᠣᠳᠣᠯᠭ᠎ᠠ ᠶᠢᠨ ᠲᠤᠬᠠᠶ ᠲᠤᠰᠬᠠᠶ ᠰᠡᠳᠦᠪᠲᠦ ᠲᠠᠶᠢᠯᠤᠮᠵᠢ ᠬᠢᠪᠠ᠃    ᠤᠯᠠᠨ ᠢᠶᠠᠷ ᠢᠶᠠᠨ᠂ ︽ᠶᠠᠷᠢᠶ᠎ᠠ ᠳᠠᠶᠢᠯᠤᠮᠵᠢ ᠶᠢᠨ ᠲᠠᠩᠬᠢᠮ︾ ᠤᠨ ᠪᠣᠯᠪᠠᠰᠤᠷᠠᠯ ᠤᠨ ᠠᠭᠤᠯᠭ᠎ᠠ ᠪᠠᠶᠠᠯᠢᠭ᠂ ᠡᠮ ᠡᠮᠨᠡᠯᠭᠡ ᠶᠢᠨ ᠳᠠᠭᠠᠳᠬᠠᠯ ᠤᠨ ᠲᠦᠷᠦ ᠶᠢᠨ ᠪᠤᠳᠤᠯᠭ᠎ᠠ ᠳᠤ ᠤᠨᠤᠪᠴᠢᠳᠠᠢ ᠳᠠᠶᠢᠯᠤᠮᠵᠢ ᠬᠢᠵᠤ᠂ ᠬᠡᠷᠡᠭ ᠤᠨ ᠵᠢᠱᠢᠶ᠎ᠡ ᠶᠢᠨ ᠵᠠᠳᠠᠯᠤᠯᠲᠠ ᠶᠢ ᠭᠦᠨᠵᠡᠭᠡᠢ ᠪᠥᠭᠡᠳ ᠣᠶᠢᠯᠠᠭᠠᠮᠵᠢᠲᠠᠢ᠂ ᠤᠯᠠᠨ ᠢ ᠬᠠᠪᠰᠤᠷᠤᠨ ᠡᠮ ᠡᠮᠨᠡᠯᠭᠡ ᠶᠢᠨ ᠳᠠᠭᠠᠳᠬᠠᠯ ᠤᠨ ᠲᠦᠷᠦ ᠶᠢᠨ ᠪᠤᠳᠤᠯᠭ᠎ᠠ ᠶᠢ ᠨᠡᠩ ᠰᠠᠶᠢᠲᠤᠷ ᠣᠶᠢᠯᠠᠭᠠᠵᠤ ᠴᠢᠳᠠᠬᠤ ᠪᠠᠷ ᠪᠠᠷᠠᠬᠤ ᠦᠭᠡᠢ᠂ ᠪᠠᠰᠠ ᠤᠯᠠᠨ ᠤ ᠰᠤᠷᠤᠯᠴᠠᠬᠤ ᠬᠠᠯᠠᠭᠤᠨ ᠰᠡᠳᠬᠢᠯᠭᠡ ᠶᠢ ᠬᠥᠭᠵᠢᠭᠡᠵᠦ᠂ ᠡᠮ ᠡᠮᠨᠡᠯᠭᠡ ᠶᠢᠨ ᠳᠠᠭᠠᠳᠬᠠᠯ ᠤᠨ ᠦᠢᠯᠡᠰ ᠤᠨ ᠬᠥᠭᠵᠢᠯᠲᠡ ᠶᠢᠨ ᠳᠣᠲᠣᠭᠠᠳᠤ ᠬᠥᠳᠡᠯᠭᠡᠬᠦ ᠬᠦᠴᠦᠨ ᠢ ᠪᠦᠷᠢᠯᠳᠦᠭᠦᠯᠬᠦ ᠶᠢ ᠠᠬᠢᠭᠤᠯᠵᠤ ᠴᠢᠳᠠᠨ᠎ᠠ ᠭᠡᠵᠦ ᠢᠯᠡᠳᠬᠡᠵᠡᠭᠡᠪᠡ᠃    ᠰᠢᠶᠠᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠦᠷᠦ ᠶᠢᠨ ᠵᠥᠪᠯᠡᠯᠭᠡᠨ ᠤ ᠤᠳᠤᠷᠢᠳᠬᠤ ᠪᠠᠭ ᠤᠨ ᠪᠦᠷᠢᠯᠳᠦᠬᠦᠨ᠂ ︽ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ︾ ᠶᠢᠨ ᠳᠠᠷᠤᠭ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ ᠭᠡᠷ᠂ ᠵᠠᠰᠠᠭ ᠤᠨ ᠣᠷᠳᠣᠨ ᠤ ᠠᠯᠪᠠᠨ ᠭᠡᠷ᠂ ᠤᠯᠤᠰ ᠲᠦᠷᠦ ᠶᠢᠨ ᠵᠥᠪᠯᠡᠯᠭᠡᠨ ᠤ ᠠᠯᠪᠠᠨ ᠭᠡᠷ ᠤᠨ ᠡᠷᠬᠢᠯᠡᠭᠴᠢ᠂ ᠰᠢᠶᠠᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ᠂ ᠰᠢᠶᠠᠨ ᠤ ᠰᠢᠭᠤᠳ ᠬᠠᠷᠢᠶ᠎ᠠ ᠡᠯ᠎ᠡ ᠨᠢᠭᠡᠴᠢ᠂ ᠡᠯ᠎ᠡ ᠠᠷᠠᠳ ᠤᠨ ᠪᠦᠯᠬᠦᠮ᠂ ᠰᠢᠶᠠᠨ ᠤ ᠬᠠᠷᠢᠶ᠎ᠠ ᠵᠢᠴᠢ ᠰᠢᠶᠠᠨ ᠳᠤ ᠰᠠᠭᠤᠭ᠎ᠠ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ ᠶᠢᠨ ᠭᠤᠣᠯ ᠬᠠᠷᠢᠭᠤᠴᠠᠯᠭᠠᠲᠠᠨ ᠨᠥᠬᠦᠳ᠂ ᠡᠯ᠎ᠡ ᠰᠢᠶᠠᠩ ᠪᠠᠯᠭᠠᠰᠤᠨ ᠤ ᠨᠠᠮ ᠵᠠᠰᠠᠭ ᠤᠨ ᠭᠤᠣᠯ ᠬᠠᠷᠢᠭᠤᠴᠠᠯᠭᠠᠲᠠᠨ ᠨᠥᠬᠦᠳ ᠬᠤᠷᠠᠯ ᠳᠤ ᠣᠷᠣᠯᠴᠠᠪᠠ᠃                               ᠤᠷᠴᠢᠭᠤᠯᠤᠭᠴᠢ᠄ ᠬᠦᠰᠡᠯ                               ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2