ᠯᠢᠶᠠᠩᠴᠧᠩ ᠰᠢᠶᠠᠨ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠶᠢ ᠴᠢᠩᠭᠠᠳᠬᠠᠪᠠ
ᠨᠡᠶᠢᠲᠡᠯᠡᠭᠰᠡᠨ ᠴᠠᠭ᠄
2024/5/21
     ᠡᠨᠡ ᠵᠢᠯ ᠠᠴᠠ ᠨᠠᠰᠢ᠂ ᠯᠢᠶᠠᠩᠴᠧᠩ ᠰᠢᠶᠠᠨ ᠥᠪᠡᠷᠲᠡᠭᠡᠨ ᠵᠠᠰᠠᠬᠤ ᠣᠷᠣᠨ᠂ ᠬᠤᠲᠠ᠂ ᠰᠢᠶᠠᠨ ᠤ ᠠᠶᠤᠯᠭᠦᠶ ᠦᠢᠯᠡᠳᠪᠦᠷᠢᠯᠡᠯ ᠤᠨ ᠠᠵᠢᠯ ᠤᠨ ᠰᠢᠢᠳᠪᠦᠷᠢᠲᠦ ᠪᠣᠳᠣᠯᠭ᠎ᠠ ᠶᠢᠨ ᠪᠠᠶᠢᠷᠢᠯᠠᠭᠤᠯᠤᠯᠲᠠ ᠵᠢᠴᠢ ᠯᠢᠶᠠᠩᠴᠧᠩ ᠰᠢᠶᠠᠨ ᠤ ︽ᠠᠶᠤᠯᠭᠦᠶ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠤᠨ ᠱᠠᠭᠠᠷᠳᠠᠯᠭ᠎ᠠ ᠶᠣᠰᠣᠭᠠᠷ᠂ ᠰᠢᠶᠠᠨ ᠤ ᠰᠣᠶᠣᠯ ᠵᠢᠭᠤᠯᠴᠢᠯᠠᠯ ᠤᠨ ᠲᠣᠪᠴᠢᠶ᠎ᠠ ︽ᠯᠢᠶᠠᠩᠴᠧᠩ ᠰᠢᠶᠠᠨ ᠤ ᠰᠣᠶᠣᠯ ᠪᠠ ᠵᠢᠭᠤᠯᠴᠢᠯᠠᠯ ᠤᠨ ᠰᠢᠰᠲ᠋ᠧᠮ ᠤᠨ ᠠᠶᠤᠯᠭᠦᠶ ᠦᠢᠯᠡᠳᠪᠦᠷᠢᠯᠡᠯ ᠤᠨ ᠦᠨᠳᠦᠰᠦᠨ ᠠᠴᠠ ᠨᠢ ᠵᠠᠰᠠᠬᠤ ᠪᠣᠭᠤᠮᠲᠠ ᠰᠢᠪᠲᠤᠯᠬᠤ ᠭᠤᠷᠪᠠᠨ ᠵᠢᠯ ᠤᠨ ᠠᠵᠢᠯᠯᠠᠭ᠎ᠠ ᠶᠢᠨ ᠬᠡᠷᠡᠭᠵᠢᠭᠦᠯᠬᠦ ᠲᠥᠰᠦᠯ︾ ᠢ ᠲᠣᠭᠲᠠᠭᠠᠭᠰᠠᠨ ᠪᠥᠭᠡᠳ ᠵᠢᠯ ᠤᠨ ᠡᠬᠢᠨ ᠤ ᠠᠵᠢᠯ ᠤᠨ ᠲᠥᠯᠥᠪᠯᠡᠭᠡ ᠵᠢᠴᠢ ᠲᠥᠰᠦᠯ ᠤᠨ ᠠᠯᠬᠤᠮ ᠳᠠᠷᠠᠭ᠎ᠠ ᠶᠢᠨ ᠶᠣᠰᠣᠭᠠᠷ᠂ ᠰᠣᠶᠣᠯ ᠵᠢᠭᠤᠯᠴᠢᠯᠠᠯ ᠤᠨ ᠵᠠᠬ᠎ᠠ ᠳᠡᠯᠭᠡᠭᠦᠷ ᠤᠨ ᠠᠶᠤᠯᠭᠦᠶ ᠦᠢᠯᠡᠳᠪᠦᠷᠢᠯᠡᠯ ᠤᠨ ᠠᠵᠢᠯ ᠢ ᠢᠳᠡᠪᠬᠢᠲᠡᠶ ᠥᠷᠨᠢᠭᠦᠯᠪᠡ᠃    5 ᠰᠠᠷ᠎ᠠ ᠶᠢᠨ 20 ᠤ ᠡᠳᠦᠷ ᠪᠣᠯᠲᠠᠯ᠎ᠠ᠂ ᠨᠢᠭᠡᠨᠲᠡ 96 ᠪᠠᠶᠢᠴᠠᠭᠠᠬᠤ ᠠᠵᠢᠯᠲᠠᠨ ᠢ ᠬᠥᠳᠡᠯᠭᠡᠵᠦ᠂ 128 ᠠᠵᠤ ᠠᠬᠤᠶᠢᠯᠠᠯ ᠢ ᠪᠠᠶᠢᠴᠠᠭᠠᠵᠤ᠂ 18 ᠠᠮᠤᠷ ᠲᠦᠪᠰᠢᠨ ᠤ ᠳᠠᠯᠳᠠ ᠬᠡᠮ ᠢ ᠢᠯᠡᠷᠡᠭᠦᠯᠵᠦ᠂ ᠣᠲᠣ ᠨᠢᠭᠡᠨᠲᠡ ᠪᠦᠬᠦᠨ ᠢ ᠴᠡᠭᠴᠡᠯᠡᠨ ᠰᠠᠶᠢᠵᠢᠷᠠᠭᠤᠯᠵᠤ ᠳᠠᠭᠤᠰᠬᠠᠪᠠ᠃                            ᠤᠷᠴᠢᠭᠤᠯᠤᠭᠴᠢ᠄ ᠬᠦᠰᠡᠯ                            ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2