ᠰᠦᠢ ᠸᠧᠢ ᠵᠢᠶᠦ᠋ᠨ ᠱᠠᠩᠳᠤ ᠰᠢᠶᠠᠨ ᠳᠤ ᠭᠦᠨᠵᠡᠭᠡᠶᠢᠷᠡᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ ᠪᠠ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠵᠢᠯ ᠢ ᠪᠠᠶᠢᠴᠠᠭᠠᠨ ᠰᠤᠳᠤᠯᠵᠤ ᠵᠢᠭᠠᠨ ᠵᠢᠯᠣᠭᠤᠳᠪᠠ
ᠨᠡᠶᠢᠲᠡᠯᠡᠭᠰᠡᠨ ᠴᠠᠭ᠄
2024/5/22
    5 ᠰᠠᠷ᠎ᠠ ᠶᠢᠨ 20 ᠤ ᠡᠳᠦᠷ᠂ ᠬᠤᠳᠠ ᠶᠢᠨ ᠨᠠᠮ ᠤᠨ ᠬᠤᠷᠢᠶᠠᠨ ᠤ ᠱᠦᠵᠢ ᠰᠦᠢ ᠸᠧᠢ ᠵᠢᠶᠦ᠋ᠨ ᠱᠠᠩᠳᠤ ᠰᠢᠶᠠᠨ ᠳᠤ ᠭᠦᠨᠵᠡᠭᠡᠶᠢᠷᠡᠨ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ᠂ ᠦᠨᠳᠦᠰᠦᠨ ᠱᠠᠲᠤᠨ ᠤ ︽ᠤᠨᠠᠭ᠎ᠠ ᠶᠡᠭᠡ ᠲᠡᠷᠭᠡ ᠴᠢᠩᠭᠠᠭᠠᠬᠤ︾ ᠶᠢ ᠵᠠᠰᠠᠬᠤ ᠲᠤᠪᠤᠶᠢᠮ᠎ᠠ ᠠᠰᠠᠭᠤᠳᠠᠯ ᠵᠢᠴᠢ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠵᠡᠷᠭᠡ ᠠᠵᠢᠯ ᠢ ᠪᠠᠶᠢᠴᠠᠭᠠᠨ ᠰᠤᠳᠤᠯᠤᠭᠰᠠᠨ ᠪᠥᠭᠡᠳ ᠶᠠᠷᠢᠯᠴᠠᠬᠤ ᠬᠤᠷᠠᠯ ᠢ ᠡᠷᠬᠢᠯᠡᠨ ᠬᠤᠷᠠᠯᠳᠤᠭᠤᠯᠪᠠ᠃     ᠰᠦᠢ ᠸᠧᠢ ᠵᠢᠶᠦ᠋ᠨ ᠡᠩ ᠲᠡᠷᠢᠭᠦᠨ ᠳᠤ ᠱᠠᠩᠳᠤ ᠰᠢᠶᠠᠨ ᠤ ᠰᠠᠨ ᠳ᠋ᠠ ᠴᠢᠩ ᠰᠢᠶᠠᠩ ᠤᠨ ᠰᠢᠶᠧ ᠵᠢᠶᠠ ᠹᠠᠩ ᠲᠣᠰᠬᠤᠨ᠂ ᠳ᠋ᠦᠩ ᠵᠢᠶᠠ ᠲᠣᠰᠬᠤᠨ ᠳᠤ ᠬᠦᠷᠴᠦ᠂ ᠲᠣᠰᠬᠤᠨ ᠤ ᠠᠷᠠᠳ ᠤᠨ ᠠᠵᠤ ᠦᠢᠯᠡᠰ ᠤᠨ ᠬᠥᠭᠵᠢᠯᠲᠡ᠂ ᠭᠡᠷ ᠪᠦᠯᠢ ᠶᠢᠨ ᠣᠷᠣᠯᠭ᠎ᠠ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠠᠵᠤ ᠦᠢᠯᠡᠰ ᠢ ᠬᠥᠭᠵᠢᠭᠦᠯᠦᠨ ᠮᠠᠨᠳᠤᠭᠤᠯᠬᠤ ᠪᠣᠯ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠶᠢᠨ ᠴᠢᠬᠤᠯᠠ ᠠᠴᠠ ᠴᠢᠬᠤᠯᠠ ᠵᠦᠢᠯ ᠪᠣᠯᠤᠨ᠎ᠠ᠂ ᠲᠣᠰᠬᠤᠨ ᠤ ᠠᠷᠠᠳ ᠤᠨ ᠠᠵᠤ ᠦᠢᠯᠡᠰ ᠢ ᠬᠥᠭᠵᠢᠭᠦᠯᠬᠦ ᠶᠢ ᠠᠬᠢᠭᠤᠯᠵᠤ᠂ ᠲᠣᠰᠬᠤᠨ ᠤ ᠠᠷᠠᠳ ᠢ ᠬᠠᠪᠰᠤᠷᠤᠨ ᠣᠷᠣᠯᠭ᠎ᠠ ᠶᠢ ᠨᠢ ᠨᠡᠮᠡᠭᠳᠡᠭᠦᠯᠦᠨ ᠪᠠᠶᠠᠵᠢᠭᠤᠯᠬᠤ ᠶᠢ ᠰᠡᠳᠬᠢᠯ ᠳᠡᠭᠡᠨ ᠪᠤᠳᠤᠵᠤ᠂ ᠭᠠᠷ ᠲᠠᠭᠠᠨ ᠠᠳᠬᠤᠵᠤ᠂ ︽ᠠᠶᠢᠯ ᠪᠣᠯᠭᠠᠨ ᠦᠬᠡᠷ ᠬᠤᠨᠢ ᠲᠡᠵᠢᠭᠡᠵᠦ᠂ ᠡᠷᠦᠬᠡ ᠪᠣᠯᠭᠠᠨ ᠣᠷᠣᠯᠭ᠎ᠠ ᠪᠠᠨ ᠨᠡᠮᠡᠭᠳᠡᠭᠦᠯᠬᠦ ︾ ᠶᠢ ᠠᠬᠢᠭᠤᠯᠵᠤ᠂ ᠨᠥᠬᠦᠴᠡᠯ ᠲᠠᠢ᠂ ᠴᠢᠳᠠᠪᠤᠷᠢ ᠲᠠᠢ᠂ ᠬᠦᠰᠡᠯ ᠡᠷᠡᠮᠡᠯᠵᠡᠯ ᠲᠠᠢ ᠲᠣᠰᠬᠤᠨ ᠤ ᠠᠷᠠᠳ ᠤᠨ ᠲᠡᠵᠢᠭᠡᠨ ᠦᠷᠡᠵᠢᠭᠦᠯᠬᠦ ᠦᠢᠯᠡᠰ ᠢ ᠬᠥᠭᠵᠢᠭᠦᠯᠬᠦ ᠶᠢ ᠵᠣᠷᠢᠭᠵᠢᠭᠤᠯᠤᠨ ᠳᠡᠮᠵᠢᠵᠦ᠂ ᠠᠵᠤ ᠦᠢᠯᠡᠰ ᠢ ᠬᠦᠭᠵᠢᠭᠦᠯᠦᠨ ᠮᠠᠨᠳᠤᠭᠤᠯᠬᠤ᠂ ᠲᠠᠷᠢᠶᠠᠴᠢᠳ ᠢ ᠪᠠᠶᠠᠵᠢᠭᠤᠯᠬᠤ ᠶᠢ ᠪᠡᠶᠡᠯᠡᠭᠦᠯᠬᠦ ᠬᠡᠷᠡᠭᠲᠡᠢ ᠭᠡᠵᠤ ᠬᠡᠯᠡᠪᠡ᠃     ᠴᠢ ᠲᠠᠢ ᠪᠠᠯᠭᠠᠰᠤᠨ ᠤ ᠢᠳᠡᠰᠢᠨ ᠨᠣᠭᠤᠭ᠎ᠠ ᠶᠢᠨ ᠲᠠᠯᠠᠪᠠᠢ ᠨᠡᠶᠢᠭᠡᠮ ᠲᠣᠭᠤᠷᠢᠭ ᠲᠤ᠂ ᠰᠦᠢ ᠸᠧᠢ ᠵᠢᠶᠦ᠋ᠨ ᠨᠡᠶᠢᠭᠡᠮ ᠲᠣᠭᠤᠷᠢᠭ ᠤᠨ ᠪᠦᠳᠦᠭᠡᠨ ᠪᠠᠶᠢᠭᠤᠯᠤᠯᠲᠠ ᠪᠣᠯᠤᠨ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠦᠭᠰᠡᠨ ᠵᠡᠷᠭᠡ ᠪᠠᠶᠢᠳᠠᠯ ᠢ ᠭᠦᠨᠵᠡᠭᠡᠢ ᠣᠶᠢᠯᠠᠭᠠᠪᠠ᠃ ᠲᠡᠷᠡ᠂ ᠡᠭᠦᠷᠭᠡ ᠴᠢᠳᠠᠪᠬᠢ ᠲᠤᠰᠢᠶᠠᠯ ᠬᠠᠷᠢᠭᠤᠴᠠᠯᠭ᠎ᠠ ᠪᠣᠯᠤᠨ ᠠᠵᠢᠯ ᠤᠨ ᠶᠠᠪᠤᠴᠠ ᠶᠢ ᠦᠷᠭᠦᠯᠵᠢᠯᠡᠨ ᠰᠢᠯᠢᠳᠡᠭᠵᠢᠭᠦᠯᠵᠦ᠂ ᠬᠠᠰᠤᠬᠤ ᠶᠣᠰᠣᠲᠠᠢ ᠶᠢ ᠨᠢ ᠪᠦᠬᠦᠨ ᠢ ᠬᠠᠰᠤᠬᠤ ᠶᠢ ᠪᠠᠷᠢᠮᠲᠠᠯᠠᠵᠤ᠂ ᠦᠨᠳᠦᠰᠦᠨ ᠱᠠᠲᠤᠨ ᠤ ᠠᠵᠢᠯᠲᠠᠳ ᠢ ᠨᠡᠩ ᠤᠯᠠᠨ ᠴᠠᠭ ᠪᠣᠯᠤᠨ ᠤᠶᠤᠨ ᠴᠢᠳᠠᠯ ᠢᠶᠠᠨ ᠭᠠᠷᠭᠠᠵᠤ ᠪᠠᠶᠢᠭᠠᠳ ᠤᠯᠠᠨ ᠲᠦᠮᠡᠨ ᠳᠤ ᠪᠣᠳᠠᠲᠠᠢ ᠶᠠᠪᠤᠳᠠᠯ ᠬᠢᠵᠦ᠂ ᠬᠦᠴᠢᠷ ᠠᠰᠠᠭᠤᠳᠠᠯ ᠢ ᠨᠢ ᠰᠢᠢᠳᠪᠦᠷᠢᠯᠡᠵᠦ ᠥᠭᠬᠦ ᠬᠡᠷᠡᠭᠲᠡᠢ ᠭᠡᠵᠦ ᠬᠡᠯᠡᠪᠡ᠃     ᠶᠠᠷᠢᠯᠴᠠᠬᠤ ᠬᠤᠷᠠᠯ ᠳᠡᠭᠡᠷ᠎ᠡ ᠰᠦᠢ ᠸᠧᠢ ᠵᠢᠶᠦ᠋ᠨ᠂ ᠨᠠᠮ ᠤᠨ ᠰᠠᠬᠢᠯᠭ᠎ᠠ ᠪᠠᠲᠤ ᠶᠢᠨ ᠰᠤᠷᠤᠯᠴᠠᠯᠭ᠎ᠠ ᠬᠥᠮᠦᠵᠢᠯ᠂ ᠬᠡᠯᠪᠡᠷᠢᠴᠢ ᠦᠵᠡᠯ ᠢ ᠴᠡᠭᠴᠡᠯᠡᠨ ᠵᠠᠰᠠᠵᠤ ᠦᠨᠳᠦᠰᠦᠨ ᠱᠠᠲᠤᠨ ᠤ ᠳᠠᠷᠤᠭᠠᠰᠤ ᠶᠢ ᠬᠥᠩᠭᠡᠷᠡᠭᠦᠯᠬᠦ᠂ ᠤᠯᠠᠨ ᠲᠦᠮᠡᠨ ᠤ ᠳᠡᠷᠭᠡᠳᠡᠬᠢ ᠲᠥᠪ ᠪᠤᠰᠤ ᠰᠤᠷᠲᠠᠯ ᠪᠣᠯᠤᠨ ᠢᠯᠵᠠᠷᠠᠯ ᠤᠨ ᠠᠰᠠᠭᠤᠳᠠᠯ ᠢ ᠴᠡᠭᠴᠡᠯᠡᠨ ᠵᠠᠰᠠᠬᠤ ᠪᠣᠯ ᠨᠠᠮ ᠤᠨ ᠲᠥᠪ ᠬᠤᠷᠢᠶ᠎ᠠ ᠠᠴᠠ ᠭᠠᠷᠭᠠᠭᠰᠠᠨ ᠴᠢᠬᠤᠯᠠ ᠰᠢᠢᠳᠪᠦᠷᠢᠲᠦ ᠪᠤᠳᠤᠯᠭ᠎ᠠ ᠪᠠᠶᠢᠷᠢᠯᠠᠭᠤᠯᠤᠯᠲᠠ ᠪᠣᠯᠤᠨ᠎ᠠ᠂ ᠪᠢᠳᠡᠨ ᠤ ᠡᠷᠬᠡᠪᠰᠢ ᠰᠠᠶᠢᠲᠤᠷ ᠠᠳᠬᠤᠬᠤ ᠴᠢᠬᠤᠯᠠ ᠤᠯᠤᠰ ᠲᠦᠷᠦ ᠶᠢᠨ ᠡᠭᠦᠷᠭᠡ ᠪᠣᠯᠤᠨ᠎ᠠ᠃ ᠬᠦᠴᠦᠨ ᠢᠶᠠᠨ ᠲᠥᠪᠯᠡᠷᠡᠭᠦᠯᠦᠨ᠂ ᠭᠤᠷᠪᠠᠨ ᠵᠦᠢᠯ ᠤᠨ ᠠᠵᠢᠯ ᠢ ᠨᠢᠭᠡ ᠴᠣᠭᠴᠠᠵᠢᠭᠤᠯᠤᠨ ᠠᠬᠢᠭᠤᠯᠵᠤ᠂ ᠦᠩᠭᠡᠨ ᠲᠠᠯ᠎ᠠ ᠪᠠ ᠦᠨᠳᠦᠰᠦ ᠰᠤᠷᠪᠤᠯᠵᠢ ᠶᠢ ᠵᠡᠷᠭᠡ ᠪᠠᠷ ᠵᠠᠰᠠᠵᠤ ᠠᠰᠠᠭᠤᠳᠠᠯ ᠢ ᠪᠦᠬᠦ ᠲᠠᠯ᠎ᠠ ᠪᠠᠷ ᠰᠢᠢᠳᠪᠦᠷᠢᠯᠡᠨ᠂ 1+1+1> 3 ᠳᠤ ᠬᠦᠷᠦᠭᠦᠯᠬᠦ ᠬᠡᠷᠡᠭᠲᠡᠢ︔ ᠨᠢᠭᠡᠳᠦᠯᠲᠡᠢ ᠲᠥᠯᠥᠪᠵᠢᠭᠦᠯᠬᠦ ᠶᠢ ᠴᠢᠩᠭᠠᠳᠬᠠᠵᠤ᠂ ᠨᠢᠭᠡᠳᠦᠯᠲᠡᠢ ᠵᠢᠯᠣᠭᠤᠳᠴᠤ᠂ ᠳᠡᠭᠡᠳᠦ ᠳᠣᠣᠷᠠᠳᠤ ᠱᠠᠲᠤ ᠬᠤᠯᠪᠣᠭᠠᠯᠠᠨ ᠬᠥᠳᠡᠯᠦᠯᠴᠡᠵᠦ᠂ ᠨᠢᠭᠡ ᠴᠣᠭᠴᠠᠵᠢᠭᠤᠯᠤᠨ ᠪᠠᠶᠢᠷᠢᠯᠠᠭᠤᠯᠬᠤ᠂ ᠨᠢᠭᠡ ᠴᠣᠭᠴᠠᠵᠢᠭᠤᠯᠤᠨ ᠠᠬᠢᠭᠤᠯᠬᠤ᠂ ᠨᠢᠭᠡ ᠴᠣᠭᠴᠠᠵᠢᠭᠤᠯᠤᠨ ᠨᠠᠶᠢᠳᠠᠪᠤᠷᠢᠵᠢᠭᠤᠯᠬᠤ ᠶᠢ ᠦᠨᠡᠨᠬᠦ ᠪᠡᠶᠡᠯᠡᠭᠦᠯᠬᠦ ᠬᠡᠷᠡᠭᠲᠡᠢ︔ ᠠᠵᠢᠯ ᠤᠨ ᠭᠤᠣᠯᠳᠠᠯᠭ᠎ᠠ ᠶᠢ ᠳᠤᠪᠤᠶᠢᠯᠭᠠᠵᠤ᠂ ᠲᠣᠭᠲᠠᠴᠠ ᠶᠢ ᠪᠠᠶᠢᠭᠤᠯᠤᠨ ᠪᠦᠷᠢᠨᠰᠢᠭᠦᠯᠵᠦ᠂ ᠡᠯ᠎ᠡ ᠵᠦᠢᠯ ᠤᠨ ᠠᠵᠢᠯ ᠤᠨ ᠱᠠᠭᠠᠷᠳᠠᠯᠭ᠎ᠠ ᠶᠢ ᠪᠣᠳᠠᠲᠠᠢ ᠳᠤ ᠨᠠᠶᠢᠳᠠᠪᠤᠷᠢᠵᠢᠭᠤᠯᠬᠤ ᠬᠡᠷᠡᠭᠲᠡᠢ︔ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠴᠡᠭᠴᠡᠯᠡᠨ ᠰᠠᠶᠢᠵᠢᠷᠠᠭᠤᠯᠵᠤ ᠴᠡᠭᠴᠡᠯᠡᠨ ᠵᠠᠰᠠᠬᠤ ᠠᠰᠠᠭᠤᠳᠠᠯ ᠢ ᠢᠮᠠᠭᠲᠠ ᠲᠤᠭᠤᠰᠢᠯᠠᠭᠤᠯᠤᠨ᠂ ᠪᠠᠷᠢᠨ ᠬᠡᠷᠡᠭᠵᠢᠭᠦᠯᠵᠦ ᠪᠠᠷᠢᠨ ᠰᠠᠶᠢᠵᠢᠷᠠᠭᠤᠯᠬᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠬᠦ᠂ ᠴᠢᠩᠭ᠎ᠠ ᠰᠢᠮᠳᠠᠭᠤᠯᠤᠨ ᠪᠣᠳᠠᠲᠠᠢ ᠵᠢᠯᠣᠭᠤᠳᠬᠤ ᠶᠢ ᠪᠠᠷᠢᠮᠲᠠᠯᠠᠵᠤ᠂ ᠠᠰᠠᠭᠤᠳᠠᠯ ᠢ ᠦᠨᠡᠨᠬᠦ ᠲᠦᠢᠯᠪᠤᠷᠢᠲᠠᠢ ᠥᠭᠡᠷᠡᠴᠢᠯᠡᠬᠦ ᠬᠡᠷᠡᠭᠲᠡᠢ ᠭᠡᠵᠤ ᠬᠡᠯᠡᠪᠡ᠃     ᠴᠢᠶᠣ ᠶᠦᠨ ᠯᠢ ᠤᠷᠤᠯᠴᠠᠵᠠᠢ᠃               ᠰᠤᠷᠪᠤᠯᠵᠢᠯᠠᠭᠴᠢ᠄ ᠱᠣᠣ ᠮᠢᠨ ᠯᠢ               ᠤᠷᠴᠢᠭᠤᠯᠤᠭᠴᠢ᠄ ᠭᠤᠸ᠎ᠠ               ᠬᠢᠨᠠᠭᠴᠢ᠄ ᠠᠷᠢᠭᠤᠨ            
 
ᠢᠷᠡᠯᠲᠡ᠄ ᠤᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠲᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2