ᠤᠯᠠᠭᠠᠨᠴᠠᠪ ᠬᠤᠲᠠ ᠬᠠᠮᠲᠤ ᠶᠢᠨ ᠭᠠᠵᠠᠷ ᠰᠢᠷᠣᠶ ᠶᠢᠨ ᠬᠢᠨᠠᠨ ᠪᠠᠶᠢᠴᠠᠭᠠᠯᠲᠠ ᠶᠢ ᠴᠢᠩᠭᠠᠳᠬᠠᠵᠤ ᠬᠥᠳᠡᠭᠡ ᠲᠣᠰᠬᠤᠨ ᠤ ᠠᠵᠤ ᠦᠢᠯᠡᠰ ᠤᠨ ᠬᠥᠭᠵᠢᠯᠲᠡ ᠳᠤ ᠬᠦᠴᠦᠨ ᠨᠡᠮᠡᠷᠢᠯᠡᠵᠦ ᠪᠤᠢ
ᠨᠡᠶᠢᠲᠡᠯᠡᠭᠰᠡᠨ ᠴᠠᠭ᠄
2024/5/21
    2024 ᠣᠨ ᠤ 1 ᠰᠠᠷ᠎ᠠ ᠠᠴᠠ 4 ᠰᠠᠷ᠎ᠠ ᠪᠣᠯᠲᠠᠯ᠎ᠠ᠂ ᠮᠠᠨ ᠤ ᠬᠤᠲᠠ 3 ᠳᠠᠩ ᠰᠣᠩᠭᠤᠯᠲᠠ᠂ 5 ᠪᠦᠯᠦᠭ  ᠤᠨ ᠲᠥᠷᠥᠯ ᠵᠦᠢᠯ ᠤᠨ ᠥᠪᠡᠷᠲᠡᠭᠡᠨ ᠵᠠᠰᠠᠬᠤ ᠣᠷᠣᠨ ᠤ ᠵᠠᠰᠠᠭ ᠤᠨ ᠣᠷᠳᠣᠨ ᠤ ᠴᠣᠬᠤᠯᠠᠪᠤᠷᠢ ᠪᠠᠷ ᠳᠠᠮᠵᠢᠭᠤᠯᠤᠨ ᠬᠠᠮᠲᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠢ 347 ᠮᠥ ᠤᠯᠪᠠ᠂ ᠲᠥᠷᠥᠯ ᠵᠦᠢᠯ ᠤᠨ ᠬᠡᠷᠡᠭᠯᠡᠯᠲᠡ ᠳᠤ ᠭᠤᠤᠯᠳᠠᠭᠤ᠄ ᠢᠳᠡᠭᠡᠨ ᠡᠳ᠋ᠰᠢᠭᠦᠯᠬᠦ ᠲᠥᠷᠥᠯ ᠵᠦᠢᠯ 3᠂ ᠰᠣᠶᠣᠯ ᠵᠢᠭᠤᠯᠴᠢᠯᠠᠯ ᠤᠨ ᠲᠥᠷᠥᠯ ᠵᠦᠢᠯ 2᠂ ᠰᠠᠭᠤᠷᠢ ᠲᠥᠬᠦᠭᠡᠷᠦᠮᠵᠢ᠂ ᠨᠡᠶᠢᠭᠡᠮ ᠤᠨ ᠠᠰᠠᠷᠠᠮᠵᠢ ᠶᠢᠨ ᠲᠥᠷᠥᠯ ᠵᠦᠢᠯ 5᠂ ᠠᠵᠤ ᠦᠢᠯᠡᠳᠪᠦᠷᠢ ᠶᠢᠨ ᠲᠥᠷᠥᠯ ᠵᠦᠢᠯ 2 ᠪᠣᠶ᠃ ᠬᠠᠮᠲᠤ ᠶᠢᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠴᠣᠬᠤᠯᠠᠪᠤᠷᠢ ᠪᠠᠷ ᠳᠠᠮᠵᠢᠨ᠂ ᠮᠠᠨ ᠤ ᠬᠤᠲᠠ ᠶᠢᠨ ᠬᠥᠳᠡᠭᠡ ᠲᠣᠰᠬᠤᠨ ᠤ ᠠᠵᠤ ᠦᠢᠯᠡᠰ ᠤᠨ ᠡᠯ᠎ᠡ ᠲᠥᠷᠥᠯ ᠤᠨ ᠪᠦᠲᠦᠭᠡᠨ ᠪᠠᠶᠢᠭᠤᠯᠤᠯᠲᠠ ᠳᠤ ᠬᠡᠷᠡᠭᠯᠡᠬᠦ ᠭᠠᠵᠠᠷ ᠤᠨ ᠬᠡᠷᠡᠭᠴᠡᠭᠡ ᠶᠢ ᠪᠦᠲᠦᠮᠵᠢᠲᠡᠢ ᠬᠠᠩᠭᠠᠪᠠ᠃     ︽ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠳᠤ ᠬᠡᠷᠡᠭᠯᠡᠬᠦ ᠭᠠᠵᠠᠷ ᠤᠨ ᠲᠥᠷᠥ ᠶᠢᠨ ᠪᠣᠳᠣᠯᠭ᠎ᠠ ᠶᠢᠨ ᠵᠦᠭᠯᠡᠭᠦᠷ︾ ᠢ ᠭᠦᠨᠵᠡᠭᠡᠶ ᠲᠤᠭᠤᠰᠢᠯᠠᠭᠤᠯᠤᠨ ᠨᠠᠶᠢᠳᠠᠪᠤᠷᠢᠵᠢᠭᠤᠯᠬᠤ ᠶᠢᠨ ᠲᠥᠯᠥᠭᠡ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠮᠠᠨ ᠤ ᠬᠤᠲᠠ ᠶᠢᠨ ᠬᠥᠳᠡᠭᠡ ᠲᠣᠰᠬᠤᠨ ᠤ ᠠᠵᠤ ᠦᠢᠯᠡᠰ ᠤᠨ ᠭᠠᠵᠠᠷ ᠬᠡᠷᠡᠭᠯᠡᠬᠦ ᠬᠡᠷᠡᠭᠴᠡᠭᠡ ᠶᠢ ᠳᠡᠭᠡᠳᠦ ᠬᠡᠮᠵᠢᠶ᠎ᠡ ᠪᠠᠷ ᠴᠢᠬᠤᠯᠠᠴᠢᠯᠠᠵᠤ᠂ ᠤᠯᠠᠭᠠᠨᠴᠠᠪ ᠬᠤᠲᠠ ᠶᠢᠨ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠬᠥᠭᠵᠢᠯᠲᠡ ᠶᠢ ᠪᠥᠬᠦ ᠬᠦᠴᠦᠨ ᠢᠶᠠᠷ ᠢᠶᠠᠨ ᠳᠡᠮᠵᠢᠪᠡ᠃ ︽ᠪᠥᠬᠦ ᠣᠷᠣᠨ ᠤ ᠲᠥᠷᠥᠯ ᠵᠦᠢᠯ ᠤᠨ ᠪᠥᠲᠥᠭᠡᠨ ᠪᠠᠶᠢᠭᠤᠯᠤᠯᠲᠠ ᠶᠢᠨ ᠨᠢᠭᠡᠴᠢ ᠳᠤ ᠥᠭᠭᠦᠭᠰᠡᠨ ᠨᠢᠭᠡ ᠬᠤᠪᠢ ᠵᠠᠬᠢᠳᠠᠯ︾ ᠤᠨ ᠱᠠᠭᠠᠷᠳᠠᠯᠭ᠎ᠠ ᠶᠣᠰᠣᠭᠠᠷ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠮᠠᠲ᠋ᠧᠷᠢᠶᠠᠯ ᠨᠢ ᠪᠦᠷᠢᠨ ᠭᠦᠢᠴᠡᠳ ᠨᠥᠬᠦᠴᠡᠯ ᠳᠣᠤᠷ᠎ᠠ᠂ ᠬᠢᠨᠠᠨ ᠵᠥᠪᠰᠢᠶᠡᠷᠡᠬᠦ ᠶᠢ ᠲᠦᠷᠭᠡᠳᠬᠡᠬᠦ᠂ ᠦᠢᠯᠡᠴᠢᠯᠡᠭᠡᠨ ᠤ ᠥᠷᠲᠡᠭᠡ ᠶᠢ ᠰᠢᠯᠢᠳᠡᠭᠵᠢᠭᠦᠯᠬᠦ ᠪᠠᠷ ᠭᠤᠤᠯᠳᠠᠯᠭ᠎ᠠ ᠪᠣᠯᠭᠠᠨ᠂ ᠮᠡᠳᠡᠭᠦᠯᠦᠨ ᠵᠥᠪᠰᠢᠶᠡᠷᠡᠭᠦᠯᠬᠦ ᠲᠥᠰᠦᠯ ᠢ ᠰᠢᠨᠵᠢᠯᠡᠬᠦ ᠤᠬᠠᠭᠠᠨᠴᠢ ᠪᠠᠷ ᠲᠣᠭᠲᠠᠭᠠᠵᠤ᠂ ᠨᠠᠷᠢᠨ ᠲᠠᠩᠰᠠᠴᠢᠯᠠᠭᠰᠠᠨ ᠬᠠᠮᠢᠶᠠᠷᠤᠯᠲᠠ ᠶᠢ ᠴᠢᠩᠭᠠᠳᠬᠠᠵᠤ᠂ ᠬᠥᠳᠡᠭᠡ ᠲᠣᠰᠬᠤᠨ ᠤ ᠲᠥᠷᠥᠯ ᠵᠦᠢᠯ ᠢ ᠨᠠᠶᠢᠳᠠᠪᠤᠷᠢᠵᠢᠭᠤᠯᠬᠤ ᠠᠬᠢᠴᠠ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠪᠠ᠃      ᠳᠠᠷᠠᠭᠠᠴᠢ ᠶᠢᠨ ᠠᠯᠬᠤᠮ ᠳᠤ᠂ ᠬᠤᠲᠠ ᠶᠢᠨ ᠪᠠᠶᠢᠭᠠᠯᠢ ᠶᠢᠨ ᠡᠬᠢ ᠪᠠᠶᠠᠯᠢᠭ ᠤᠨ ᠲᠣᠪᠴᠢᠶ᠎ᠠ ᠠᠴᠠ ᠰᠢᠶᠠᠩ ᠪᠠᠯᠭᠠᠰᠤᠨ ᠤ ᠵᠠᠰᠠᠭ ᠤᠨ ᠣᠷᠳᠣᠨ᠂ ᠭᠠᠵᠠᠷ ᠬᠡᠷᠡᠭᠯᠡᠬᠦ ᠨᠢᠭᠡᠴᠢ ᠶᠢᠨ ᠰᠠᠨᠠᠯ ᠰᠠᠨᠠᠭᠤᠯᠭ᠎ᠠ ᠶᠢ ᠦᠷᠭᠦᠯᠵᠢᠯᠡᠨ ᠭᠦᠢᠴᠡᠳ ᠬᠦᠯᠢᠶᠡᠨ ᠠᠪᠤᠨ᠎ᠠ᠃ ᠨᠢᠭᠡ ᠳᠤ᠂ ᠬᠥᠳᠡᠭᠡ ᠲᠣᠰᠬᠤᠨ ᠤ ᠲᠥᠷᠥᠯ ᠵᠦᠢᠯ ᠤᠨ ᠭᠠᠵᠠᠷ ᠬᠡᠷᠡᠭᠯᠡᠬᠦ ᠨᠢᠭᠡᠴᠢ ᠲᠠᠢ ᠵᠣᠯᠭᠠᠯᠳᠤᠭᠤᠯᠤᠨ ᠬᠠᠷᠢᠯᠴᠠᠬᠤ ᠶᠢ ᠴᠢᠩᠭᠠᠳᠬᠠᠵᠤ᠂ ᠬᠥᠳᠡᠭᠡ ᠲᠣᠰᠬᠤᠨ ᠤ ᠲᠥᠷᠥᠯ ᠵᠦᠢᠯ ᠤᠨ ᠭᠠᠵᠠᠷ ᠬᠡᠷᠡᠭᠯᠡᠬᠦ ᠲᠤᠬᠠᠶ ᠴᠣᠬᠤᠯᠠᠪᠤᠷᠢ ᠶᠢ ᠦᠷᠭᠦᠯᠵᠢᠯᠡᠨ ᠰᠠᠶᠢᠲᠤᠷ ᠬᠢᠨ᠎ᠡ᠃ ᠬᠤᠶᠠᠷ ᠲᠤ᠂ ᠬᠢᠨᠠᠨ ᠵᠥᠪᠰᠢᠶᠡᠷᠡᠬᠦ ᠦᠢᠯᠡᠴᠢᠯᠡᠭᠡ ᠶᠢ ᠣᠯᠠᠨ ᠴᠤᠪᠤᠷᠠᠯ ᠢᠶᠠᠷ ᠰᠢᠯᠢᠳᠡᠭᠵᠢᠭᠦᠯᠵᠦ᠂ ᠬᠢᠨᠠᠨ ᠵᠥᠪᠰᠢᠶᠡᠷᠡᠬᠦ ᠦᠷ᠎ᠡ ᠪᠦᠲᠦᠮᠵᠢ ᠶᠢ ᠳᠡᠭᠡᠭᠰᠢᠯᠡᠭᠦᠯᠦᠨ᠎ᠡ᠃ ᠭᠤᠷᠪᠠ ᠳᠤ᠂ ᠲᠥᠷᠥᠯ ᠵᠦᠢᠯ ᠤᠨ ᠭᠠᠵᠠᠷ ᠬᠡᠷᠡᠭᠯᠡᠬᠦ ᠬᠦᠴᠦᠨ ᠵᠦᠢᠯ ᠤᠨ ᠪᠠᠲᠤᠯᠠᠭ᠎ᠠ ᠶᠢᠨ ᠠᠵᠢᠯ ᠪᠠ ᠭᠠᠵᠠᠷ ᠬᠡᠷᠡᠭᠯᠡᠬᠦ ᠭᠠᠷᠳᠠᠮ ᠢ ᠭᠦᠢᠴᠡᠳᠬᠡᠬᠦ ᠠᠵᠢᠯ ᠢ ᠪᠥᠬᠦ ᠬᠦᠴᠦᠨ ᠢᠶᠠᠷ ᠢᠶᠠᠨ ᠰᠠᠶᠢᠲᠤᠷ ᠬᠢᠵᠦ᠂ ᠲᠥᠷᠥᠯ ᠵᠦᠢᠯ ᠢ ᠲᠣᠭᠲᠠᠭᠤᠨ ᠢᠶᠠᠷ ᠨᠠᠶᠢᠳᠠᠪᠤᠷᠢᠵᠢᠭᠤᠯᠤᠨ ᠬᠡᠷᠡᠭᠵᠢᠭᠦᠯᠬᠦ ᠶᠢ ᠦᠨᠡᠨᠬᠦ ᠪᠠᠲᠤᠯᠠᠨ᠎ᠠ᠃
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2