ᠢᠳᠡᠭᠡᠮᠵᠢ ᠪᠠᠨ ᠠᠯᠳᠠᠭᠰᠠᠨ ᠬᠦᠢᠴᠡᠳᠭᠡᠭᠳᠡᠭᠴᠢ ᠶᠢᠨ ᠢᠲᠡᠭᠡᠮᠵᠢ ᠶᠢ ᠰᠡᠷᠭᠦᠭᠡᠬᠦ ᠬᠤᠯᠪᠣᠭᠳᠠᠯ ᠪᠥᠬᠦᠶ ᠵᠦᠢᠯᠡᠰ ᠤᠨ ᠲᠤᠬᠠᠢ ᠤᠯᠠᠭᠠᠨᠴᠠᠪ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠭᠦᠬᠦ ᠬᠤᠷᠢᠶᠠᠨ ᠤ ᠠᠯᠪᠠᠨ ᠵᠠᠷ
ᠨᠡᠶᠢᠲᠡᠯᠡᠭᠰᠡᠨ ᠴᠠᠭ᠄
2024/5/20
   ᠰᠠᠶᠢᠨ ᠰᠠᠨᠠᠭᠠᠨ ᠤ ᠪᠣᠯᠪᠠᠰᠤᠨ ᠢᠶᠠᠷ ᠬᠡᠷᠡᠭᠵᠢᠭᠦᠯᠬᠦ ᠣᠶᠢᠯᠠᠭᠠᠭᠳᠠᠬᠤᠨ ᠢ ᠲᠤᠭᠤᠰᠢᠯᠠᠭᠤᠯᠤᠨ ᠨᠠᠶᠢᠳᠠᠪᠤᠷᠢᠵᠢᠭᠤᠯᠵᠤ᠂ ᠨᠡᠶᠢᠭᠡᠮ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢ ᠠᠬᠢᠭᠤᠯᠤᠨ᠂ ᠪᠣᠳᠠᠲᠤ ᠴᠣᠭᠴᠠ ᠶᠢᠨ ᠠᠵᠤ ᠠᠬᠤᠶᠢᠯᠠᠯ ᠤᠨ ᠡᠷᠡᠭᠦᠯ ᠢᠶᠠᠷ ᠬᠥᠭᠵᠢᠬᠦ ᠶᠢ ᠳᠡᠮᠵᠢᠬᠦ ᠶᠢᠨ ᠲᠤᠰᠠᠳᠠ᠂ ᠨᠥᠬᠦᠴᠡᠯ ᠳᠤ ᠨᠡᠶᠢᠴᠡᠬᠦ ᠢᠳᠡᠭᠡᠮᠵᠢ ᠪᠠᠨ ᠠᠯᠳᠠᠭᠰᠠᠨ ᠭᠦᠢᠴᠡᠳᠬᠡᠭᠳᠡᠭᠴᠢ ᠶᠢᠨ ᠢᠳᠡᠭᠡᠮᠵᠢ ᠶᠢ ᠨᠢ ᠬᠠᠤᠯᠢ ᠶᠣᠰᠣᠭᠠᠷ ᠰᠡᠷᠬᠦᠭᠡᠨ᠎ᠡ᠃ ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠢᠷᠭᠡᠨ ᠤ ᠵᠠᠷᠭᠤ ᠶᠢᠨ ᠬᠠᠤᠯᠢ︾᠂ ︽ᠢᠳᠡᠭᠡᠮᠵᠢ ᠪᠠᠨ ᠠᠯᠳᠠᠭᠰᠠᠨ ᠭᠦᠢᠴᠡᠳᠬᠡᠭᠳᠡᠭᠴᠢ ᠶᠢᠨ ᠨᠡᠷᠡᠰ ᠤᠨ ᠮᠡᠳᠡᠭᠡ ᠵᠠᠩᠭᠢ ᠶᠢ ᠨᠡᠶᠢᠲᠡᠯᠡᠬᠦ ᠲᠤᠬᠠᠶ ᠠᠷᠠᠳ ᠤᠨ ᠳᠡᠭᠡᠳᠦ ᠵᠡᠷᠭᠡ  ᠶᠢᠨ ᠰᠢᠭᠦᠬᠦ ᠬᠤᠷᠢᠶᠠᠨ ᠤ ᠡᠳᠦᠢ ᠲᠡᠳᠦᠢ ᠲᠣᠭᠲᠠᠭᠠᠯ︾ ᠵᠢᠴᠢ ︽ᠭᠦᠢᠴᠡᠳᠬᠡᠬᠦ ᠠᠵᠢᠯ ᠤᠨ ᠳᠤᠮᠳᠠ ᠰᠠᠶᠢᠨ ᠰᠠᠨᠠᠭᠠᠨ ᠤ ᠪᠣᠯᠪᠠᠰᠤᠨ ᠢᠶᠠᠷ ᠭᠦᠢᠴᠡᠳᠬᠡᠬᠦ ᠣᠶᠢᠯᠠᠭᠠᠭᠳᠠᠬᠤᠨ ᠢ ᠤᠯᠠᠮ ᠨᠢᠭᠡ ᠠᠯᠬᠤᠮ ᠴᠢᠩᠭᠠᠳᠬᠠᠬᠤ ᠲᠤᠬᠠᠶ ᠠᠷᠠᠳ ᠤᠨ ᠳᠡᠭᠡᠳᠦ ᠵᠡᠷᠭᠡ ᠶᠢᠨ ᠰᠢᠭᠦᠬᠦ ᠬᠤᠷᠢᠶᠠᠨ ᠤ ᠰᠠᠨᠠᠯ︾ ᠵᠡᠷᠭᠡ ᠲᠣᠭᠲᠠᠭᠠᠯ ᠶᠣᠰᠣᠭᠠᠷ᠂ ᠡᠳᠦᠭᠡ ᠢᠲᠡᠭᠡᠮᠵᠢ ᠶᠢ ᠰᠡᠷᠭᠦᠭᠡᠬᠦ ᠬᠠᠮᠢᠶ᠎ᠠ ᠪᠥᠬᠦᠶ ᠵᠦᠢᠯᠡᠰ ᠢ ᠳᠣᠤᠷᠠᠬᠢ ᠮᠡᠲᠦ ᠵᠠᠷᠯᠠᠶ᠎ᠠ᠄    ᠨᠢᠭᠡ᠂ ᠤᠯᠠᠭᠠᠨᠴᠠᠪ ᠤᠨ ᠰᠢᠭᠦᠬᠦ ᠬᠤᠷᠢᠶ᠎ᠠ ᠶᠢᠨ ᠢᠲᠡᠭᠡᠮᠵᠢ ᠪᠠᠨ ᠠᠯᠳᠠᠭᠰᠠᠨ ᠭᠦᠢᠴᠡᠳᠬᠡᠭᠳᠡᠭᠴᠢ ᠶᠢᠨ ᠨᠡᠷᠡᠰ ᠲᠤ ᠣᠷᠣᠭᠰᠠᠨ ᠠᠵᠤ ᠠᠬᠤᠶᠢᠯᠠᠯ ᠵᠢᠴᠢ ᠬᠤᠪᠢ ᠬᠥᠮᠦᠨ ᠳᠣᠤᠷᠠᠬᠢ ᠪᠠᠶᠢᠳᠠᠯ ᠤᠨ ᠨᠢᠭᠡ ᠳᠤ ᠨᠢ ᠨᠡᠶᠢᠴᠡᠪᠠᠯ᠂ ᠲᠣᠰ ᠠᠯᠪᠠᠨ ᠵᠠᠷ ᠢ ᠨᠡᠶᠢᠲᠡᠯᠡᠭᠰᠡᠨ ᠡᠳᠦᠷ ᠠᠴᠠ ᠡᠬᠢᠯᠡᠨ ᠭᠤᠴᠢᠨ ᠡᠳᠦᠷ ᠤᠨ ᠳᠣᠲᠣᠷ᠎ᠠ ᠰᠢᠭᠦᠬᠦ ᠬᠤᠷᠢᠶᠠᠨ ᠳᠤ ᠪᠢᠴᠢᠭ ᠤᠨ ᠬᠡᠯᠪᠡᠷᠢ ᠪᠠᠷ ᠰᠡᠷᠭᠦᠭᠡᠬᠦ ᠭᠤᠶᠤᠴᠢᠯᠠᠯ ᠭᠠᠷᠭᠠᠵᠤ ᠪᠣᠯᠤᠨ᠎ᠠ᠃ ᠬᠢᠨᠠᠨ ᠪᠠᠶᠢᠴᠠᠭᠠᠭᠠᠳ ᠨᠥᠬᠦᠴᠡᠯ ᠳᠤ ᠨᠡᠶᠢᠴᠡᠪᠡᠯ᠂ ᠬᠠᠤᠯᠢ ᠶᠣᠰᠣᠭᠠᠷ ᠢᠲᠡᠭᠡᠯ ᠠᠯᠳᠠᠭᠰᠠᠨ ᠮᠡᠳᠡᠭᠡ ᠵᠠᠩᠭᠢ ᠶᠢ ᠨᠢ ᠬᠠᠯᠬᠠᠯᠠᠨ᠎ᠠ᠃    ︵ᠨᠢᠭᠡ︶ ᠭᠦᠶᠢᠴᠡᠳᠬᠡᠭᠳᠡᠬᠦ ᠬᠥᠮᠦᠨ ᠨᠢ ᠬᠦᠴᠦᠨ ᠲᠠᠢ ᠪᠣᠯᠤᠭᠰᠠᠨ ᠬᠠᠤᠯᠢ ᠴᠠᠭᠠᠵᠠ ᠶᠢᠨ ᠪᠢᠴᠢᠭ ᠬᠠᠷ᠎ᠠ  ᠶᠢᠨ ᠲᠣᠭᠲᠠᠭᠠᠭᠰᠠᠨ ᠡᠭᠦᠷᠭᠡ ᠶᠢ ᠨᠢᠭᠡᠨᠲᠡ ᠭᠦᠶᠢᠴᠡᠳᠬᠡᠭᠰᠡᠨ ᠪᠤᠶᠤ ᠠᠷᠠᠳ ᠤᠨ ᠰᠢᠭᠦᠬᠦ ᠬᠤᠷᠢᠶ᠎ᠠ ᠨᠢᠭᠡᠨᠲᠡ ᠭᠦᠶᠢᠴᠡᠳᠬᠡᠵᠦ ᠳᠠᠭᠤᠰᠤᠭᠰᠠᠨ ᠪᠠᠶᠢᠳᠠᠯ᠃    ︵ᠬᠤᠶᠠᠷ︶ ᠪᠤᠰᠤᠳ ᠠᠵᠤ ᠠᠬᠤᠶᠢᠯᠠᠯ ᠤᠨ ᠦᠶᠢᠯᠡᠳᠪᠦᠷᠢᠯᠡᠯ ᠡᠵᠡᠩᠨᠡᠯᠲᠡ ᠳᠤ ᠪᠠᠲᠤᠯᠠᠭ᠎ᠠ ᠬᠠᠩᠭᠠᠬᠤ ᠴᠢᠬᠤᠯᠠ ᠲᠠᠢ᠂ ᠲᠤᠰ ᠪᠡᠶ᠎ᠡ ᠶᠢᠨ ᠬᠢᠨᠢ ᠦᠶᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠰᠠᠶᠢᠨ ᠮᠥᠷᠲᠡᠭᠡᠨ ᠰᠢᠭᠦᠬᠦ ᠬᠤᠷᠢᠶᠠᠨ ᠳᠤ ᠬᠠᠮᠵᠢᠯᠴᠠᠨ ᠭᠦᠶᠢᠴᠡᠳᠬᠡᠭᠰᠡᠨ ᠪᠠᠶᠢᠳᠠᠯ ᠪᠠᠶᠢᠬᠤ᠃ ᠠᠵᠤ ᠠᠬᠤᠶᠢᠯᠠᠯ ᠤᠨ ᠬᠠᠤᠯᠢ ᠳᠤ ᠲᠣᠭᠲᠠᠭᠠᠭᠰᠠᠨ ᠲᠥᠯᠥᠭᠡᠯᠡᠭᠴᠢ ᠪᠠ ᠲᠡᠭᠦᠨ ᠤ ᠭᠡᠷ ᠪᠦᠯᠢ ᠶᠢᠨ ᠪᠦᠷᠢᠯᠳᠦᠬᠦᠨ ᠨᠢ ᠠᠵᠤ ᠠᠬᠤᠶᠢᠯᠠᠯ ᠤᠨ ᠦᠢᠯᠡᠳᠪᠦᠷᠢᠯᠡᠵᠦ ᠡᠵᠡᠩᠨᠡᠬᠦ ᠳᠤ ᠪᠠᠲᠤᠯᠠᠭ᠎ᠠ ᠬᠠᠩᠭᠠᠬᠤ ᠴᠢᠬᠤᠯᠠ ᠲᠠᠢ ᠠᠴᠠ ᠬᠦᠶᠢᠴᠡᠳᠬᠡᠭᠳᠡᠬᠦ ᠬᠥᠮᠦᠨ ᠢᠶᠠᠷ ᠲᠤᠭᠳᠠᠭᠠᠭᠳᠠᠭᠰᠠᠨ ᠪᠦᠭᠡᠳ ᠰᠢᠭᠦᠬᠦ ᠬᠤᠷᠢᠶᠠᠨ ᠳᠤ ᠬᠠᠮᠵᠢᠯᠴᠠᠨ ᠭᠦᠶᠢᠴᠡᠳᠬᠡᠭᠰᠡᠨ ᠪᠠᠶᠢᠳᠠᠯ ᠪᠠᠶᠢᠬᠤ᠃    ︵ᠭᠤᠷᠪᠠ︶ ᠵᠥᠪᠬᠡᠨ ᠪᠣᠳᠠᠰ ᠤᠨ ᠳᠠᠭᠠᠭᠠᠯᠲᠠ ᠶᠢᠨ ᠬᠠᠷᠢᠭᠤᠴᠠᠯᠭ᠎ᠠ ᠲᠠᠢ ᠪᠥᠭᠡᠳ ᠰᠢᠭᠦᠬᠦ ᠬᠤᠷᠢᠶ᠎ᠠ ᠲᠠᠢ ᠬᠠᠮᠵᠢᠯᠴᠠᠨ ᠭᠦᠶᠢᠴᠡᠳᠬᠡᠭᠰᠡᠨ ᠪᠠᠶᠢᠳᠠᠯ ᠪᠠᠶᠢᠬᠤ᠃    ︵ᠲᠦᠷᠪᠡ︶  ᠬᠦᠢᠴᠡᠳᠭᠡᠬᠦ ᠶᠠᠪᠤᠴᠠ ᠳᠤ ᠬᠦᠢᠴᠡᠳ ᠪᠦᠲᠦᠮᠵᠢᠲᠡᠢ ᠳᠠᠭᠠᠭᠠᠯᠳᠠ ᠬᠠᠩᠭᠠᠭᠰᠠᠨ ᠪᠠᠶᠢᠳᠠᠯ ᠪᠠᠶᠢᠬᠤ᠃    ︵ᠲᠠᠪᠤ︶ ᠪᠦᠬᠦᠯᠢ ᠡᠳᠦᠷ ᠤᠨ ᠳᠦᠷᠢᠮᠲᠦ ᠰᠤᠷᠭᠠᠭᠤᠯᠢ ᠳᠤ ᠪᠠᠶᠢᠭ᠎ᠠ ᠰᠤᠷᠤᠭᠴᠢᠳ ᠤᠨ ︽ᠰᠤᠷᠭᠠᠭᠤᠯᠢ ᠶᠢᠨ ᠬᠦᠷᠢᠶᠡᠨ ᠤ ᠵᠢᠭᠡᠯᠡᠯᠭᠡ︾ ᠶᠢᠨ ᠵᠢᠭᠤᠷᠠᠯᠳᠤᠭᠠᠨ ᠠᠴᠠ ᠪᠣᠯᠵᠤ ᠭᠦᠢᠴᠡᠳᠭᠡᠭᠳᠡᠭᠴᠢ ᠪᠤᠯᠤᠭᠰᠠᠨ ᠪᠠᠶᠢᠳᠠᠯ᠃    ︵ᠵᠢᠷᠭᠤᠭ᠎ᠠ︶ ᠲᠣᠭᠲᠠᠭᠠᠯ ᠳᠤ ᠨᠡᠶᠢᠴᠡᠭᠰᠡᠨ ᠪᠤᠰᠤᠳ ᠪᠠᠶᠢᠳᠠᠯ᠃    ᠬᠤᠶᠠᠷ᠂ ᠭᠤᠶᠤᠴᠢᠯᠠᠬᠤ ᠮᠠᠲ᠋ᠧᠷᠢᠶᠠᠯ ᠳᠤ ᠳᠣᠤᠷᠠᠬᠢ ᠠᠭᠤᠯᠭ᠎ᠠ ᠶᠢ ᠪᠠᠭᠲᠠᠭᠠᠬᠤ ᠬᠡᠷᠡᠭᠲᠡᠶ    1. ᠭᠤᠶᠤᠴᠢᠯᠠᠯ ᠤᠨ ᠪᠢᠴᠢᠭ᠄ ᠭᠦᠢᠴᠡᠳᠬᠡᠭᠳᠡᠭᠴᠢ ᠶᠢᠨ ᠦᠨᠳᠦᠰᠦᠨ ᠮᠡᠳᠡᠭᠡ ᠵᠠᠩᠭᠢ᠂ ᠬᠦᠴᠦᠨ ᠪᠦᠬᠦᠢ ᠬᠠᠶ᠋ᠢᠭ ᠪᠠ ᠬᠠᠷᠢᠯᠴᠠᠬᠤ ᠤᠲᠠᠰᠤ᠂ ᠬᠦᠴᠦᠨ ᠲᠠᠢ ᠬᠠᠤᠯᠢ ᠴᠠᠭᠠᠵᠠ ᠶᠢᠨ ᠪᠢᠴᠢᠭ ᠬᠠᠷ᠎ᠠ ᠳᠤ ᠲᠣᠭᠲᠠᠭᠠᠭᠰᠠᠨ ᠡᠭᠦᠷᠭᠡ ᠶᠢ ᠭᠦᠢᠴᠡᠳᠬᠡᠭᠰᠡᠨ ᠪᠠᠶᠢᠳᠠᠯ᠂ ᠭᠤᠶᠤᠴᠢᠯᠠᠭᠰᠠᠨ ᠵᠦᠢᠯᠡᠰ ᠵᠢᠴᠢ ᠰᠢᠯᠲᠠᠭᠠᠨ ᠵᠡᠷᠭᠡ᠃    2. ᠭᠡᠷᠡᠴᠢᠯᠡᠬᠦ ᠮᠠᠲ᠋ᠧᠷᠢᠶᠠᠯ᠄ ᠡᠵᠡᠩᠨᠡᠯᠲᠡ ᠶᠢᠨ ᠦᠨᠡᠮᠯᠡᠯ ᠤᠨ ᠬᠠᠭᠤᠯᠪᠤᠷᠢ ᠳᠡᠪᠲᠡᠷ᠂ ᠬᠠᠤᠯᠢ ᠪᠠᠷ ᠲᠣᠭᠲᠠᠭᠠᠭᠰᠠᠨ ᠲᠥᠯᠥᠭᠡᠯᠡᠭᠴᠢ ᠶᠢᠨ ᠮᠡᠳᠡᠭᠡ ᠵᠠᠩᠭᠢ᠂ ᠠᠵᠤ ᠠᠬᠤᠶᠢᠯᠠᠯ ᠤᠨ ᠡᠳ᠋ ᠬᠥᠷᠥᠩᠭᠡ ᠶᠢᠨ ᠪᠠᠶᠢᠳᠠᠯ ᠪᠠ ᠭᠦᠢᠴᠡᠳᠬᠡᠬᠦ ᠴᠢᠳᠠᠪᠤᠷᠢ ᠶᠢᠨ ᠲᠤᠬᠠᠢ ᠮᠠᠲ᠋ᠧᠷᠢᠶᠠᠯ᠂ ᠪᠡᠯᠡ ᠣᠷᠣᠭᠤᠯᠤᠯᠲᠠ ᠶᠢᠨ ᠠᠰᠢᠭ ᠣᠯᠵᠠᠪᠤᠷᠢ ᠶᠢᠨ ᠮᠠᠲ᠋ᠧᠷᠢᠶᠠᠯ᠂ ᠢᠳᠡᠪᠬᠢᠲᠡᠶ ᠪᠠᠷ ᠬᠦᠢᠴᠡᠳᠭᠡᠭᠰᠡᠨ ᠪᠤᠶᠤ ᠬᠠᠮᠵᠢᠯᠴᠠᠨ ᠬᠦᠢᠴᠡᠳᠭᠡᠭᠰᠡᠨ ᠭᠡᠷᠡᠴᠢ ᠮᠠᠲ᠋ᠧᠷᠢᠶᠠᠯ ᠵᠡᠷᠭᠡ᠃ ᠲᠤᠰ ᠠᠯᠪᠠᠨ ᠵᠠᠷ ᠤᠨ ᠨᠢᠭᠡᠳᠦᠭᠡᠷ ᠵᠦᠢᠯ ᠤᠨ ︵ᠬᠤᠶᠠᠷ︶ ᠢᠶᠠᠷ ᠢᠲᠡᠭᠡᠮᠵᠢ ᠪᠠᠨ ᠰᠡᠷᠭᠦᠭᠡᠬᠦ ᠪᠠᠷ ᠭᠤᠶᠤᠴᠢᠯᠠᠪᠠᠯ᠂ ᠰᠢᠶᠠᠨ ᠤ ᠱᠠᠲᠤᠨ ᠠᠴᠠ ᠳᠡᠭᠡᠭᠰᠢᠬᠢ ᠠᠷᠠᠳ ᠤᠨ ᠵᠠᠰᠠᠭ ᠤᠨ ᠣᠷᠳᠣᠨ ᠤ ᠭᠠᠷᠭᠠᠭᠰᠡᠨ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠶᠢᠨ ᠪᠠᠶᠢᠳᠠᠯ ᠤᠨ ᠲᠤᠬᠠᠶ ᠲᠣᠳᠣᠷᠬᠠᠶᠢᠯᠠᠯᠲᠠ ᠶᠢ ᠬᠠᠮᠲᠤ ᠳᠤ ᠨᠢ ᠲᠤᠰᠢᠶᠠᠬᠤ ᠬᠡᠷᠡᠭᠲᠡᠶ᠃    ᠭᠤᠷᠪᠠ᠂ ᠭᠦᠶᠢᠴᠡᠳᠬᠡᠭᠳᠡᠬᠦ ᠬᠥᠮᠦᠨ ᠨᠢ ᠭᠦᠶᠢᠴᠡᠳᠬᠡᠭᠳᠡᠬᠦ ᠰᠢᠭᠦᠬᠦ ᠬᠤᠷᠢᠶᠠᠨ ᠳᠤ ᠭᠦᠶᠢᠴᠡᠳᠬᠡᠭᠳᠡᠬᠦ ᠬᠥᠮᠦᠨ ᠤ ᠬᠦᠴᠦᠨ ᠪᠥᠬᠦᠶ ᠡᠳ᠋ ᠬᠥᠷᠥᠩᠭᠡ ᠶᠢᠨ ᠰᠦᠪᠡᠭᠴᠢ ᠶᠢ ᠰᠠᠨᠠᠭᠠᠴᠢᠯᠠᠭ᠎ᠠ ᠠᠴᠠ ᠪᠠᠨ ᠭᠦᠶᠢᠴᠡᠳᠬᠡᠬᠦ ᠬᠡᠷᠡᠭᠲᠡᠢ᠃ ᠬᠡᠷᠪᠡ ᠪᠤᠰᠤᠳᠴᠢ ᠰᠢᠯᠲᠠᠭᠠᠨ ᠠᠴᠠ ᠪᠤᠯᠵᠤ ᠭᠦᠢᠴᠡᠳᠬᠡᠭᠳᠡᠭᠴᠢ ᠶᠢᠨ ᠡᠳ᠋ ᠬᠥᠷᠥᠩᠭᠡ ᠶᠢᠨ ᠪᠠᠶᠢᠳᠠᠯ ᠢ ᠪᠠᠶᠢᠴᠠᠭᠠᠬᠤ ᠠᠷᠭ᠎ᠠ ᠦᠭᠡᠢ ᠪᠣᠯ ᠣᠷᠣᠯᠠᠨ ᠭᠦᠢᠴᠡᠳᠬᠡᠬᠦ ᠬᠠᠤᠯᠢᠴᠢ ᠠᠴᠠ ᠭᠦᠢᠴᠡᠳᠬᠡᠬᠦ ᠰᠢᠭᠦᠬᠦ ᠬᠤᠷᠢᠶᠠᠨ ᠳᠤ ︽ᠪᠠᠶᠢᠴᠠᠭᠠᠯᠲᠠ ᠶᠢᠨ ᠵᠠᠷᠯᠢᠭ︾ ᠢ ᠭᠤᠶᠤᠴᠢᠯᠠᠵᠤ ᠪᠣᠯᠬᠤ ᠪᠥᠭᠡᠳ ︽ᠪᠠᠶᠢᠴᠠᠭᠠᠯᠲᠠ ᠶᠢᠨ ᠵᠠᠷᠯᠢᠭ︾ ᠲᠤ ᠲᠣᠭᠲᠠᠭᠠᠭᠰᠠᠨ ᠬᠤᠭᠤᠴᠠᠭᠠᠨ ᠳᠣᠲᠣᠷ᠎ᠠ ᠭᠦᠢᠴᠡᠳᠬᠡᠭᠳᠡᠭᠰᠡᠨ ᠡᠳ᠋ ᠬᠥᠷᠥᠩᠭᠡ ᠶᠢᠨ ᠪᠠᠶᠢᠳᠠᠯ ᠤᠨ ᠪᠠᠶᠢᠴᠠᠭᠠᠯᠲᠠ ᠶᠢ ᠪᠡᠶᠡᠯᠡᠭᠦᠯᠬᠦ ᠬᠡᠷᠡᠭᠲᠡᠶ᠃    ᠳᠥᠷᠪᠡ᠂ ᠥᠷᠭᠡᠨ ᠣᠯᠠᠨ ᠠᠷᠠᠳ ᠲᠦᠮᠡᠨ ᠤ ᠭᠦᠢᠴᠡᠳᠭᠡᠭᠳᠡᠭᠴᠢ ᠶᠢᠨ ᠡᠳ᠋ ᠬᠥᠷᠥᠩᠭᠡ ᠶᠢᠨ ᠰᠦᠪᠡᠭᠴᠢ ᠶᠢ ᠢᠳᠡᠪᠬᠢᠲᠡᠢ ᠪᠠᠷ ᠢᠯᠡᠴᠢᠯᠡᠨ ᠮᠡᠳᠡᠭᠦᠯᠬᠦ ᠶᠢ ᠤᠭᠲᠤᠵᠤ᠂ ᠢᠯᠡᠴᠢᠯᠡᠨ ᠮᠡᠳᠡᠬᠦᠯᠦᠭᠴᠢ ᠶᠢᠨ ᠨᠢᠭᠤᠴᠠ ᠮᠡᠳᠡᠭᠡ ᠵᠠᠩᠭᠢ ᠶᠢ ᠲᠤᠰ ᠬᠤᠷᠢᠶ᠎ᠠ ᠠᠴᠠ ᠴᠢᠩᠭ᠎ᠠ ᠬᠠᠮᠠᠭᠠᠯᠠᠨ᠎ᠠ᠃    ᠢᠯᠡᠴᠢᠯᠡᠨ ᠮᠡᠳᠡᠭᠦᠯᠬᠦ ᠤᠲᠠᠰᠤ᠄ 0474 - 8324327                       ᠤᠯᠠᠭᠠᠨᠴᠠᠪ ᠬᠤᠲᠠ ᠶᠢᠨ ᠠᠷᠠᠳ ᠤᠨ ᠳᠤᠮᠳᠠ ᠵᠡᠷᠭᠡ ᠶᠢᠨ ᠰᠢᠬᠦᠬᠦ ᠬᠤᠷᠢᠶ᠎ᠠ                                            2024 ᠣᠨ ᠤ 5 ᠰᠠᠷ᠎ᠠ ᠶᠢᠨ 13 ᠤ ᠡᠳᠦᠷ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2