ᠤᠯᠠᠭᠠᠨᠴᠠᠪ᠄ ᠪᠥᠬᠦ ᠴᠠᠷᠠᠭᠠᠨ ᠤ ᠵᠢᠭᠤᠯᠴᠢᠯᠠᠯ ᠳᠤ ᠠᠩᠬᠠᠷᠤᠯ ᠢᠶᠠᠨ ᠲᠥᠪᠯᠡᠷᠡᠭᠦᠯᠦᠨ ︽ᠳᠥᠷᠪᠡᠨ ᠤᠯᠠᠷᠢᠯ ᠤᠨ ᠳᠠᠭᠤᠤ︾ ᠶᠢ ᠬᠠᠩᠭᠢᠨᠠᠭᠤᠯᠪᠠ
ᠨᠡᠶᠢᠲᠡᠯᠡᠭᠰᠡᠨ ᠴᠠᠭ᠄
2024/5/21
                  ᠢᠦᠢ ᠪᠣᠣ ᠰᠡᠭᠦᠲᠡᠷᠯᠡᠪᠡ    5 ᠰᠠᠷ᠎ᠠ ᠶᠢᠨ 6 ᠤ ᠡᠳᠦᠷ᠂ ᠲᠥᠪ ᠲᠧᠯᠸᠢᠰ ᠤᠨ ᠰᠣᠨᠢᠨ ᠮᠡᠳᠡᠭᠡ ︽ᠲᠠᠪᠤᠨ ᠰᠠᠷ᠎ᠠ ᠶᠢᠨ ᠨᠢᠭᠡᠨ︾ ᠤ ᠠᠮᠠᠷᠠᠯᠲᠠ ᠶᠢᠨ ᠬᠤᠭᠤᠴᠠᠭᠠᠨ ᠳᠤ ᠥᠪᠥᠷ ᠮᠣᠩᠭᠤᠯ ᠤᠨ ᠡᠯ᠎ᠡ ᠲᠣᠮᠣ ᠦᠵᠡᠮᠵᠢ ᠶᠢᠨ ᠣᠷᠣᠨ ᠦᠷᠭᠦᠯᠵᠢᠯᠡᠨ ᠬᠥᠭᠵᠢᠵᠦ ᠪᠠᠶᠢᠬᠤ ᠶᠢ ᠮᠡᠳᠡᠬᠡᠯᠡᠵᠤ᠂ ᠡᠭᠦᠨ ᠳᠤ ᠤᠯᠠᠭᠠᠨᠴᠠᠪ ᠤᠨ ᠭᠠᠯᠲᠤ ᠠᠭᠤᠯᠠ᠂ ᠯᠢᠨ ᠬᠤ᠋ ᠶᠢᠨ ᠡᠷᠳᠡᠨ ᠤ ᠴᠠᠶᠢᠵᠠ ᠥᠪᠥᠷ ᠮᠣᠩᠭᠤᠯ ᠤᠨ ᠬᠠᠯᠠᠭᠤᠨ ᠦᠵᠡᠮᠵᠢ ᠶᠢᠨ ᠣᠷᠣᠨ ᠪᠣᠯᠪᠠ᠃ ᠥᠪᠡᠷᠲᠡᠭᠡᠨ ᠵᠠᠰᠠᠬᠤ ᠣᠷᠣᠨ ᠤ ᠤᠯᠤᠰ ᠤᠨ ᠳᠣᠲᠣᠭᠠᠳᠤ ᠶᠢᠨ ᠵᠤᠭᠠᠴᠠᠭᠰᠠᠳ ᠤᠨ ᠥᠯᠢᠭᠡᠷ ᠠᠪᠴᠤ ᠪᠠᠶᠢᠴᠠᠭᠠᠬᠤ ᠪᠠ ᠴᠢᠮᠡᠭᠡ ᠬᠤᠯᠪᠣᠭᠠᠨ ᠤ ᠡᠵᠡᠩᠨᠡᠯᠲᠡ ᠶᠢᠨ ᠬᠤᠳᠠᠯᠳᠤᠭᠠᠴᠢᠨ ᠤ ᠲᠤᠭ᠎ᠠ ᠪᠠᠷᠢᠮᠲᠠ ᠶᠢ ᠶᠡᠷᠦᠩᠬᠡᠶᠢᠯᠡᠨ ᠲᠥᠰᠦᠭᠡᠯᠡᠨ ᠪᠤᠳᠤᠭᠰᠠᠨ ᠢ ᠦᠨᠳᠦᠰᠦᠯᠡᠨ᠂ ︽ᠲᠠᠪᠤᠨ ᠰᠠᠷ᠎ᠠ ᠶᠢᠨ ᠨᠢᠭᠡᠨ︾ ᠤ ᠠᠮᠠᠷᠠᠯᠲᠠ ᠶᠢᠨ 5 ᠡᠳᠦᠷ᠂ ᠮᠠᠨ ᠤ ᠬᠤᠲᠠ ᠤᠯᠤᠰ ᠤᠨ ᠳᠣᠲᠣᠭᠠᠳᠤ ᠶᠢᠨ ᠵᠤᠭᠠᠴᠠᠭᠰᠠᠳ ᠢ 134.12 ᠲᠦᠮᠡᠨ ᠬᠥᠮᠦᠨ ᠤᠳᠠᠭ᠎ᠠ ᠭᠥᠯᠢᠶᠡᠨ ᠠᠪᠴᠤ᠂ ᠤᠯᠤᠰ ᠤᠨ ᠳᠣᠲᠣᠭᠠᠳᠤ ᠶᠢᠨ ᠵᠤᠭᠠᠴᠠᠭᠰᠠᠳ ᠤᠨ ᠶᠡᠷᠦᠩᠬᠡᠶ ᠬᠡᠷᠡᠭᠯᠡᠭᠡ 9.13 ᠳ᠋ᠦᠩᠰᠢᠭᠤᠷ ᠲᠥᠭᠦᠷᠢᠭ ᠲᠤ ᠬᠦᠷᠴᠡᠶ᠃ ᠬᠠᠷᠢᠴᠠᠭᠤᠯᠵᠤ ᠪᠣᠯᠬᠤ ᠪᠠᠷᠢᠮᠵᠢᠶ᠎ᠠ ᠪᠠᠷ᠂ ᠨᠢᠳᠤᠨᠤᠨ ᠤ ᠬᠦᠯᠢᠶᠡᠨ ᠠᠪᠤᠭᠰᠠᠨ ᠤᠯᠤᠰ ᠤᠨ ᠳᠣᠲᠣᠭᠠᠳᠤ ᠶᠢᠨ ᠵᠤᠭᠠᠴᠠᠭᠰᠠᠳ ᠤᠨ ᠲᠤᠭ᠎ᠠ ᠠᠳᠠᠯᠢ ᠬᠤᠭᠤᠴᠠᠭᠠᠨ ᠤ ᠬᠢ ᠠᠴᠠ 28.16% ᠪᠠᠷ ᠨᠡᠮᠡᠭᠳᠡᠵᠦ᠂ ᠤᠯᠤᠰ ᠤᠨ ᠳᠣᠲᠣᠭᠠᠳᠤ ᠶᠢᠨ ᠵᠤᠭᠠᠴᠠᠭᠰᠠᠳ ᠤᠨ ᠶᠡᠷᠦᠩᠬᠡᠢ ᠬᠡᠷᠡᠭᠯᠡᠭᠡ ᠠᠳᠠᠯᠢ ᠬᠤᠭᠤᠴᠠᠭᠠᠨ ᠤ ᠬᠢ ᠠᠴᠠ 43.78% ᠨᠡᠮᠡᠭᠳᠡᠵᠡᠢ᠃                        ᠵᠣᠬᠢᠶᠠᠭᠴᠢ᠄ ᠳ᠋ᠧᠩ ᠰᠢᠤ ᠰᠢᠤ                        ᠤᠷᠴᠢᠭᠤᠯᠤᠭᠴᠢ᠄ ᠬᠦᠰᠡᠯ                        ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠤᠨ ᠰᠤᠶᠤᠯ ᠵᠢᠭᠤᠯᠴᠢᠯᠠᠯ ᠪᠡᠶ᠎ᠡ ᠶᠢᠨ ᠳᠠᠮᠢᠷ ᠤᠨ ᠳᠤᠪᠴᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2