ᠪᠡᠭᠡᠵᠢᠩ ᠠᠴᠠ ᠪᠠᠷᠠᠭᠤᠨᠰᠢ ᠪᠠᠨ ᠨᠢᠭᠡ ᠠᠯᠬᠤᠮ ᠶᠠᠪᠤᠪᠠᠯ ᠤᠯᠠᠭᠠᠨᠴᠠᠪ  — ᠵᠤᠰᠠᠯᠠᠩ ᠤᠨ ᠰᠠᠶᠢᠬᠠᠨ ᠭᠠᠵᠠᠷ ︵ᠦᠵᠡᠮᠵᠢ ᠶᠢᠨ ᠤᠷᠤᠨ ᠤ ᠬᠠᠭᠤᠳᠠᠰᠤ ᠶᠢᠨ ᠨᠢᠭᠡ︶ ᠪᠣᠯᠣᠨ᠎ᠠ
ᠨᠡᠶᠢᠲᠡᠯᠡᠭᠰᠡᠨ ᠴᠠᠭ᠄
2024/5/21
   ᠪᠡᠭᠡᠵᠢᠩ ᠠᠴᠠ ᠪᠠᠷᠠᠭᠤᠨᠰᠢ ᠪᠠᠨ ᠨᠢᠭᠡ ᠠᠯᠬᠤᠮ ᠶᠠᠪᠤᠪᠠᠯ ᠤᠯᠠᠭᠠᠨᠴᠠᠪ ᠪᠣᠯᠤᠨ᠎ᠠ᠃ ᠲᠠᠨ ᠤ ︽ᠳᠤᠮᠳᠠᠳᠤ ᠤᠯᠤᠰ ᠤᠨ ᠲᠠᠯ᠎ᠠ ᠨᠤᠲᠤᠭ ᠤᠨ ᠵᠤᠰᠠᠯᠠᠩ ᠤᠨ ᠬᠤᠲᠠ︾ — ᠤᠯᠠᠭᠠᠨᠴᠠᠪ ᠲᠤ ᠵᠤᠭᠠᠴᠠᠨ ᠨᠠᠭᠠᠳᠬᠤ ᠪᠠᠷ ᠢᠷᠡᠭᠰᠡᠨ ᠢ ᠪᠠᠶᠠᠷᠯᠠᠨ ᠤᠭᠲᠤᠵᠤ ᠪᠠᠶᠢᠨ᠎ᠠ︕ ᠪᠢᠳᠡ ᠮᠤᠷᠤᠢ ᠰᠠᠷᠤᠢ ᠲᠠᠯ᠎ᠠ ᠨᠤᠲᠤᠭ ᠤᠨ ᠵᠠᠰᠠᠮᠠᠯ ᠵᠠᠮ ᠢᠶᠠᠷ ᠰᠦᠯᠵᠢᠯᠳᠦᠵᠦ᠂ ᠨᠢᠭᠡ ᠤᠳᠠᠭᠠᠨ ᠤ ᠬᠠᠮᠤᠭ ᠤᠨ ᠭᠤᠶᠤ ᠵᠢᠭᠤᠯᠴᠢᠯᠠᠯ ᠢ ᠲᠣᠭᠯᠠᠶ᠎ᠠ︕ ᠭᠤᠶᠢᠳᠡ ᠰᠠᠢᠬᠠᠨ ᠳᠠᠭᠤᠤ ᠶᠢ ᠳᠠᠭᠠᠯᠳᠤᠨ᠂ ᠠᠶᠠᠨ ᠵᠠᠮ ᠳᠠᠬᠢ ᠭᠤᠶᠣ ᠰᠠᠢᠬᠠᠨ ᠦᠵᠡᠮᠵᠢ ᠳᠤ ᠰᠤᠭᠳᠤᠷᠠᠵᠤ᠂ ᠲᠠᠨ ᠳᠤ ᠥᠳᠭᠡᠨ ᠲᠠᠯ᠎ᠠ ᠨᠤᠲᠤᠭ ᠤᠨ ᠠᠭᠤᠷ ᠠᠮᠢᠰᠭᠤᠯ ᠪᠣᠯᠤᠨ ᠷᠣᠮᠠᠨᠲ᠋ᠢᠭ ᠦᠨᠳᠦᠰᠦᠲᠡᠨ ᠤ ᠬᠡᠪ ᠨᠠᠮᠪᠠ ᠶᠢ ᠠᠪᠴᠢᠷᠠᠵᠤ ᠥᠭᠭᠦᠶ᠎ᠡ︔ ᠥᠭᠡᠷ᠎ᠡ ᠶᠠᠩᠵᠤ ᠶᠢᠨ ᠦᠵᠡᠮᠵᠢ᠂ ᠪᠠᠶᠠᠷ ᠬᠥᠷ ᠲᠠᠢ ᠠᠶᠠᠨ ᠵᠠᠮ — ᠲᠠᠨ ᠳᠤ ᠳᠣᠲᠣᠭᠠᠳᠤ ᠰᠡᠳᠭᠢᠯ ᠤᠨ ᠪᠣᠯᠪᠠᠰᠤᠷᠠᠯ ᠢ ᠬᠦᠷᠭᠡᠵᠦ᠂ ᠠᠮᠢᠳᠤᠷᠠᠯ ᠤᠨ ᠬᠠᠯᠠᠭᠤᠨ ᠳᠤᠯᠠᠭᠠᠨ ᠢ ᠡᠳ᠋ᠯᠡᠭᠦᠯᠦᠨ᠎ᠡ᠃    ᠰᠢᠩ ᠾᠧ ᠰᠢᠶᠠᠨ ᠤ ᠰᠤᠮᠤᠨ ᠠᠭᠤᠯᠠ ᠪᠣᠯ ᠤᠯᠤᠰ ᠤᠨ 4A ᠲᠠᠰ ᠤᠨ ᠵᠢᠭᠤᠯᠴᠢᠯᠠᠯ ᠤᠨ ᠦᠵᠡᠮᠵᠢ ᠶᠢᠨ ᠣᠷᠣᠨ ᠪᠣᠯᠤᠨ᠎ᠠ᠃ ᠰᠤᠮᠤᠨ ᠠᠭᠤᠯᠠ ᠶᠢᠨ ᠣᠶ ᠰᠢᠭᠤᠶ ᠶᠢᠨ ᠴᠡᠴᠡᠷᠯᠢᠭ ᠰᠢᠩ ᠾᠧ ᠰᠢᠶᠠᠨ ᠤ ᠡᠮᠦᠨ᠎ᠡ ᠬᠡᠰᠡᠭ ᠲᠤ ᠪᠠᠶᠢᠷᠢᠯᠠᠵᠤ᠂ ᠱᠠᠨ ᠰᠢ ᠾᠧᠪᠧᠢ ᠥᠪᠥᠷ ᠮᠣᠩᠭᠤᠯ ᠭᠤᠷᠪᠠᠨ ᠮᠤᠵᠢ ᠶᠢᠨ ᠠᠭᠤᠯᠵᠠᠷ ᠲᠤ ᠮᠤᠨᠢ ᠠᠭᠤᠯᠠ ᠶᠢᠨ ᠰᠡᠭᠦᠯ᠂ ᠶᠦᠩ ᠳ᠋ᠢᠩ ᠾᠧ ᠭᠤᠤᠯ ᠤᠨ ᠳᠡᠭᠡᠳᠦ ᠤᠷᠤᠰᠬᠠᠯ ᠤᠨ ᠬᠡᠰᠡᠭ ᠲᠤ ᠪᠠᠶᠢᠷᠢᠯᠠᠵᠤ ᠪᠠᠶᠢᠳᠠᠭ᠃     ᠰᠤᠮᠤᠨ ᠠᠭᠤᠯᠠ ᠶᠢᠨ ᠣᠢ ᠰᠢᠭᠤᠢ ᠶᠢᠨ ᠴᠡᠴᠡᠷᠯᠢᠭ᠂ ᠥᠪᠥᠷ ᠮᠣᠩᠭᠤᠯ ᠤᠨ ᠳᠤᠮᠳᠠ ᠪᠠᠷᠠᠭᠤᠨ ᠬᠡᠰᠡᠭ ᠤᠨ ᠭᠠᠵᠠᠷ ᠣᠷᠣᠨ ᠤ ᠬᠠᠮᠤᠭ ᠤᠨ ᠲᠣᠮᠣ ᠲᠠᠷᠢᠮᠠᠯ ᠣᠢ ᠰᠢᠭᠤᠢ ᠶᠢᠨ ᠲᠠᠯᠠᠪᠠᠢ᠂ ᠣᠢ ᠰᠢᠭᠤᠢ ᠶᠢᠨ ᠪᠦᠷᠬᠦᠴᠡ ᠶᠢᠨ ᠨᠣᠷᠮ᠎ᠠ 71%᠂ ᠤᠯᠠᠭᠠᠨᠴᠠᠪ ᠬᠤᠲᠠ ᠶᠢᠨ ᠵᠢᠭᠤᠯᠴᠢᠯᠠᠯ ᠤᠨ ᠦᠢᠯᠡᠰ ᠤᠨ ᠨᠢᠭᠡᠨ ᠭᠤᠶᠣ ᠨᠡᠷ᠎ᠡ ᠶᠢᠨ ᠬᠠᠭᠤᠳᠠᠰᠤ ᠪᠣᠯᠤᠨ᠎ᠠ᠃ ᠠᠳᠡ ᠢᠷᠡᠵᠦ᠂ ᠬᠡᠳᠦᠨ ᠦᠶ᠎ᠡ ᠶᠢᠨ ᠬᠥᠮᠦᠨ ᠤ ᠮᠣᠳᠣ ᠲᠠᠷᠢᠵᠤ ᠤᠶᠢᠵᠢᠭᠤᠯᠬᠤ ᠦᠢᠯᠡᠰ ᠪᠤᠰᠬᠠᠬᠤ ᠦᠯᠢᠭᠡᠷ ᠢ ᠰᠣᠨᠣᠰᠤᠳᠤᠭᠠᠢ᠃                          ᠤᠷᠴᠢᠭᠤᠯᠤᠭᠴᠢ᠄ ᠬᠦᠰᠡᠯ                      ᠬᠢᠨᠠᠭᠴᠢ᠄ ᠠᠷᠢᠭᠤᠨ  
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2