ᠱᠠᠩᠳᠤ ᠰᠢᠶᠠᠨ ᠣᠯᠠᠨ ᠠᠷᠭ᠎ᠠ ᠬᠡᠮᠵᠢᠶ᠎ᠡ ᠠᠪᠴᠤ ᠠᠵᠤ ᠠᠬᠤᠶ ᠶᠢᠨ ᠨᠡᠶᠢᠳᠡᠮ ᠪᠠᠶᠢᠴᠠᠭᠠᠯᠲᠠ ᠶᠢ ᠴᠢᠩᠭᠠᠳᠬᠠᠪᠠ
ᠨᠡᠶᠢᠲᠡᠯᠡᠭᠰᠡᠨ ᠴᠠᠭ᠄
2024/5/20
     ᠨᠢᠭᠡ ᠳᠤ᠂ ᠪᠦᠬᠦ ᠰᠢᠶᠠᠨ ᠤ 210 ᠨᠡᠶᠢᠳᠡᠮ ᠪᠠᠶᠢᠴᠠᠭᠠᠭᠴᠢ ᠳᠤ ᠲᠥᠪᠯᠡᠷᠡᠩᠭᠦᠢ ᠪᠣᠯᠪᠠᠰᠤᠷᠠᠯ ᠥᠷᠨᠢᠭᠦᠯᠵᠦ᠂ ᠨᠡᠶᠢᠳᠡᠮ ᠪᠠᠶᠢᠴᠠᠭᠠᠭᠴᠢ ᠶᠢᠨ ᠪᠦᠬᠦᠯᠢ ᠴᠣᠭᠴᠠ ᠶᠢᠨ ᠴᠢᠳᠠᠪᠤᠷᠢ ᠶᠢᠨ ᠲᠦᠪᠰᠢᠨ ᠢ ᠳᠡᠭᠡᠭᠰᠢᠯᠡᠭᠦᠯᠪᠡ᠃ ᠵᠢᠩᠬᠢᠨᠢ ᠪᠠᠷ ᠳᠠᠩᠰᠠᠯᠠᠬᠤ ᠶᠠᠪᠤᠴᠠ ᠳᠤ᠂ ᠣᠷᠣᠰᠢᠵᠤ ᠪᠠᠶᠢᠭ᠎ᠠ ᠠᠰᠠᠭᠤᠳᠠᠯ ᠳᠤ ᠴᠢᠭᠯᠡᠭᠦᠯᠦᠨ᠂ ᠰᠢᠶᠠᠩ ᠪᠠᠯᠭᠠᠰᠤ ᠬᠤᠪᠢᠶᠠᠵᠤ᠂ ᠲᠤᠰᠬᠠᠶ ᠮᠡᠷᠭᠡᠵᠢᠯ ᠬᠤᠪᠢᠶᠠᠨ ᠳᠠᠬᠢᠨ ᠪᠣᠯᠪᠠᠰᠤᠷᠠᠭᠤᠯᠤᠯ ᠬᠢᠭᠰᠡᠨ ᠪᠥᠭᠡᠳ ᠲᠠᠪᠤᠨ ᠳᠤᠭᠤᠶᠢᠯᠠᠩ ᠬᠤᠪᠢᠶᠠᠵᠤ᠂ ᠡᠯ᠎ᠡ ᠰᠢᠶᠠᠩ ᠪᠠᠯᠭᠠᠰᠤ᠂ ᠡᠯ᠎ᠡ ᠨᠡᠶᠢᠭᠡᠮ ᠲᠣᠭᠤᠷᠢᠭ ᠲᠤ ᠭᠦᠨᠵᠡᠭᠡᠶᠢᠷᠡᠨ ᠲᠤᠬᠠᠶ ᠶᠢᠨ ᠲᠠᠯᠠᠪᠤᠷ ᠤᠨ ᠵᠢᠯᠣᠭᠤᠳᠣᠯᠭ᠎ᠠ ᠬᠢᠵᠦ᠂ ᠡᠨᠡ ᠬᠤᠭᠤᠴᠠᠭᠠᠨ ᠳᠤ ᠠᠵᠢᠯ ᠢ ᠠᠬᠢᠭᠤᠯᠬᠤ ᠬᠤᠷᠠᠯ ᠢ 7 ᠤᠳᠠᠭ᠎ᠠ ᠬᠤᠷᠠᠯᠳᠤᠭᠤᠯᠵᠤ᠂ ᠲᠤᠭ᠎ᠠ ᠪᠠᠷᠢᠮᠲᠠ ᠶᠢᠨ ᠶᠠᠰᠤ ᠴᠢᠨᠠᠷ ᠢ ᠦᠨᠡᠨ ᠬᠦ ᠪᠠᠲᠤᠯᠠᠪᠠ᠃    ᠬᠤᠶᠠᠷ ᠲᠤ᠂ ᠳᠡᠩᠰᠡᠯᠡᠵᠦ ᠳᠡᠭᠡᠭᠰᠢ ᠮᠡᠳᠡᠭᠦᠯᠪᠡ᠃ 5 ᠰᠠᠷ᠎ᠠ ᠶᠢᠨ ᠡᠬᠢ ᠪᠣᠯᠲᠠᠯ᠎ᠠ᠂ ᠱᠠᠩᠳᠤ ᠰᠢᠶᠠᠨ ᠤ ᠨᠢᠭᠡ ᠢᠵᠢ ᠬᠦᠰᠦᠨᠦᠭᠲᠦ ᠶᠢᠨ ᠨᠢᠬᠡᠴᠢ ᠶᠢ 57 ᠳᠠᠩᠰᠠᠯᠠᠭᠤᠯᠵᠤ᠂ ᠳᠡᠭᠡᠭᠰᠢ ᠮᠡᠳᠡᠭᠦᠯᠦᠭᠰᠡᠨ ᠨᠣᠷᠮ᠎ᠠ ᠨᠢ 100% ᠪᠣᠯᠤᠨ᠎ᠠ︔ ᠨᠢᠭᠡ ᠢᠵᠢ ᠪᠤᠰᠤ ᠬᠦᠰᠦᠨᠦᠭᠲᠦ ᠶᠢᠨ ᠨᠢᠭᠡᠴᠢ2982 ᠪᠠᠶᠢᠵᠤ᠂ ᠳᠡᠭᠡᠭᠰᠢ ᠮᠡᠳᠡᠭᠦᠯᠦᠭᠰᠡᠨ ᠨᠣᠷᠮ᠎ᠠ ᠨᠢ 100% ᠪᠣᠯᠤᠨ᠎ᠠ︔ ᠣᠷᠣᠭᠤᠯᠤᠯᠲᠠ ᠭᠠᠷᠭᠠᠯᠲᠠ ᠶᠢᠨ ᠪᠠᠶᠢᠴᠠᠭᠠᠯᠲᠠ ᠶᠢᠨ ᠨᠢᠬᠡᠴᠢ 17 ᠪᠠᠶᠢᠵᠤ᠂ ᠳᠡᠭᠡᠭᠰᠢ ᠮᠡᠳᠡᠭᠦᠯᠦᠭᠰᠡᠨ ᠨᠣᠷᠮ᠎ᠠ ᠨᠢ 100% ᠪᠣᠯᠤᠨ᠎ᠠ︔ ᠬᠤᠪᠢ ᠶᠢᠨ ᠥᠯᠢᠭᠡᠷ ᠠᠪᠴᠤ ᠪᠠᠶᠢᠴᠠᠭᠠᠬᠤ 620 ᠡᠷᠦᠬᠡ ᠪᠠᠶᠢᠵᠤ᠂ ᠳᠡᠭᠡᠭᠰᠢ ᠮᠡᠳᠡᠭᠦᠯᠦᠭᠰᠡᠨ ᠨᠣᠷᠮ᠎ᠠ ᠨᠢ 100% ᠪᠠᠶᠢᠵᠤ᠂ ᠡᠷᠦᠬᠡ ᠪᠦᠷᠢ ᠶᠢᠨ ᠳᠤᠮᠳᠠᠴᠢ ᠨᠡᠮᠡᠭᠳᠡᠯ ᠥᠷᠲᠡᠭ ᠨᠢ 16.2 ᠲᠦᠮᠡᠨ ᠲᠥᠭᠦᠷᠢᠭ ᠲᠤ ᠬᠦᠷᠴᠦ᠂ ᠳᠡᠭᠡᠭᠰᠢ ᠮᠡᠳᠡᠭᠦᠯᠦᠭᠰᠡᠨ ᠨᠣᠷᠮ᠎ᠠ ᠨᠢ 100% ᠪᠠᠶᠢᠵᠤ᠂ ᠡᠷᠦᠬᠡ ᠪᠦᠷᠢ ᠶᠢᠨ ᠳᠤᠮᠳᠠᠴᠢ ᠨᠡᠮᠡᠭᠳᠡᠯ ᠥᠷᠲᠡᠭ ᠨᠢ ᠪᠦᠬᠦ ᠬᠤᠲᠠ ᠳᠤ ᠬᠤᠶᠠᠳᠤᠭᠠᠷ ᠲᠤ ᠣᠷᠣᠪᠠ᠃    ᠭᠤᠷᠪᠠ ᠳᠤ᠂ ᠬᠢᠨᠠᠨ ᠬᠠᠷᠭᠤᠭᠤᠯᠵᠤ ᠰᠢᠯᠭᠠᠨ ᠠᠪᠬᠤ ᠶᠠᠪᠤᠴᠠ ᠳᠠᠬᠢ ᠣᠨᠳᠣᠤ ᠲᠤᠭ᠎ᠠ ᠪᠠᠷᠢᠮᠲᠠ ᠳᠤ ᠴᠢᠭᠯᠡᠭᠦᠯᠦᠨ᠂ ᠨᠡᠶᠢᠳᠡᠮ ᠪᠠᠶᠢᠴᠠᠭᠠᠯᠲᠠ ᠶᠢᠨ ᠵᠢᠵᠢᠭ ᠲᠠᠰ ᠳᠠᠷᠠᠭᠠᠯᠠᠯ ᠳᠤ ᠴᠠᠭ ᠲᠤᠬᠠᠶ ᠳᠤᠨᠢ ᠪᠤᠴᠠᠵᠤ ᠢᠷᠡᠨ᠎ᠡ᠂ ᠨᠡᠶᠢᠳᠡᠮ ᠪᠠᠶᠢᠴᠠᠭᠠᠭᠴᠢ ᠠᠴᠠ ᠬᠢᠨᠠᠨ ᠬᠠᠷᠭᠤᠭᠤᠯᠤᠭᠰᠠᠨ ᠤ ᠳᠠᠷᠠᠭ᠎ᠠ ᠳᠠᠬᠢᠨ ᠳᠡᠭᠡᠭᠰᠢ ᠮᠡᠳᠡᠭᠦᠯᠦᠨ᠎ᠡ᠃ 5 ᠰᠠᠷ᠎ᠠ ᠶᠢᠨ ᠡᠬᠢ ᠪᠣᠯᠲᠠᠯ᠎ᠠ᠂ ᠲᠣᠰ ᠰᠢᠶᠠᠨ ᠤ ᠬᠠᠤᠯᠢ ᠶᠢᠨ ᠡᠷᠬᠡᠲᠡᠨ ᠤ ᠨᠢᠬᠡᠴᠢ ᠶᠢᠨ ᠦᠨᠳᠦᠰᠦᠨ ᠪᠠᠶᠢᠳᠠᠯ ᠤᠨ ᠬᠦᠰᠦᠨᠦᠭᠲᠦ ᠶᠢ 3039 ᠰᠢᠯᠭᠠᠨ ᠠᠪᠴᠤ᠂ ᠰᠢᠯᠭᠠᠨ ᠠᠪᠤᠭᠰᠠᠨ ᠨᠣᠷᠮ᠎ᠠ ᠨᠢ 100% ᠳᠤ ᠬᠦᠷᠴᠦ᠂ ᠦᠩᠭᠡᠷᠡᠭᠦᠯᠦᠭᠰᠡᠨ ᠨᠣᠷᠮ᠎ᠠ ᠨᠢ 80.01% ᠳᠤ ᠬᠦᠷᠪᠡ︔ ᠠᠵᠤ ᠠᠬᠤᠶᠢᠯᠠᠯ ᠤᠨ ᠬᠠᠤᠯᠢ ᠶᠢᠨ ᠡᠷᠬᠡᠲᠡᠨ ᠤ ᠭᠤᠤᠯ ᠪᠣᠯᠬᠤ ᠠᠵᠤ ᠠᠬᠤᠶ ᠶᠢᠨ ᠭᠦᠢᠴᠡᠳᠬᠡᠯ ᠲᠤᠭ᠎ᠠ ᠶᠢᠨ ᠬᠦᠰᠦᠨᠦᠭᠲᠦ ᠨᠢ 1935 ᠪᠠᠶᠢᠵᠤ᠂ ᠰᠢᠯᠭᠠᠨ ᠠᠪᠤᠭᠰᠠᠨ ᠨᠣᠷᠮ᠎ᠠ ᠨᠢ 100% ᠳᠤ ᠬᠦᠷᠪᠡ︔ ᠵᠠᠰᠠᠭ ᠵᠠᠬᠢᠷᠭ᠎ᠠ ᠠᠵᠢᠯ ᠦᠢᠯᠡᠰ ᠤᠨ ᠨᠢᠬᠡᠴᠢ ᠶᠢᠨ ᠭᠤᠣᠯ ᠪᠣᠯᠬᠤ ᠠᠵᠤ ᠠᠬᠤᠶ ᠶᠢᠨ ᠭᠦᠢᠴᠡᠳᠬᠡᠯ ᠲᠤᠭ᠎ᠠ ᠶᠢᠨ ᠬᠦᠰᠦᠨᠦᠭᠲᠦ ᠨᠢ 514 ᠪᠠᠶᠢᠵᠤ᠂ ᠰᠢᠯᠭᠠᠨ ᠠᠪᠤᠭᠰᠠᠨ ᠨᠣᠷᠮ᠎ᠠ ᠨᠢ 100% ᠳᠤ ᠬᠦᠷᠴᠦ᠂ ᠦᠩᠭᠡᠷᠡᠬᠦᠯᠦᠭᠰᠡᠨ ᠨᠣᠷᠮ᠎ᠠ ᠨᠢ 97.09% ᠳᠤ ᠬᠦᠷᠪᠡ︔ ᠪᠤᠰᠤᠳ ᠬᠦᠰᠦᠨᠦᠭᠲᠦ ᠨᠢ 590 ᠡᠷᠦᠬᠡ ᠶᠢ ᠰᠢᠯᠭᠠᠨ ᠠᠪᠴᠤ᠂ ᠰᠢᠯᠭᠠᠨ ᠠᠪᠤᠭᠰᠠᠨ ᠨᠣᠷᠮ᠎ᠠ ᠨᠢ 100% ᠳᠤ ᠬᠦᠷᠴᠦ᠂ ᠦᠩᠭᠡᠷᠡᠭᠦᠯᠦᠭᠰᠡᠨ ᠨᠣᠷᠮ᠎ᠠ ᠨᠢ 81% ᠳᠤ ᠬᠦᠷᠪᠡ︔ ᠬᠤᠪᠢ ᠶᠢᠨ ᠦᠯᠢᠭᠡᠷ ᠠᠪᠴᠤ ᠪᠠᠶᠢᠴᠠᠭᠠᠭᠰᠠᠨ ᠡᠷᠦᠬᠡ 620 ᠶᠢ ᠰᠢᠯᠭᠠᠨ ᠠᠪᠴᠤ᠂ ᠰᠢᠯᠭᠠᠨ ᠠᠪᠤᠭᠰᠠᠨ ᠨᠣᠷᠮ᠎ᠠ ᠨᠢ 100% ᠳᠤ ᠬᠦᠷᠴᠦ᠂ ᠦᠩᠭᠡᠷᠡᠭᠦᠯᠦᠭᠰᠡᠨ ᠨᠣᠷᠮ᠎ᠠ ᠨᠢ 100 % ᠳᠤ ᠬᠦᠷᠴᠡᠢ᠃                      ᠤᠷᠴᠢᠭᠤᠯᠤᠭᠴᠢ᠄ ᠬᠦᠰᠡᠯ                      ᠬᠢᠨᠠᠭᠴᠢ᠄ ᠠᠷᠢᠭᠤᠨ  
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2