| ᠰᠢᠨᠬᠤᠸᠠ ᠬᠤᠷᠢᠶ᠎ᠠ ᠶᠢᠨ ᠪᠡᠭᠡᠵᠢᠩ ᠤᠨ 5 ᠰᠠᠷ᠎ᠠ ᠶᠢᠨ 28 ᠤ ᠴᠠᠭᠢᠯᠭᠠᠨ ᠮᠡᠳᠡᠭᠡ ᠨᠠᠮ ᠤᠨ ᠲᠥᠪ | ᠬᠤᠷᠢᠶ᠎ᠠ ᠶᠢᠨ ᠤᠯᠤᠰ ᠲᠥᠷᠥ ᠶᠢᠨ ᠲᠣᠪᠴᠢᠶ᠎ᠠ 5 ᠰᠠᠷ᠎ᠠ ᠶᠢᠨ 27 ᠤ ᠦᠳᠡ ᠶᠢᠨ ᠬᠤᠶᠢᠨ᠎ᠠ ᠴᠢᠨᠠᠷ ᠰᠠᠶᠢᠲᠠᠢ | ᠭᠦᠢᠴᠡᠳ ᠠᠵᠢᠯ ᠣᠯᠭᠤᠯᠲᠠ ᠶᠢ ᠠᠬᠢᠭᠤᠯᠬᠤ ᠲᠤᠬᠠᠢ ᠠᠷᠪᠠᠨ ᠳᠥᠷᠪᠡᠳᠦᠭᠡᠷ ᠤᠳᠠᠭ᠎ᠠ ᠶᠢᠨ ᠬᠠᠮᠲᠤ ᠶᠢᠨ | ᠰᠤᠷᠤᠯᠴᠠᠯᠭ᠎ᠠ ᠬᠢᠪᠡ᠃ ᠨᠠᠮ ᠤᠨ ᠲᠥᠪ ᠬᠤᠷᠢᠶ᠎ᠠ ᠶᠢᠨ ᠶᠡᠷᠦᠩᠬᠡᠢ ᠱᠦᠵᠢ ᠰᠢ ᠶᠢᠨ ᠫᠢᠩ ᠰᠤᠷᠤᠯᠴᠠᠯᠭ᠎ᠠ ᠶᠢ | ᠡᠷᠭᠢᠯᠡᠭᠦ ᠳᠡᠭᠡᠨ᠂ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ ᠠᠬᠢᠭᠤᠯᠬᠤ ᠪᠣᠯ ᠰᠢᠨ᠎ᠡ ᠴᠠᠭ ᠦᠶ᠎ᠡ ᠰᠢᠨ᠎ᠡ | ᠠᠶᠠᠨ ᠳᠤ ᠠᠵᠢᠯ ᠣᠯᠭᠤᠬᠤ ᠠᠵᠢᠯ ᠤᠨ ᠰᠢᠨ᠎ᠡ ᠪᠠᠶᠢᠷᠢ ᠲᠣᠭᠲᠠᠭᠠᠯᠲᠠ᠂ ᠰᠢᠨ᠎ᠡ ᠡᠭᠦᠷᠭᠡ ᠬᠠᠷᠢᠭᠤᠴᠠᠯᠭ᠎ᠠ ᠮᠥᠨ᠃ | ᠠᠷᠠᠳ ᠲᠦᠮᠡᠨ ᠢᠶᠠᠷ ᠭᠤᠣᠯ ᠪᠤᠯᠭᠠᠬᠤ ᠬᠥᠭᠵᠢᠯᠲᠡ ᠶᠢᠨ ᠦᠵᠡᠯ ᠰᠠᠨᠠᠭ᠎ᠠ ᠶᠢ ᠪᠠᠷᠢᠮᠲᠠᠯᠠᠵᠤ᠂ | ᠬᠥᠳᠡᠯᠮᠦᠷᠢᠴᠢᠳ ᠤᠨ ᠪᠡᠶ᠎ᠡ ᠪᠠᠨ ᠳᠠᠭᠠᠭᠠᠵᠤ ᠠᠵᠢᠯ ᠣᠯᠬᠤ᠂ ᠵᠠᠬ᠎ᠠ ᠳᠡᠯᠭᠡᠭᠦᠷ ᠢᠶᠠᠷ ᠠᠵᠢᠯ ᠣᠯᠭᠤᠯᠲᠠ ᠶᠢ | ᠲᠣᠬᠢᠷᠠᠭᠤᠯᠬᠤ᠂ ᠵᠠᠰᠠᠭ ᠤᠨ ᠣᠷᠳᠣᠨ ᠠᠴᠠ ᠠᠵᠢᠯ ᠣᠯᠭᠤᠯᠲᠠ ᠶᠢ ᠠᠬᠢᠭᠤᠯᠬᠤ ᠪᠠ ᠦᠢᠯᠡᠰ ᠪᠣᠰᠬᠠᠬᠤ ᠶᠢ | ᠵᠣᠷᠢᠭᠵᠢᠭᠤᠯᠬᠤ ᠴᠢᠭᠯᠡᠯᠲᠡ ᠶᠢ ᠪᠦᠭᠦ ᠲᠠᠯ᠎ᠠ ᠪᠠᠷ ᠲᠤᠭᠤᠰᠢᠯᠠᠭᠤᠯᠵᠤ᠂ ᠠᠵᠢᠯ ᠣᠯᠭᠤᠯᠲᠠ ᠶᠢᠨ ᠶᠠᠰᠤ ᠴᠢᠨᠠᠷ ᠢ | ᠪᠦᠲᠦᠮᠵᠢᠲᠡᠢ ᠳᠡᠭᠡᠭᠰᠢᠯᠡᠭᠦᠯᠭᠦ ᠪᠠ ᠲᠤᠭ᠎ᠠ ᠬᠡᠮᠵᠢᠶ᠎ᠡ ᠶᠢ ᠵᠣᠬᠢᠰᠲᠠᠢ ᠨᠡᠮᠡᠭᠳᠡᠭᠦᠯᠬᠦ ᠶᠢ ᠦᠷᠭᠦᠯᠵᠢᠯᠡᠨ ᠠᠬᠢᠭᠤᠯᠵᠤ᠂ | ᠥᠷᠭᠡᠨ ᠤᠯᠠᠨ ᠬᠥᠳᠡᠯᠮᠦᠷᠢᠴᠢᠳ ᠤᠨ ᠬᠦᠷᠲᠡᠮᠵᠢ ᠶᠢᠨ ᠲᠥᠷᠥᠭᠳᠡᠯ ᠵᠢᠷᠭᠠᠯᠲᠤ ᠲᠥᠷᠥᠭᠳᠡᠯ ᠠᠮᠤᠷ ᠲᠦᠪᠰᠢᠨ ᠤ | ᠲᠥᠷᠥᠭᠳᠡᠯ ᠢ ᠲᠠᠰᠤᠷᠠᠯᠳᠠ ᠦᠭᠡᠢ ᠨᠡᠮᠡᠭᠳᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠯᠲᠠ ᠪᠠᠷ | ᠤᠯᠤᠰ ᠢᠶᠠᠨ ᠬᠦᠴᠦᠷᠬᠡᠭᠵᠢᠭᠦᠯᠬᠦ ᠪᠦᠲᠦᠭᠡᠨ ᠪᠠᠶᠢᠭᠤᠯᠤᠯᠲᠠ᠂ ᠦᠨᠳᠦᠰᠦᠲᠡᠨ ᠤ ᠰᠡᠷᠭᠦᠨ ᠮᠠᠨᠳᠤᠯᠲᠠ ᠶᠢᠨ ᠠᠭᠤᠤ | ᠦᠢᠯᠡᠰ ᠢ ᠪᠦᠭᠦ ᠲᠠᠯ᠎ᠠ ᠪᠠᠷ ᠠᠬᠢᠭᠤᠯᠬᠤ ᠳᠤ ᠬᠦᠴᠦᠲᠡᠢ ᠲᠤᠯᠭᠠᠭᠤᠷᠢᠯᠠᠯ ᠬᠠᠩᠭᠠᠬᠤ ᠬᠡᠷᠡᠭᠲᠡᠢ ᠭᠡᠵᠦ | ᠴᠢᠬᠤᠯᠠᠴᠢᠯᠠᠪᠠ᠃ | ᠳᠤᠮᠳᠠᠳᠤ ᠤᠯᠤᠰ ᠤᠨ ᠭᠦᠳᠡᠯᠮᠦᠷᠢ ᠪᠠ ᠨᠡᠶᠢᠭᠡᠮ ᠤᠨ ᠪᠠᠲᠤᠯᠠᠭ᠎ᠠ ᠶᠢᠨ ᠰᠢᠨᠵᠢᠯᠡᠬᠦ ᠤᠬᠠᠭᠠᠨ ᠤ | ᠰᠤᠳᠤᠯᠭᠠᠨ ᠤ ᠬᠦᠷᠢᠶᠡᠯᠡᠩ ᠤᠨ ᠳᠠᠷᠤᠭ᠎ᠠ ᠮᠦᠸᠧ ᠷᠦᠩ ᠰᠤᠳᠤᠯᠤᠭᠴᠢ ᠡᠨᠡ ᠬᠦ ᠠᠰᠠᠭᠤᠳᠠᠯ ᠤᠨ ᠲᠤᠬᠠᠢ | ᠲᠠᠶᠢᠯᠤᠮᠵᠢ ᠬᠢᠵᠦ᠂ ᠠᠵᠢᠯ ᠤᠨ ᠰᠠᠨᠠᠭᠤᠯᠭ᠎ᠠ ᠳᠤᠷᠠᠳᠪᠠ᠃ ᠨᠠᠮ ᠤᠨ ᠲᠥᠪ ᠬᠤᠷᠢᠶ᠎ᠠ ᠶᠢᠨ ᠤᠯᠤᠰ ᠲᠦᠷᠦ ᠶᠢᠨ | ᠲᠣᠪᠴᠢᠶ᠎ᠠ ᠶᠢᠨ ᠨᠥᠬᠦᠳ ᠲᠠᠶᠢᠯᠤᠮᠵᠢ ᠶᠢ ᠨᠠᠷᠢᠨ ᠬᠢᠨᠠᠮᠠᠭᠠᠢ ᠰᠣᠨᠣᠰᠤᠭᠰᠠᠨ ᠪᠥᠭᠡᠳ ᠶᠠᠷᠢᠯᠴᠠᠪᠠ᠃ | ᠰᠢ ᠶᠢᠨ ᠫᠢᠩ ᠲᠠᠶᠢᠯᠤᠮᠵᠢ ᠪᠠ ᠶᠠᠷᠢᠯᠴᠠᠭ᠎ᠠ ᠶᠢ ᠰᠣᠨᠣᠰᠤᠭᠰᠠᠨ ᠤ ᠳᠠᠷᠠᠭ᠎ᠠ ᠴᠢᠬᠤᠯᠠ ᠶᠠᠷᠢᠶ᠎ᠠ ᠲᠠᠯᠪᠢᠪᠠ᠃ | ᠲᠡᠷᠡ᠂ ᠠᠵᠢᠯ ᠣᠯᠭᠤᠯᠲᠠ ᠪᠣᠯ ᠬᠠᠮᠤᠭ ᠤᠨ ᠦᠨᠳᠦᠰᠦᠨ ᠠᠷᠠᠳ ᠤᠨ ᠠᠮᠢᠳᠤᠷᠠᠯ ᠮᠥᠨ᠂ ᠠᠷᠠᠳ ᠤᠯᠠᠨ ᠤ | ᠲᠤᠰ ᠪᠡᠶ᠎ᠡ ᠶᠢᠨ ᠠᠰᠢᠭ ᠲᠤᠰᠠ ᠳᠤ ᠬᠤᠯᠪᠣᠭᠳᠠᠵᠤ᠂ ᠠᠵᠤ ᠠᠬᠤᠢ ᠨᠡᠶᠢᠭᠡᠮ ᠤᠨ ᠡᠷᠡᠭᠦᠯ ᠢᠶᠠᠷ ᠬᠥᠭᠵᠢᠬᠦ ᠳᠤ | ᠬᠤᠯᠪᠣᠭᠳᠠᠵᠤ᠂ ᠤᠯᠤᠰ ᠤᠨ ᠥᠨᠢ ᠤᠳᠠᠭᠠᠨ ᠤ ᠠᠮᠤᠷ ᠲᠦᠪᠰᠢᠨ ᠳᠤ ᠬᠤᠯᠪᠣᠭᠳᠠᠨ᠎ᠠ᠃ ᠨᠠᠮ ᠤᠨ ᠠᠷᠪᠠᠨ | ᠨᠠᠶᠢᠮᠠᠳᠤᠭᠠᠷ ᠶᠡᠭᠡ ᠬᠤᠷᠠᠯ ᠠᠴᠠ ᠨᠠᠭᠠᠰᠢ᠂ ᠨᠠᠮ ᠤᠨ ᠲᠥᠪ ᠬᠤᠷᠢᠶ᠎ᠠ ᠠᠵᠢᠯ ᠣᠯᠭᠤᠯᠲᠠ ᠶᠢᠨ ᠠᠵᠢᠯ ᠢ ᠲᠦᠷᠦ ᠶᠢ | ᠵᠠᠰᠠᠵᠤ ᠵᠠᠰᠠᠭ ᠢ ᠡᠷᠭᠢᠯᠡᠭᠦ ᠲᠣᠪᠤᠶᠢᠮ᠎ᠠ ᠪᠠᠶᠢᠷᠢᠨ ᠳᠤ ᠲᠠᠯᠪᠢᠬᠤ ᠶᠢ ᠪᠠᠷᠢᠮᠲᠠᠯᠠᠵᠤ᠂ ᠠᠵᠢᠯ ᠣᠯᠭᠤᠯᠲᠠ ᠶᠢ | ᠲᠡᠷᠢᠭᠦᠨ ᠳᠤ ᠲᠠᠯᠪᠢᠬᠤ ᠲᠦᠷᠦ ᠶᠢᠨ ᠪᠣᠳᠣᠯᠭ᠎ᠠ ᠶᠢ ᠴᠢᠩᠭᠠᠳᠬᠠᠵᠤ᠂ ᠠᠵᠢᠯ ᠣᠯᠭᠤᠯᠲᠠ ᠶᠢ ᠠᠬᠢᠭᠤᠯᠬᠤ | ᠲᠣᠭᠲᠠᠴᠠ ᠶᠢ ᠪᠦᠷᠢᠨᠰᠢᠭᠦᠯᠵᠦ᠂ ᠡᠯ᠎ᠡ ᠵᠦᠢᠯ ᠤᠨ ᠳᠠᠷᠤᠯᠲᠠ ᠥᠷᠢᠰᠦᠯᠳᠦᠭᠡᠨ ᠢ ᠪᠦᠲᠦᠮᠵᠢᠲᠡᠢ ᠠᠷᠭᠠᠴᠠᠭᠠᠵᠤ᠂ | ᠬᠤᠳᠠ ᠪᠠᠯᠭᠠᠰᠤᠨ ᠤ ᠰᠢᠨ᠎ᠡ ᠪᠠᠷ ᠨᠡᠮᠡᠭᠳᠡᠭᠰᠡᠨ ᠠᠵᠢᠯ ᠣᠯᠭᠤᠯᠲᠠ ᠵᠢᠯ ᠳᠤᠮᠳᠠᠴᠢ ᠪᠠᠷ 1300 ᠲᠦᠮᠡᠨ | ᠬᠥᠮᠥᠨ ᠳᠤ ᠬᠦᠷᠴᠦ᠂ ᠠᠷᠠᠳ ᠤᠨ ᠠᠮᠢᠳᠤᠷᠠᠯ ᠢ ᠰᠠᠶᠢᠵᠢᠷᠠᠭᠤᠯᠬᠤ ᠪᠠ ᠠᠵᠤ ᠠᠬᠤᠢ ᠶᠢᠨ ᠬᠥᠭᠵᠢᠯᠲᠡ ᠳᠤ | ᠴᠢᠬᠤᠯᠠ ᠲᠤᠯᠭᠠᠭᠤᠷᠢᠯᠠᠯ ᠬᠠᠩᠭᠠᠪᠠ᠃ ᠦᠢᠯᠡᠳᠦᠯᠭᠡ ᠶᠢᠨ ᠳᠤᠮᠳᠠ ᠰᠢᠨ᠎ᠡ ᠴᠠᠭ ᠦᠶ᠎ᠡ ᠶᠢᠨ ᠠᠵᠢᠯ | ᠣᠯᠭᠤᠯᠲᠠ ᠶᠢᠨ ᠠᠵᠢᠯ ᠤᠨ ᠵᠢᠮ᠎ᠡ ᠶᠣᠰᠣᠨ ᠤ ᠲᠤᠬᠠᠢ ᠲᠠᠨᠢᠯᠲᠠ ᠪᠠᠨ ᠲᠠᠰᠤᠷᠠᠯᠲᠠ ᠦᠭᠡᠢ ᠭᠦᠨᠵᠡᠭᠡᠶᠢᠷᠡᠭᠦᠯᠵᠦ᠂ | ᠮᠠᠰᠢ ᠣᠯᠠᠨ ᠲᠤᠷᠰᠢᠯᠭ᠎ᠠ ᠬᠤᠷᠠᠮᠳᠤᠭᠤᠯᠪᠠ᠃ ᠡᠭᠦᠨ ᠳᠤ ᠭᠤᠣᠯᠳᠠᠭᠤ᠄ ᠠᠵᠢᠯ ᠣᠯᠭᠤᠯᠲᠠ ᠶᠢ ᠠᠷᠠᠳ ᠤᠨ | ᠠᠮᠢᠳᠤᠷᠠᠯ ᠤᠨ ᠦᠨᠳᠦᠰᠦ ᠪᠤᠯᠭᠠᠬᠤ ᠶᠢ ᠪᠠᠷᠢᠮᠲᠠᠯᠠᠨ᠎ᠠ︔ ᠠᠵᠢᠯ ᠣᠯᠭᠤᠯᠲᠠ ᠶᠢ ᠲᠡᠷᠢᠭᠦᠨ ᠳᠤ ᠲᠠᠯᠪᠢᠬᠤ | ᠪᠠᠶᠢᠯᠳᠤᠬᠤ ᠪᠣᠳᠣᠯᠭ᠎ᠠ ᠶᠢ ᠪᠠᠷᠢᠮᠲᠠᠯᠠᠨ ᠭᠡᠷᠡᠭᠵᠢᠭᠦᠯᠦᠨ᠎ᠡ︔ ᠬᠥᠭᠵᠢᠯᠲᠡ ᠳᠤ ᠲᠦᠰᠢᠭᠯᠡᠨ ᠠᠵᠢᠯ ᠣᠯᠭᠤᠯᠲᠠ ᠶᠢ | ᠠᠬᠢᠭᠤᠯᠬᠤ ᠶᠢ ᠪᠠᠷᠢᠮᠲᠠᠯᠠᠨ᠎ᠠ︔ ᠠᠵᠢᠯ ᠣᠯᠭᠤᠯᠲᠠ ᠶᠢᠨ ᠪᠠᠭᠲᠠᠭᠠᠮᠵᠢ ᠶᠢ ᠥᠷᠭᠡᠳᠬᠡᠬᠦ ᠪᠠ ᠠᠵᠢᠯ | ᠣᠯᠭᠤᠯᠲᠠ ᠶᠢᠨ ᠶᠠᠰᠤ ᠴᠢᠨᠠᠷ ᠢ ᠳᠡᠭᠡᠭᠰᠢᠯᠡᠭᠦᠯᠭᠦ ᠶᠢ ᠤᠶᠠᠯᠳᠤᠭᠤᠯᠬᠤ ᠶᠢ ᠪᠠᠷᠢᠮᠲᠠᠯᠠᠨ᠎ᠠ︔ ᠭᠤᠣᠯᠳᠠᠯᠭ᠎ᠠ ᠲᠠᠢ | ᠬᠥᠮᠥᠰ ᠤᠨ ᠠᠵᠢᠯ ᠣᠯᠭᠤᠯᠲᠠ ᠶᠢ ᠲᠣᠪᠤᠶᠢᠯᠭᠠᠨ ᠰᠠᠶᠢᠲᠤᠷ ᠠᠳᠬᠤᠬᠤ ᠶᠢ ᠪᠠᠷᠢᠮᠲᠠᠯᠠᠨ᠎ᠠ︔ ᠦᠢᠯᠡᠰ | ᠪᠣᠰᠬᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠶᠢ ᠪᠠᠷᠢᠮᠲᠠᠯᠠᠨ᠎ᠠ︔ ᠡᠷᠬᠡ ᠲᠡᠭᠰᠢ ᠪᠠᠷ ᠠᠵᠢᠯ ᠣᠯᠭᠤᠬᠤ | ᠣᠷᠴᠢᠨ ᠨᠥᠬᠦᠴᠡᠯ ᠢ ᠪᠤᠢ ᠪᠤᠯᠭᠠᠬᠤ ᠶᠢ ᠪᠠᠷᠢᠮᠲᠠᠯᠠᠨ᠎ᠠ︔ ᠡᠶ᠎ᠡ ᠵᠣᠬᠢᠴᠠᠩᠭᠤᠢ ᠭᠦᠳᠡᠯᠮᠦᠷᠢ ᠶᠢᠨ ᠬᠠᠷᠢᠴᠠᠭ᠎ᠠ ᠶᠢ | ᠪᠠᠶᠢᠭᠤᠯᠬᠤ ᠶᠢ ᠪᠠᠷᠢᠮᠲᠠᠯᠠᠬᠤ ᠵᠡᠷᠭᠡ ᠪᠠᠭᠲᠠᠨ᠎ᠠ᠃ ᠡᠳᠡᠭᠡᠷ ᠲᠤᠷᠰᠢᠯᠭ᠎ᠠ ᠪᠣᠯ ᠲᠦᠢᠯ ᠤᠨ ᠡᠷᠬᠢᠮ ᠨᠠᠨᠳᠢᠨ ᠶᠤᠮ᠂ | ᠤᠷᠳᠤ ᠬᠤᠭᠤᠴᠠᠭ᠎ᠠ ᠪᠠᠷ ᠪᠠᠷᠢᠮᠲᠠᠯᠠᠬᠤ ᠶᠢᠨ ᠬᠠᠮᠲᠤ ᠲᠠᠰᠤᠷᠠᠯᠳᠠ ᠦᠭᠡᠢ ᠪᠠᠶᠠᠯᠢᠭᠵᠢᠭᠤᠯᠤᠨ ᠬᠥᠭᠵᠢᠭᠦᠯᠬᠦ | ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠰᠢᠨ᠎ᠡ ᠬᠥᠭᠵᠢᠯᠲᠡ ᠶᠢᠨ ᠣᠶᠢᠯᠠᠭᠠᠭᠳᠠᠬᠤᠨ ᠢ ᠭᠤᠶᠢᠪᠢᠰᠢ ᠦᠭᠡᠢ ᠲᠤᠭᠤᠰᠢᠯᠠᠭᠤᠯᠵᠤ᠂ | ᠨᠡᠩ ᠢᠯᠡᠭᠦᠦ ᠤᠬᠠᠮᠰᠠᠷ ᠠᠴᠠ ᠪᠠᠨ ᠴᠢᠨᠠᠷ ᠰᠠᠶᠢᠲᠠᠢ ᠭᠦᠢᠴᠡᠳ ᠠᠵᠢᠯ ᠣᠯᠭᠤᠯᠲᠠ ᠶᠢ ᠠᠵᠤ ᠠᠬᠤᠢ ᠨᠡᠶᠢᠭᠡᠮ ᠤᠨ | ᠬᠥᠭᠵᠢᠯᠲᠡ ᠶᠢᠨ ᠲᠡᠷᠢᠭᠦᠨ ᠬᠠᠷᠠᠯᠲᠠ ᠪᠤᠯᠭᠠᠵᠤ᠂ ᠴᠢᠨᠠᠷ ᠰᠠᠶᠢᠲᠠᠢ ᠬᠥᠭᠵᠢᠯᠲᠡ ᠶᠢᠨ ᠶᠠᠪᠤᠴᠠ ᠶᠢ ᠠᠵᠢᠯ | ᠣᠯᠭᠤᠯᠲᠠ ᠶᠢᠨ ᠴᠢᠨᠠᠷ ᠢ ᠳᠡᠭᠡᠭᠰᠢᠯᠡᠭᠦᠯᠵᠦ ᠪᠠᠭᠲᠠᠭᠠᠮᠵᠢ ᠶᠢ ᠥᠷᠭᠡᠳᠬᠡᠬᠦ ᠶᠠᠪᠤᠴᠠ ᠪᠤᠯᠭᠠᠵᠤ᠂ ᠬᠥᠭᠵᠢᠯᠲᠡ ᠪᠠᠷ | ᠠᠵᠢᠯ ᠣᠯᠭᠤᠯᠲᠠ ᠶᠢ ᠳᠠᠶᠢᠴᠢᠯᠠᠬᠤ ᠬᠦᠴᠦᠨ ᠢ ᠳᠡᠭᠡᠭᠰᠢᠯᠡᠭᠦᠯᠭᠦ ᠬᠡᠷᠡᠭᠲᠡᠢ᠃ ᠭᠠᠵᠠᠷ ᠣᠷᠣᠨ ᠤ ᠪᠠᠶᠢᠳᠠᠯ ᠳᠠᠭᠠᠨ | ᠲᠣᠬᠢᠷᠠᠭᠤᠯᠤᠨ ᠰᠢᠨ᠎ᠡ ᠴᠢᠨᠠᠷ ᠪᠦᠬᠦᠢ ᠦᠢᠯᠡᠳᠪᠦᠷᠢᠯᠡᠯ ᠤᠨ ᠬᠦᠴᠦᠨ ᠢ ᠬᠥᠭᠵᠢᠭᠦᠯᠵᠦ᠂ ᠤᠯᠠᠮᠵᠢᠯᠠᠯᠲᠤ ᠠᠵᠤ | ᠦᠢᠯᠡᠰ ᠢ ᠥᠭᠡᠷᠡᠴᠢᠯᠡᠨ ᠳᠡᠭᠡᠭᠰᠢᠯᠡᠭᠦᠯᠵᠦ᠂ ᠰᠢᠨ᠎ᠡ ᠪᠠᠷ ᠮᠠᠨᠳᠤᠭᠰᠠᠨ ᠠᠵᠤ ᠦᠢᠯᠡᠰ ᠢ ᠪᠤᠶᠢᠵᠢᠭᠤᠯᠤᠨ | ᠪᠤᠵᠠᠭᠠᠶᠢᠷᠠᠭᠤᠯᠵᠤ᠂ ᠢᠷᠡᠭᠡᠳᠦᠢ ᠶᠢᠨ ᠠᠵᠤ ᠦᠢᠯᠡᠰ ᠢ ᠪᠠᠶᠢᠷᠢᠰᠢᠭᠤᠯᠤᠨ ᠪᠦᠲᠦᠭᠡᠨ ᠪᠠᠶᠢᠭᠤᠯᠵᠤ᠂ | ᠣᠳᠣᠬᠢᠴᠢᠯᠠᠭᠰᠠᠨ ᠠᠵᠤ ᠦᠢᠯᠡᠰ ᠤᠨ ᠰᠢᠰᠲ᠋ᠧᠮ ᠢ ᠲᠡᠭᠦᠯᠳᠡᠷᠵᠢᠭᠦᠯᠵᠦ᠂ ᠨᠡᠩ ᠤᠯᠠᠨ ᠴᠢᠨᠠᠷ ᠰᠠᠶᠢᠲᠠᠢ ᠠᠵᠢᠯ | ᠣᠯᠭᠤᠯᠲᠠ ᠶᠢᠨ ᠠᠵᠢᠯ ᠤᠨ ᠪᠠᠶᠢᠷᠢ ᠶᠢ ᠴᠢᠷᠮᠠᠶᠢᠨ ᠡᠭᠦᠳᠬᠦ ᠬᠡᠷᠡᠭᠲᠡᠢ᠃ ᠠᠵᠢᠯ ᠣᠯᠭᠤᠬᠤ ᠴᠢᠳᠠᠪᠤᠷᠢ ᠪᠠᠷ ᠴᠢᠩᠭ᠎ᠠ | ᠠᠵᠤ ᠦᠢᠯᠡᠰ ᠪᠣᠯᠣᠨ ᠠᠵᠤ ᠠᠬᠤᠶᠢᠯᠠᠯ ᠢ ᠳᠡᠮᠵᠢᠨ ᠬᠥᠭᠵᠢᠭᠦᠯᠵᠦ᠂ ᠠᠵᠢᠯ ᠣᠯᠭᠤᠬᠤ ᠪᠠᠭᠲᠠᠭᠠᠮᠵᠢ ᠶᠢ | ᠲᠣᠭᠲᠠᠪᠤᠷᠢᠵᠢᠭᠤᠯᠤᠨ ᠥᠷᠭᠡᠳᠬᠡᠬᠦ ᠬᠡᠷᠡᠭᠲᠡᠢ᠃ ᠠᠵᠤ ᠠᠬᠤᠢ ᠨᠡᠶᠢᠭᠡᠮ ᠤᠨ ᠬᠥᠭᠵᠢᠯᠲᠡ ᠶᠢᠨ ᠰᠢᠨ᠎ᠡ ᠬᠠᠨᠳᠤᠰᠢ | ᠪᠠ ᠠᠷᠠᠳ ᠣᠯᠠᠨ ᠤ ᠴᠢᠨᠠᠷ ᠰᠠᠶᠢᠲᠠᠢ ᠠᠮᠢᠳᠤᠷᠠᠯ ᠤᠨ ᠰᠢᠨ᠎ᠡ ᠬᠦᠰᠡᠯ ᠡᠷᠡᠮᠡᠯᠵᠡᠯ ᠢ ᠦᠨᠳᠦᠰᠦᠯᠡᠨ᠂ ᠰᠢᠨ᠎ᠡ | ᠡᠵᠡᠩᠨᠡᠯᠲᠡ ᠶᠢᠨ ᠪᠠᠶᠢᠳᠠᠯ᠂ ᠰᠢᠨ᠎ᠡ ᠵᠠᠭᠪᠤᠷ ᠢ ᠶᠡᠭᠡ ᠪᠠᠷ ᠬᠥᠭᠵᠢᠭᠦᠯᠵᠦ᠂ ᠠᠵᠢᠯ ᠮᠡᠷᠭᠡᠵᠢᠯ ᠤᠨ ᠰᠢᠨ᠎ᠡ ᠴᠤᠪᠤᠷᠠᠯ ᠢ | ᠢᠳᠡᠪᠬᠢᠲᠡᠢ ᠪᠠᠷ ᠠᠭᠤᠳᠠᠯᠬᠤ ᠪᠠ ᠪᠤᠶᠢᠵᠢᠭᠤᠯᠵᠤ᠂ ᠠᠵᠢᠯ ᠣᠯᠭᠤᠯᠲᠠ ᠶᠢᠨ ᠰᠢᠨ᠎ᠡ ᠨᠡᠮᠡᠭᠳᠡᠯ ᠤᠨ ᠴᠡᠭ ᠢ ᠨᠡᠭᠡᠭᠡᠨ | ᠬᠥᠭᠵᠢᠭᠦᠯᠬᠦ ᠬᠡᠷᠡᠭᠲᠡᠢ᠃ ᠴᠢᠬᠤᠯᠠ ᠶᠡᠭᠡ ᠲᠦᠷᠦ ᠶᠢᠨ ᠪᠣᠳᠣᠯᠭ᠎ᠠ᠂ ᠴᠢᠬᠤᠯᠠ ᠶᠡᠭᠡ ᠲᠦᠷᠦᠯ ᠵᠦᠢᠯ᠂ ᠴᠢᠬᠤᠯᠠ | ᠶᠡᠭᠡ ᠦᠢᠯᠡᠳᠪᠦᠷᠢᠯᠡᠯ ᠤᠨ ᠬᠦᠴᠦᠨ ᠤ ᠪᠠᠶᠢᠷᠢᠰᠢᠯ ᠤᠨ ᠠᠵᠢᠯ ᠣᠯᠭᠤᠯᠲᠠ ᠳᠤ ᠦᠵᠡᠭᠦᠯᠭᠦ ᠨᠥᠯᠥᠭᠡ ᠶᠢ ᠦᠨᠡᠯᠡᠨ | ᠵᠢᠱᠢᠬᠦ ᠶᠢ ᠴᠢᠩᠭᠠᠳᠬᠠᠵᠤ᠂ ᠡᠳ᠋ ᠤᠨ ᠵᠠᠰᠠᠭ᠂ ᠵᠣᠭᠤᠰ᠂ ᠪᠡᠯᠡ ᠣᠷᠣᠭᠤᠯᠤᠯᠲᠠ᠂ ᠬᠡᠷᠡᠭᠯᠡᠭᠡ᠂ ᠠᠵᠤ ᠦᠢᠯᠡᠰ᠂ | ᠣᠷᠣᠨ ᠪᠦᠰᠡ ᠵᠡᠷᠭᠡ ᠶᠢᠨ ᠲᠦᠷᠦ ᠶᠢᠨ ᠪᠣᠳᠣᠯᠭ᠎ᠠ ᠶᠢ ᠠᠵᠢᠯ ᠣᠯᠭᠤᠯᠲᠠ ᠶᠢᠨ ᠲᠦᠷᠦ ᠶᠢᠨ ᠪᠣᠳᠣᠯᠭ᠎ᠠ ᠯᠤᠭ᠎ᠠ | ᠵᠣᠬᠢᠴᠠᠭᠤᠯᠤᠨ ᠬᠤᠯᠪᠣᠯᠳᠤᠭᠤᠯᠵᠤ᠂ ᠠᠳᠠᠯᠢ ᠴᠢᠭᠯᠡᠯ ᠢᠶᠠᠷ ᠬᠦᠴᠦᠯᠡᠨ᠂ ᠠᠵᠢᠯ ᠣᠯᠭᠤᠯᠲᠠ ᠶᠢᠨ ᠨᠥᠭᠦᠷᠰᠡᠭ | ᠭᠡᠯᠪᠡᠷᠢ ᠶᠢᠨ ᠬᠥᠭᠵᠢᠯᠲᠡ ᠶᠢᠨ ᠠᠷᠭ᠎ᠠ ᠮᠠᠶ᠋ᠢᠭ ᠢ ᠪᠠᠶᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠬᠡᠪ ᠪᠣᠯᠪᠠᠰᠤᠷᠠᠯ ᠰᠢᠯᠢᠳᠡᠭ ᠰᠠᠶᠢᠨ᠂ ᠶᠡᠷᠦᠩᠬᠡᠢ ᠬᠡᠮᠵᠢᠶ᠎ᠡ ᠶᠡᠭᠡ᠂ ᠪᠦᠲᠦᠴᠡ ᠰᠢᠯᠢᠳᠡᠭ᠂ | ᠲᠠᠷᠬᠠᠯᠲᠠ ᠵᠣᠬᠢᠰᠲᠠᠢ ᠣᠳᠣᠬᠢᠴᠢᠯᠠᠭᠰᠠᠨ ᠬᠥᠮᠥᠨ ᠤ ᠬᠦᠴᠦᠨ ᠤ ᠡᠬᠢ ᠪᠠᠶᠠᠯᠢᠭ ᠢ ᠲᠦᠷᠭᠡᠨ ᠪᠤᠢ ᠪᠤᠯᠭᠠᠵᠤ᠂ | ᠬᠥᠮᠥᠨ ᠤ ᠬᠦᠴᠦᠨ ᠤ ᠡᠬᠢ ᠪᠠᠶᠠᠯᠢᠭ ᠤᠨ ᠬᠠᠩᠭᠠᠯᠭ᠎ᠠ ᠬᠡᠷᠡᠭᠴᠡᠭᠡ ᠵᠣᠬᠢᠴᠠᠬᠤ ᠦᠭᠡᠢ ᠪᠠᠶᠢᠬᠤ ᠡᠨᠡ ᠬᠦ | ᠪᠦᠲᠦᠴᠡ ᠶᠢᠨ ᠴᠢᠨᠠᠷᠲᠠᠢ ᠠᠵᠢᠯ ᠣᠯᠭᠤᠯᠲᠠ ᠶᠢᠨ ᠵᠥᠷᠢᠴᠡᠯ ᠢ ᠰᠠᠶᠢᠲᠤᠷ ᠰᠢᠢᠳᠪᠦᠷᠢᠯᠡᠬᠦ ᠬᠡᠷᠡᠭᠲᠡᠢ᠃ ᠰᠢᠨ᠎ᠡ | ᠨᠢᠭᠡᠨ ᠡᠭᠡᠯᠵᠢ ᠶᠢᠨ ᠰᠢᠨᠵᠢᠯᠡᠬᠦ ᠤᠬᠠᠭᠠᠨ ᠲᠦ᠋ᠭᠨᠢᠭ ᠮᠡᠷᠭᠡᠵᠢᠯ ᠤᠨ ᠬᠤᠪᠢᠰᠬᠠᠯ ᠪᠣᠯᠣᠨ ᠠᠵᠤ ᠦᠢᠯᠡᠰ ᠤᠨ | ᠬᠤᠪᠢᠰᠤᠯᠲᠠ ᠳᠤ ᠵᠣᠬᠢᠴᠠᠭᠤᠯᠤᠨ᠂ ᠬᠥᠮᠥᠨ ᠤ ᠬᠦᠴᠦᠨ ᠤ ᠡᠬᠢ ᠪᠠᠶᠠᠯᠢᠭ ᠤᠨ ᠬᠥᠭᠵᠢᠯᠲᠡ ᠶᠢᠨ ᠬᠠᠨᠳᠤᠰᠢ ᠶᠢ | ᠰᠢᠨᠵᠢᠯᠡᠬᠦ ᠤᠬᠠᠭᠠᠨᠴᠢ ᠪᠠᠷ ᠰᠤᠳᠤᠯᠤᠨ ᠮᠠᠭᠠᠳᠯᠠᠵᠤ᠂ ᠰᠤᠷᠭᠠᠨ ᠬᠥᠮᠦᠵᠢᠯ᠂ ᠪᠣᠯᠪᠠᠰᠤᠷᠠᠯ ᠪᠣᠯᠣᠨ ᠠᠵᠢᠯ | ᠣᠯᠭᠤᠯᠲᠠ ᠶᠢ ᠨᠢᠭᠡᠳᠦᠯᠲᠡᠢ ᠲᠥᠯᠥᠪᠯᠡᠨ ᠰᠠᠶᠢᠲᠤᠷ ᠠᠳᠬᠤᠵᠤ᠂ ᠳᠡᠭᠡᠳᠦ ᠵᠡᠷᠭᠡ ᠶᠢᠨ ᠰᠤᠷᠭᠠᠨ ᠬᠥᠮᠦᠵᠢᠯ ᠤᠨ | ᠲᠤᠰᠬᠠᠢ ᠮᠡᠷᠭᠡᠵᠢᠯ ᠪᠣᠯᠣᠨ ᠡᠬᠢ ᠪᠠᠶᠠᠯᠢᠭ ᠤᠨ ᠪᠦᠲᠦᠴᠡ ᠶᠢᠨ ᠪᠠᠶᠢᠷᠢᠰᠢᠭᠤᠯᠤᠯᠲᠠ ᠶᠢ ᠬᠥᠳᠡᠯᠦᠩᠭᠦᠢ ᠪᠠᠷ | ᠲᠣᠬᠢᠷᠠᠭᠤᠯᠤᠨ᠂ ᠠᠵᠢᠯ ᠮᠡᠷᠭᠡᠵᠢᠯ ᠤᠨ ᠰᠤᠷᠭᠠᠨ ᠬᠥᠮᠦᠵᠢᠯ ᠢ ᠶᠡᠭᠡ ᠪᠠᠷ ᠬᠥᠭᠵᠢᠭᠦᠯᠵᠦ᠂ ᠨᠠᠰᠤᠨ ᠲᠤᠷᠰᠢ ᠶᠢᠨ | ᠠᠵᠢᠯ ᠤᠨ ᠮᠡᠷᠭᠡᠵᠢᠯ ᠤᠨ ᠴᠢᠳᠠᠪᠤᠷᠢ ᠶᠢᠨ ᠪᠣᠯᠪᠠᠰᠤᠷᠠᠯ ᠤᠨ ᠳᠦᠷᠢᠮ ᠢ ᠪᠦᠷᠢᠨᠰᠢᠭᠦᠯᠬᠦ ᠬᠡᠷᠡᠭᠲᠡᠢ᠃ ᠬᠠᠩᠭᠠᠯᠭ᠎ᠠ | ᠬᠡᠷᠡᠭᠴᠡᠭᠡ ᠶᠢ ᠵᠣᠯᠭᠠᠭᠤᠯᠬᠤ ᠲᠣᠭᠲᠠᠴᠠ ᠶᠢ ᠲᠡᠭᠦᠯᠳᠡᠷᠵᠢᠭᠦᠯᠵᠦ᠂ ᠬᠥᠮᠥᠨ ᠪᠠ ᠠᠵᠢᠯ ᠤᠨ ᠪᠠᠶᠢᠷᠢ ᠬᠠᠷᠢᠯᠴᠠᠨ | ᠲᠣᠬᠢᠷᠠᠯᠴᠠᠬᠤ᠂ ᠬᠥᠮᠥᠨ ᠤ ᠳᠠᠪᠠᠭᠤᠯᠢᠭ ᠲᠠᠯ᠎ᠠ ᠶᠢ ᠨᠢ ᠮᠡᠳᠡᠷᠡᠵᠦ ᠬᠡᠷᠡᠭᠯᠡᠬᠦ᠂ ᠬᠥᠮᠥᠨ ᠤ ᠴᠢᠳᠠᠪᠤᠷᠢ ᠶᠢ ᠨᠢ | ᠭᠦᠢᠴᠡᠳ ᠪᠠᠳᠠᠷᠠᠭᠤᠯᠬᠤ ᠶᠢ ᠴᠢᠷᠮᠠᠶᠢᠨ ᠪᠡᠶᠡᠯᠡᠭᠦᠯᠵᠦ᠂ ᠠᠵᠢᠯ ᠣᠯᠭᠤᠯᠲᠠ ᠶᠢᠨ ᠶᠠᠰᠤ ᠴᠢᠨᠠᠷ ᠪᠠ ᠲᠣᠭᠲᠠᠪᠤᠷᠢᠲᠤ | ᠴᠢᠨᠠᠷ ᠢ ᠳᠡᠭᠡᠭᠰᠢᠯᠡᠭᠦᠯᠭᠦ ᠬᠡᠷᠡᠭᠲᠡᠢ᠃ ᠤᠬᠠᠭᠤᠯᠭ᠎ᠠ ᠬᠥᠮᠦᠵᠢᠯ ᠢ ᠴᠢᠩᠭᠠᠳᠬᠠᠵᠤ᠂ ᠪᠦᠭᠦ ᠨᠡᠶᠢᠭᠡᠮ ᠤᠨ ᠠᠵᠢᠯ | ᠣᠯᠭᠤᠯᠲᠠ ᠶᠢᠨ ᠵᠥᠪ ᠦᠵᠡᠯᠲᠡ ᠶᠢ ᠪᠠᠲᠤ ᠪᠠᠬᠢ ᠪᠤᠢ ᠪᠤᠯᠭᠠᠬᠤ ᠶᠢ ᠬᠥᠲᠥᠯᠥᠨ ᠵᠢᠯᠤᠭᠤᠳᠴᠤ᠂ ᠠᠵᠢᠯ | ᠰᠣᠩᠭᠤᠬᠤ ᠰᠢᠨ᠎ᠡ ᠣᠶᠢᠯᠠᠭᠠᠭᠳᠠᠬᠤᠨ ᠢᠶᠠᠷ ᠠᠵᠢᠯ ᠣᠯᠭᠤᠯᠲᠠ ᠶᠢᠨ ᠰᠢᠨ᠎ᠡ ᠣᠷᠣᠨ ᠵᠠᠢ ᠶᠢ ᠨᠡᠭᠡᠭᠡᠬᠦ ᠬᠡᠷᠡᠭᠲᠡᠢ᠃ | ᠵᠠᠷᠢᠮ ᠠᠵᠢᠯ ᠲᠥᠷᠥᠯ ᠳᠠᠬᠢ ᠠᠵᠢᠯᠴᠢᠨ ᠳᠤᠲᠠᠭᠳᠠᠭᠰᠠᠨ ᠰᠢᠯᠲᠠᠭᠠᠨ ᠢ ᠭᠦᠨᠵᠡᠭᠡᠢ ᠵᠠᠳᠠᠯᠵᠤ᠂ ︽ᠠᠵᠢᠯ | ᠪᠠᠶᠢᠬᠤ ᠳᠤ ᠬᠢᠬᠦ ᠬᠥᠮᠥᠨ ᠦᠭᠡᠢ︾ ᠠᠰᠠᠭᠤᠳᠠᠯ ᠢ ᠰᠢᠢᠳᠪᠦᠷᠢᠯᠡᠬᠦ ᠠᠴᠠ ᠭᠠᠷᠳᠠᠵᠤ᠂ ︽ᠬᠥᠮᠥᠨ ᠪᠠᠶᠢᠪᠠᠴᠤ ᠬᠢᠬᠦ | ᠠᠵᠢᠯ ᠦᠭᠡᠢ︾ ᠠᠰᠠᠭᠤᠳᠠᠯ ᠢ ᠰᠢᠢᠳᠪᠦᠷᠢᠯᠡᠬᠦ ᠬᠡᠷᠡᠭᠲᠡᠢ ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠭᠤᠣᠯᠳᠠᠯᠭ᠎ᠠ ᠲᠠᠢ ᠬᠥᠮᠥᠰ ᠤᠨ ᠠᠵᠢᠯ ᠣᠯᠭᠤᠯᠲᠠ ᠶᠢ ᠳᠡᠮᠵᠢᠬᠦ ᠲᠦᠷᠦ ᠶᠢᠨ ᠪᠣᠳᠣᠯᠭ᠎ᠠ ᠶᠢ | ᠲᠡᠭᠦᠯᠳᠡᠷᠵᠢᠭᠦᠯᠬᠦ ᠬᠡᠷᠡᠭᠲᠡᠢ᠃ ᠶᠡᠭᠡ ᠳᠡᠭᠡᠳᠦ ᠰᠤᠷᠭᠠᠭᠤᠯᠢ ᠲᠡᠭᠦᠰᠦᠭᠰᠡᠳ ᠵᠡᠷᠭᠡ ᠵᠠᠯᠠᠭᠤᠴᠤᠳ ᠤᠨ ᠠᠵᠢᠯ | ᠣᠯᠭᠤᠯᠲᠠ ᠶᠢ ᠭᠤᠣᠯᠳᠠᠯᠭ᠎ᠠ ᠶᠢᠨ ᠳᠣᠲᠣᠷᠠᠬᠢ ᠭᠤᠣᠯᠳᠠᠯᠭ᠎ᠠ ᠪᠤᠯᠭᠠᠬᠤ ᠶᠢ ᠪᠠᠷᠢᠮᠲᠠᠯᠠᠵᠤ᠂ ᠰᠤᠷᠤᠬᠰᠠᠨ ᠵᠦᠢᠯ ᠪᠠ | ᠳᠠᠪᠠᠭᠤᠯᠢᠭ ᠲᠠᠯ᠎ᠠ ᠪᠠᠨ ᠪᠠᠳᠠᠷᠠᠭᠤᠯᠬᠤ ᠳᠤ ᠠᠰᠢᠭᠲᠠᠢ ᠠᠵᠢᠯ ᠤᠨ ᠪᠠᠶᠢᠷᠢ ᠶᠢ ᠨᠡᠩ ᠤᠯᠠᠨ ᠨᠡᠭᠡᠭᠡᠵᠦ᠂ | ᠵᠠᠯᠠᠭᠤᠴᠤᠳ ᠤᠨ ᠭᠤᠣᠯᠳᠠᠯᠭ᠎ᠠ ᠲᠠᠢ ᠬᠦᠷᠢᠶ᠎ᠡ᠂ ᠭᠤᠣᠯᠳᠠᠯᠭ᠎ᠠ ᠲᠠᠢ ᠠᠵᠢᠯ ᠲᠦᠷᠦᠯ᠂ ᠬᠤᠳᠠ ᠬᠥᠳᠡᠭᠡ ᠶᠢᠨ | ᠦᠨᠳᠦᠰᠦᠨ ᠱᠠᠲᠤ ᠪᠣᠯᠣᠨ ᠳᠤᠮᠳᠠ ᠪᠠᠭ᠎ᠠ ᠵᠢᠵᠢᠭ ᠠᠵᠤ ᠠᠬᠤᠶᠢᠯᠠᠯ ᠳᠤ ᠠᠵᠢᠯ ᠣᠯᠬᠤ ᠦᠢᠯᠡᠰ ᠪᠣᠰᠬᠠᠬᠤ ᠳᠤ | ᠣᠷᠤᠯᠴᠠᠬᠤ ᠶᠢ ᠵᠣᠷᠢᠭᠵᠢᠭᠤᠯᠵᠤ᠂ ᠵᠠᠬ᠎ᠠ ᠳᠡᠯᠭᠡᠭᠦᠷᠴᠢᠯᠡᠭᠰᠡᠨ ᠨᠡᠶᠢᠭᠡᠮᠴᠢᠯᠡᠭᠰᠡᠨ ᠠᠵᠢᠯ ᠣᠯᠭᠤᠯᠲᠠ ᠶᠢᠨ ᠠᠷᠭ᠎ᠠ | ᠵᠠᠮ ᠢ ᠥᠷᠭᠡᠳᠬᠡᠬᠦ ᠬᠡᠷᠡᠭᠲᠡᠢ᠃ ᠰᠢᠨ᠎ᠡ ᠭᠡᠯᠪᠡᠷᠢ ᠶᠢᠨ ᠬᠤᠲᠠ ᠪᠠᠯᠭᠠᠰᠤᠵᠢᠯᠲᠠ ᠪᠠ ᠬᠥᠳᠡᠭᠡ ᠲᠣᠰᠬᠤᠨ ᠢ ᠪᠦᠭᠦ | ᠲᠠᠯ᠎ᠠ ᠪᠠᠷ ᠬᠥᠭᠵᠢᠭᠦᠯᠦᠨ ᠮᠠᠨᠳᠤᠭᠤᠯᠬᠤ ᠶᠢ ᠠᠬᠢᠭᠤᠯᠬᠤ ᠲᠠᠢ ᠤᠶᠠᠯᠳᠤᠭᠤᠯᠤᠨ᠂ ᠭᠠᠳᠠᠭᠰᠢ ᠭᠠᠷᠴᠤ ᠠᠵᠢᠯ | ᠣᠯᠬᠤ ᠪᠠ ᠲᠤᠬᠠᠢ ᠶᠢᠨ ᠭᠠᠵᠠᠷ ᠤᠨ ᠣᠶᠢᠷ᠎ᠠ ᠬᠠᠪᠢ ᠳᠠᠭᠠᠨ ᠠᠵᠢᠯ ᠣᠯᠬᠤ ᠶᠢ ᠵᠡᠷᠭᠡ ᠪᠠᠷ ᠴᠢᠬᠤᠯᠠᠴᠢᠯᠠᠬᠤ ᠶᠢ | ᠪᠠᠷᠢᠮᠲᠠᠯᠠᠵᠤ᠂ ᠣᠯᠠᠨ ᠵᠦᠢᠯ ᠤᠨ ᠠᠷᠭ᠎ᠠ ᠬᠡᠮᠵᠢᠶ᠎ᠡ ᠶᠢ ᠵᠡᠷᠭᠡ ᠪᠠᠷ ᠬᠡᠷᠡᠭᠯᠡᠨ ᠬᠥᠯᠥᠰᠦᠨ ᠲᠠᠷᠢᠶᠠᠴᠢᠨ ᠤ ᠠᠵᠢᠯ | ᠣᠯᠣᠯᠲᠠ ᠶᠢ ᠠᠬᠢᠭᠤᠯᠵᠤ᠂ ᠭᠠᠳᠠᠭᠰᠢ ᠭᠠᠷᠤᠭᠰᠠᠨ ᠴᠢᠳᠠᠪᠤᠷᠢᠲᠠᠨ ᠤ ᠨᠤᠲᠤᠭ ᠲᠠᠭᠠᠨ ᠪᠤᠴᠠᠵᠤ᠂ ᠬᠤᠲᠠ ᠶᠢᠨ | ᠴᠢᠳᠠᠪᠤᠷᠢᠲᠠᠨ ᠤ ᠬᠥᠳᠡᠭᠡ ᠪᠠᠭᠤᠵᠤ ᠦᠢᠯᠡᠰ ᠪᠣᠰᠬᠠᠬᠤ ᠶᠢ ᠬᠥᠲᠥᠯᠥᠨ ᠵᠢᠯᠤᠭᠤᠳᠬᠤ ᠬᠡᠷᠡᠭᠲᠡᠢ᠃ ᠶᠠᠳᠠᠭᠤ ᠠᠴᠠ | ᠠᠩᠭᠢᠵᠢᠷᠠᠭᠰᠠᠨ ᠬᠥᠮᠥᠨ ᠠᠮᠠ ᠶᠢᠨ ᠬᠥᠯᠥᠰᠦᠨ ᠠᠵᠢᠯ ᠬᠢᠬᠦ ᠬᠡᠪᠴᠢᠶ᠎ᠡ ᠪᠠ ᠬᠥᠯᠥᠰᠦᠨ ᠠᠵᠢᠯ ᠬᠢᠭᠰᠡᠨ | ᠣᠷᠣᠯᠭ᠎ᠠ ᠶᠢ ᠲᠣᠭᠲᠠᠪᠤᠷᠢᠵᠢᠭᠤᠯᠵᠤ᠂ ᠠᠵᠢᠯ ᠠᠯᠳᠠᠭᠰᠠᠨ ᠠᠴᠠ ᠪᠣᠯᠵᠤ ᠬᠡᠪᠴᠢᠶᠡᠵᠢᠯ ᠤᠨ ᠴᠢᠨᠠᠷᠲᠠᠢ ᠪᠠᠷ ᠲᠠᠭᠢᠨ | ᠶᠠᠳᠠᠭᠤᠷᠠᠬᠤ ᠠᠴᠠ ᠰᠡᠷᠭᠡᠶᠢᠯᠡᠬᠦ ᠬᠡᠷᠡᠭᠲᠡᠢ᠃ ᠨᠠᠰᠤ ᠠᠬᠢᠭᠰᠠᠨ᠂ ᠵᠡᠮᠳᠡᠭ ᠪᠣᠯᠤᠭᠰᠠᠨ᠂ ᠨᠡᠯᠢᠶᠡᠳ ᠣᠷᠳᠣ | ᠬᠤᠭᠤᠴᠠᠭ᠎ᠠ ᠪᠠᠷ ᠠᠵᠢᠯ ᠠᠯᠳᠠᠭᠰᠠᠨ ᠵᠡᠷᠭᠡ ᠠᠵᠢᠯ ᠣᠯᠬᠤ ᠳᠤ ᠬᠦᠴᠢᠷᠲᠡᠢ ᠬᠥᠮᠥᠰ ᠢ ᠬᠠᠪᠰᠤᠷᠤᠨ ᠲᠡᠳᠬᠦᠬᠦ ᠪᠠᠨ | ᠴᠢᠩᠭᠠᠳᠬᠠᠵᠤ᠂ ᠨᠡᠶᠢᠲᠡ ᠶᠢᠨ ᠠᠰᠠᠷᠠᠮᠵᠢ ᠶᠢᠨ ᠴᠢᠨᠠᠷᠲᠠᠢ ᠠᠵᠢᠯ ᠤᠨ ᠪᠠᠶᠢᠷᠢ ᠶᠢ ᠨᠢᠭᠡᠳᠦᠯᠲᠡᠢ ᠲᠥᠯᠥᠪᠵᠢᠭᠦᠯᠦᠨ | ᠰᠠᠶᠢᠲᠤᠷ ᠬᠡᠷᠡᠭᠯᠡᠵᠦ᠂ ᠠᠵᠢᠯ ᠲᠠᠢ ᠬᠥᠮᠥᠨ ᠦᠭᠡᠢ ᠭᠡᠷ ᠪᠦᠯᠢ ᠶᠢ ᠦᠭᠡᠢ ᠪᠤᠯᠭᠠᠬᠤ ᠶᠢ ᠦᠨᠡᠨ ᠬᠦ ᠪᠠᠲᠤᠯᠠᠬᠤ | ᠬᠡᠷᠡᠭᠲᠡᠢ᠃ ᠴᠡᠷᠢᠭ ᠤᠨ ᠠᠯᠪᠠᠨ ᠠᠴᠠ ᠪᠠᠭᠤᠭᠰᠠᠳ᠂ ᠡᠮᠡᠭᠲᠡᠶᠢᠴᠦᠳ ᠵᠡᠷᠭᠡ ᠬᠥᠮᠥᠰ ᠲᠤ ᠠᠵᠢᠯ ᠣᠯᠭᠤᠬᠤ | ᠠᠵᠢᠯ ᠢ ᠰᠠᠶᠢᠲᠤᠷ ᠬᠢᠬᠦ ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ᠂ ᠠᠵᠢᠯ ᠣᠯᠭᠤᠯᠲᠠ ᠶᠢᠨ ᠪᠠᠶᠢᠭᠤᠯᠤᠮᠵᠢ ᠲᠣᠭᠲᠠᠴᠠ ᠶᠢᠨ ᠥᠭᠡᠷᠡᠴᠢᠯᠡᠯᠲᠡ ᠶᠢ | ᠭᠦᠨᠵᠡᠭᠡᠶᠢᠷᠡᠭᠦᠯᠬᠦ ᠬᠡᠷᠡᠭᠲᠡᠢ᠃ ᠠᠵᠢᠯ ᠣᠯᠭᠤᠯᠲᠠ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠳᠦᠷᠢᠮ ᠢ | ᠲᠡᠭᠦᠯᠳᠡᠷᠵᠢᠭᠦᠯᠵᠦ᠂ ᠠᠵᠢᠯ ᠣᠯᠭᠤᠯᠲᠠ ᠶᠢᠨ ᠤᠯᠠᠨ ᠨᠡᠶᠢᠲᠡ ᠶᠢᠨ ᠦᠢᠯᠡᠴᠢᠯᠡᠭᠡᠨ ᠤ ᠰᠢᠰᠲ᠋ᠧᠮ ᠢ | ᠲᠡᠭᠦᠯᠳᠡᠷᠵᠢᠭᠦᠯᠬᠦ ᠬᠡᠷᠡᠭᠲᠡᠢ᠃ ᠦᠢᠯᠡᠰ ᠪᠣᠰᠬᠠᠬᠤ ᠪᠠᠷ ᠠᠵᠢᠯ ᠣᠯᠭᠤᠯᠲᠠ ᠶᠢ ᠳᠠᠶᠢᠴᠢᠯᠠᠬᠤ ᠪᠠᠲᠤᠯᠠᠭ᠎ᠠ ᠶᠢᠨ | ᠳᠦᠷᠢᠮ ᠢ ᠲᠡᠭᠦᠯᠳᠡᠷᠵᠢᠭᠦᠯᠵᠦ᠂ ᠦᠢᠯᠡᠰ ᠪᠣᠰᠬᠠᠬᠤ ᠦᠢᠯᠡᠴᠢᠯᠡᠭᠡ ᠶᠢ ᠰᠢᠯᠢᠳᠡᠭᠵᠢᠭᠦᠯᠦᠨ᠂ ᠦᠢᠯᠡᠰ ᠪᠣᠰᠬᠠᠬᠤ | ᠶᠠᠰᠤ ᠴᠢᠨᠠᠷ ᠢ ᠳᠡᠭᠡᠭᠰᠢᠯᠡᠭᠦᠯᠭᠦ ᠬᠡᠷᠡᠭᠲᠡᠢ᠃ ᠬᠥᠮᠥᠨ ᠤ ᠬᠦᠴᠦᠨ ᠤ ᠡᠬᠢ ᠪᠠᠶᠠᠯᠢᠭ ᠤᠨ ᠨᠢᠭᠡᠳᠦᠯᠲᠡᠢ ᠪᠥᠭᠡᠳ | ᠵᠢᠷᠤᠮᠵᠢᠬᠰᠠᠨ ᠵᠠᠬ᠎ᠠ ᠳᠡᠯᠭᠡᠭᠦᠷ ᠤᠨ ᠰᠢᠰᠲ᠋ᠧᠮ ᠢ ᠲᠡᠭᠦᠯᠳᠡᠷᠵᠢᠭᠦᠯᠵᠦ᠂ ᠡᠷᠬᠡ ᠲᠡᠭᠰᠢ ᠪᠠᠷ ᠠᠵᠢᠯ ᠣᠯᠭᠤᠬᠤ | ᠣᠷᠴᠢᠨ ᠨᠥᠬᠦᠴᠡᠯ ᠢ ᠪᠤᠢ ᠪᠤᠯᠭᠠᠵᠤ᠂ ᠬᠥᠮᠥᠨ ᠪᠦᠭᠦᠨ ᠢ ᠴᠥᠮ ᠰᠢᠷᠭᠠᠭᠤ ᠬᠠᠲᠠᠭᠤᠵᠢᠯᠲᠠᠢ | ᠴᠢᠷᠮᠠᠶᠢᠯᠭ᠎ᠠ ᠪᠠᠷ ᠢᠶᠠᠨ ᠳᠠᠮᠵᠢᠨ ᠲᠤᠰ ᠪᠡᠶ᠎ᠡ ᠶᠢᠨ ᠬᠥᠭᠵᠢᠯᠲᠡ ᠪᠠᠨ ᠪᠡᠶᠡᠯᠡᠭᠦᠯᠬᠦ ᠲᠣᠭᠢᠶᠠᠯ ᠲᠠᠢ ᠪᠤᠯᠭᠠᠬᠤ ᠬᠡᠷᠡᠭᠲᠡᠢ | ᠭᠡᠵᠦ ᠵᠢᠭᠠᠵᠤ ᠭᠠᠷᠭᠠᠪᠠ᠃ | ᠰᠢ ᠶᠢᠨ ᠫᠢᠩ᠂ ᠬᠥᠳᠡᠯᠮᠦᠷᠢᠴᠢᠳ ᠤᠨ ᠡᠷᠬᠡ ᠠᠰᠢᠭ ᠤᠨ ᠪᠠᠲᠤᠯᠠᠭ᠎ᠠ ᠶᠢ ᠴᠢᠩᠭᠠᠳᠬᠠᠬᠤ ᠬᠡᠷᠡᠭᠲᠡᠢ᠃ | ᠭᠦᠳᠡᠯᠮᠦᠷᠢ ᠶᠢᠨ ᠬᠠᠤᠯᠢ ᠴᠠᠭᠠᠵᠠ ᠬᠠᠤᠯᠢ ᠲᠣᠭᠲᠠᠭᠠᠯ ᠢ ᠲᠡᠭᠦᠯᠳᠡᠷᠵᠢᠭᠦᠯᠵᠦ᠂ ᠰᠢᠨ᠎ᠡ ᠭᠡᠯᠪᠡᠷᠢ ᠶᠢᠨ ᠠᠵᠢᠯ | ᠣᠯᠭᠤᠯᠲᠠ ᠶᠢᠨ ᠭᠦᠳᠡᠯᠮᠦᠷᠢ ᠶᠢᠨ ᠰᠠᠭᠤᠷᠢ ᠪᠠᠷᠢᠮᠵᠢᠶ᠎ᠠ ᠶᠢ ᠵᠢᠷᠤᠮᠵᠢᠭᠤᠯᠤᠨ᠂ ᠨᠡᠶᠢᠭᠡᠮ ᠤᠨ ᠪᠠᠲᠤᠯᠠᠭ᠎ᠠ ᠶᠢᠨ | ᠰᠢᠰᠲ᠋ᠧᠮ ᠢ ᠲᠡᠭᠦᠯᠳᠡᠷᠵᠢᠭᠦᠯᠵᠦ᠂ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠢ ᠬᠠᠮᠠᠭᠠᠯᠠᠬᠤ ᠬᠡᠷᠡᠭᠲᠡᠢ᠃ | ᠠᠮᠢᠳᠤᠯᠢᠭ ᠠᠵᠢᠯ ᠣᠯᠭᠤᠯᠲᠠ ᠪᠠ ᠰᠢᠨ᠎ᠡ ᠭᠡᠯᠪᠡᠷᠢ ᠶᠢᠨ ᠠᠵᠢᠯ ᠣᠯᠭᠤᠯᠲᠠ ᠶᠢᠨ ᠬᠥᠳᠡᠯᠮᠦᠷᠢᠴᠢᠳ ᠤᠨ ᠡᠷᠬᠡ | ᠠᠰᠢᠭ ᠤᠨ ᠪᠠᠲᠤᠯᠠᠭ᠎ᠠ ᠶᠢ ᠴᠢᠩᠭᠠᠳᠬᠠᠵᠤ᠂ ᠠᠵᠢᠯ ᠤᠨ ᠭᠡᠮᠲᠦᠯ ᠤᠨ ᠪᠠᠲᠤᠯᠠᠭ᠎ᠠ ᠶᠢᠨ ᠲᠤᠷᠰᠢᠯᠲᠠ ᠶᠢᠨ ᠴᠡᠭ ᠢ | ᠥᠷᠭᠡᠳᠬᠡᠨ᠂ ᠲᠤᠷᠰᠢᠯᠭ᠎ᠠ ᠪᠠᠨ ᠴᠠᠭ ᠲᠤᠬᠠᠢ ᠳᠤᠨᠢ ᠳ᠋ᠦᠩᠨᠡᠵᠦ᠂ ᠳᠦᠷᠢᠮ ᠢ ᠪᠦᠷᠢᠯᠳᠦᠭᠦᠯᠬᠦ ᠬᠡᠷᠡᠭᠲᠡᠢ᠃ ᠵᠠᠬ᠎ᠠ | ᠳᠡᠯᠭᠡᠭᠦᠷ ᠤᠨ ᠬᠢᠨᠠᠯᠲᠠ ᠬᠠᠮᠢᠶᠠᠷᠤᠯᠲᠠ ᠪᠠ ᠭᠦᠳᠡᠯᠮᠦᠷᠢ ᠶᠢᠨ ᠪᠠᠲᠤᠯᠠᠭ᠎ᠠ ᠶᠢᠨ ᠬᠢᠨᠠᠨ ᠪᠠᠶᠢᠴᠠᠭᠠᠯᠲᠠ ᠬᠠᠤᠯᠢ | ᠬᠡᠷᠡᠭᠵᠢᠭᠦᠯᠦᠯᠲᠡ ᠶᠢ ᠴᠢᠩᠭᠠᠳᠬᠠᠵᠤ᠂ ᠠᠵᠢᠯ ᠣᠯᠭᠤᠯᠲᠠ ᠶᠢᠨ ᠭᠠᠳᠠᠭᠤᠷᠴᠢᠯᠠᠯ᠂ ᠴᠠᠯᠢᠩ ᠥᠷᠢᠲᠦᠬᠦ ᠳᠠᠭᠠᠳᠬᠠᠯ | ᠥᠷᠢᠲᠦᠬᠦ᠂ ᠬᠠᠤᠯᠢ ᠶᠢ ᠵᠥᠷᠢᠴᠡᠨ ᠠᠵᠢᠯᠲᠠᠨ ᠢ ᠬᠠᠰᠤᠬᠤ ᠵᠡᠷᠭᠡ ᠰᠠᠮᠠᠭᠤᠨ ᠦᠵᠡᠭᠳᠡᠯ ᠢ ᠪᠦᠲᠦᠮᠵᠢᠲᠡᠢ ᠵᠠᠰᠠᠬᠤ | ᠬᠡᠷᠡᠭᠲᠡᠢ ᠭᠡᠵᠦ ᠴᠢᠬᠤᠯᠠᠴᠢᠯᠠᠪᠠ᠃ | ᠰᠢ ᠶᠢᠨ ᠫᠢᠩ ᠬᠠᠮᠤᠭ ᠤᠨ ᠰᠡᠭᠦᠯ ᠳᠤ᠂ ᠡᠯ᠎ᠡ ᠱᠠᠲᠤᠨ ᠤ ᠨᠠᠮ ᠤᠨ ᠬᠤᠷᠢᠶ᠎ᠠ ᠪᠣᠯᠣᠨ ᠵᠠᠰᠠᠭ ᠤᠨ ᠣᠷᠳᠣᠨ | ᠠᠵᠢᠯ ᠣᠯᠭᠤᠯᠲᠠ ᠶᠢ ᠠᠷᠠᠳ ᠤᠨ ᠠᠮᠢᠳᠤᠷᠠᠯ ᠤᠨ ᠲᠡᠷᠢᠭᠦᠨ ᠴᠢᠬᠤᠯᠠ ᠶᠠᠪᠤᠳᠠᠯ ᠪᠣᠯᠭᠠᠨ ᠠᠳᠬᠤᠵᠤ᠂ ᠵᠣᠬᠢᠶᠠᠨ | ᠪᠠᠶᠢᠭᠤᠯᠵᠤ ᠤᠳᠤᠷᠢᠳᠬᠤ ᠪᠠᠨ ᠴᠢᠩᠭᠠᠳᠬᠠᠨ᠂ ᠳᠦᠷᠢᠮ ᠲᠣᠭᠲᠠᠴᠠ ᠪᠠᠨ ᠪᠦᠷᠢᠨᠰᠢᠭᠦᠯᠵᠦ᠂ ᠠᠵᠢᠯ ᠤᠨ | ᠬᠠᠮᠲᠤᠷᠠᠯ ᠬᠦᠴᠦᠨ ᠢᠶᠠᠨ ᠴᠢᠩᠭᠠᠳᠬᠠᠬᠤ ᠬᠡᠷᠡᠭᠲᠡᠢ᠃ ᠳᠤᠮᠳᠠᠳᠤ ᠤᠯᠤᠰ ᠤᠨ ᠠᠵᠢᠯ ᠣᠯᠭᠤᠯᠲᠠ ᠶᠢᠨ ᠤᠨᠤᠯ ᠤᠨ | ᠰᠢᠰᠲ᠋ᠧᠮ ᠢ ᠲᠦᠷᠭᠡᠳᠬᠡᠨ ᠪᠠᠶᠢᠭᠤᠯᠵᠤ᠂ ᠮᠠᠨ ᠤ ᠤᠯᠤᠰ ᠤᠨ ᠠᠵᠢᠯ ᠣᠯᠭᠤᠯᠲᠠ ᠶᠢᠨ ᠬᠦᠷᠢᠶᠡᠨ ᠳᠠᠬᠢ ᠳᠡᠯᠡᠬᠡᠢ | ᠳᠡᠭᠡᠷᠡᠬᠢ ᠦᠭᠡ ᠬᠡᠯᠡᠬᠦ ᠡᠷᠬᠡ ᠪᠠ ᠨᠥᠯᠥᠭᠡᠯᠡᠬᠦ ᠬᠦᠴᠦᠨ ᠢ ᠪᠦᠲᠦᠮᠵᠢᠲᠡᠢ ᠳᠡᠭᠡᠭᠰᠢᠯᠡᠭᠦᠯᠭᠦ ᠬᠡᠷᠡᠭᠲᠡᠢ ᠭᠡᠵᠦ ᠵᠢᠭᠠᠵᠤ | ᠭᠠᠷᠭᠠᠪᠠ᠃ |