ᠬᠤᠸᠠᠳᠧ ᠰᠢᠶᠠᠨ ᠤ 2024 ᠣᠨ ᠳᠤ ᠪᠥᠬᠦ ᠰᠢᠶᠠᠨ ᠤ ᠰᠠᠯᠠᠭᠠᠨ ᠲᠠᠰ ᠤᠨ ᠺᠠᠳ᠋ᠷ ᠤᠨ ᠡᠭᠡᠯᠵᠢᠯᠡᠨ ᠪᠣᠯᠪᠠᠰᠤᠷᠠᠭᠤᠯᠬᠤ ᠠᠩᠭᠢ ᠬᠢᠴᠢᠶᠡᠯ ᠡᠬᠢᠯᠡᠪᠡ
ᠨᠡᠶᠢᠲᠡᠯᠡᠭᠰᠡᠨ ᠴᠠᠭ᠄
2024/5/22
       ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ ᠶᠢ ᠭᠦᠨᠵᠡᠭᠡᠢ ᠰᠤᠷᠤᠯᠴᠠᠨ ᠳᠤᠭᠤᠰᠢᠯᠠᠭᠤᠯᠵᠤ᠂ ᠨᠠᠮ ᠤᠨ ᠤᠯᠤᠰ ᠲᠦᠷᠦ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠤᠭᠤᠳᠤᠭᠤᠯᠵᠤ᠂ ᠥᠷᠭᠡᠨ ᠤᠯᠠᠨ ᠰᠠᠯᠠᠭᠠᠨ ᠲᠡᠰ ᠤᠨ ᠺᠠᠳ᠋ᠷ ᠢ ᠬᠦᠳᠦᠯᠦᠨ ᠵᠢᠯᠣᠭᠤᠳᠴᠤ ᠪᠠᠶᠢᠭᠠᠳ ᠦᠵᠡᠯ ᠰᠠᠨᠠᠭ᠎ᠠ ᠤᠯᠤᠰ ᠲᠦᠷᠦ ᠶᠢᠨ ᠬᠡᠪ ᠴᠢᠨᠠᠷ ᠪᠣᠯᠤᠨ ᠠᠵᠢᠯ ᠤᠨ ᠴᠢᠳᠠᠪᠤᠷᠢ ᠶᠢ ᠨᠢ ᠲᠠᠰᠤᠷᠠᠯᠳᠠ ᠦᠭᠡᠢ ᠳᠡᠭᠡᠭᠰᠢᠯᠡᠭᠦᠯᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠰᠢᠨ᠎ᠡ ᠬᠤᠸᠠᠳᠧ ᠶᠢᠨ ᠡᠯ᠎ᠡ ᠵᠦᠢᠯ ᠤᠨ ᠦᠢᠯᠡᠰ ᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠶᠢᠨ ᠲᠥᠯᠥᠭᠡ᠂ 5 ᠰᠠᠷ᠎ᠠ ᠶᠢᠨ 21 ᠤ ᠡᠳᠦᠷ᠂ ᠬᠤᠸᠠᠳᠧ ᠰᠢᠶᠠᠨ ᠤ ︽ᠨᠠᠮ ᠤᠨ ᠤᠯᠤᠰ ᠲᠥᠷᠥ ᠶᠢᠨ ᠪᠠᠶᠢᠭᠤᠯᠤᠯᠲᠠ ᠪᠠᠷ ᠶᠡᠷᠦᠩᠬᠡᠶᠢᠯᠡᠨ ᠵᠢᠯᠣᠭᠤᠳᠣᠭᠤᠯᠵᠤ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠬᠤᠸᠠᠳᠧ ᠰᠢᠶᠠᠨ ᠤ ᠡᠯ᠎ᠡ ᠵᠦᠢᠯ ᠤᠨ ᠠᠵᠢᠯ ᠦᠢᠯᠡᠰ ᠤᠨ ᠴᠢᠨᠠᠷ ᠰᠠᠶᠢᠲᠠᠶ ᠬᠥᠭᠵᠢᠯᠲᠡ ᠶᠢ ᠠᠬᠢᠭᠤᠯᠬᠤ︾ 2024 ᠣᠨ ᠤ ᠪᠥᠬᠦ ᠰᠢᠶᠠᠨ ᠤ ᠰᠠᠯᠠᠭᠠᠨ ᠤ ᠲᠠᠰ ᠤᠨ ᠺᠠᠳ᠋ᠷ ᠤᠨ ᠡᠭᠡᠯᠵᠢᠯᠡᠨ ᠪᠣᠯᠪᠠᠰᠤᠷᠠᠭᠤᠯᠬᠤ ᠠᠩᠭᠢ ᠬᠢᠴᠢᠶᠡᠯ ᠡᠬᠢᠯᠡᠪᠡ᠃    ᠣᠶᠢᠯᠠᠭᠠᠭᠰᠠᠨ ᠢᠶᠠᠷ᠂ ᠪᠣᠯᠪᠠᠰᠤᠷᠠᠭᠤᠯᠤᠯ ᠤᠨ ᠠᠩᠭᠢ ᠶᠢ 4 ᠬᠤᠭᠤᠴᠠᠭ᠎ᠠ ᠬᠤᠪᠢᠶᠠᠨ ᠡᠷᠭᠢᠯᠡᠵᠦ᠂ ᠬᠤᠭᠤᠴᠠᠭ᠎ᠠ ᠪᠦᠷᠢ ᠬᠤᠶᠠᠷ ᠡᠳᠦᠷ ᠶᠠᠪᠤᠭᠳᠠᠨ᠎ᠠ᠃ ᠲᠥᠪᠯᠡᠷᠡᠭᠦᠯᠦᠨ ᠬᠢᠴᠢᠶᠡᠯᠯᠡᠬᠦ ᠠᠷᠭ᠎ᠠ ᠬᠡᠯᠪᠡᠷᠢ ᠪᠠᠷ ᠳᠠᠮᠵᠢᠭᠤᠯᠤᠨ᠂ ᠰᠢ ᠶᠢᠨ ᠫᠢᠩ ᠤᠨ ᠰᠢᠨ᠎ᠡ ᠴᠠᠭ ᠦᠶ᠎ᠡ ᠶᠢᠨ ᠳᠤᠮᠳᠠᠳᠤ ᠤᠯᠤᠰ ᠤᠨ ᠣᠨᠴᠠᠯᠢᠭ ᠲᠠᠢ ᠨᠡᠶᠢᠭᠡᠮ ᠵᠢᠷᠤᠮ ᠤᠨ ᠦᠵᠡᠯ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠨᠠᠮ ᠤᠨ ᠪᠠᠶᠢᠭᠤᠯᠤᠯᠲᠠ ᠶᠢᠨ ᠲᠤᠬᠠᠶ ᠴᠢᠬᠤᠯᠠ ᠦᠵᠡᠯ ᠰᠠᠨᠠᠭ᠎ᠠ᠂ ᠶᠡᠷᠦᠩᠬᠡᠶ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠶ ᠴᠢᠬᠤᠯᠠ ᠵᠢᠭᠠᠪᠤᠷᠢ ᠴᠣᠬᠤᠯᠠᠪᠤᠷᠢ ᠶᠢᠨ ᠵᠣᠷᠢᠭ ᠰᠠᠨᠠᠭ᠎ᠠ᠂ ᠨᠠᠮ ᠤᠨ ᠬᠤᠷᠢᠳᠤᠭᠠᠷ ᠶᠡᠭᠡ ᠬᠤᠷᠠᠯ ᠤᠨ ᠵᠣᠷᠢᠭ ᠰᠠᠨᠠᠭ᠎ᠠ᠂ ᠳᠤᠮᠳᠠᠳᠤ ᠤᠯᠤᠰ ᠤᠨ ᠡᠪ ᠬᠠᠮᠲᠤ ᠨᠠᠮ ᠤᠨ ᠲᠡᠤᠬᠡ᠂ ᠳᠤᠮᠳᠠᠳᠤ ᠶᠢᠨ ᠦᠨᠳᠦᠰᠦᠲᠡᠨ ᠤ ᠬᠠᠮᠲᠤ ᠶᠢᠨ ᠴᠣᠭᠴᠠ ᠶᠢᠨ ᠤᠬᠠᠮᠰᠠᠷ ᠢ ᠪᠠᠲᠤ ᠴᠣᠭᠴᠠᠯᠠᠬᠤ᠂ ᠤᠯᠤᠰ ᠤᠨ ᠠᠮᠤᠷ ᠲᠦᠪᠰᠢᠨ ᠤ ᠦᠵᠡᠯᠲᠡ᠂ ︽ᠳᠤᠮᠳᠠᠳᠤ ᠤᠯᠤᠰ ᠤᠨ ᠡᠪ ᠬᠠᠮᠲᠤ ᠨᠠᠮ ᠤᠨ ᠰᠠᠬᠢᠯᠭ᠎ᠠ ᠪᠠᠲᠤ ᠶᠢᠨ ᠰᠢᠳᠬᠡᠯ ᠥᠭᠬᠦ ᠲᠦᠷᠢᠮ︾ ᠤᠨ ᠲᠠᠶᠢᠯᠤᠮᠵᠢ᠂ ᠨᠡᠶᠢᠭᠡᠮ ᠵᠢᠷᠤᠮ ᠤᠨ ᠬᠥᠭᠵᠢᠯᠲᠡ ᠶᠢᠨ ᠲᠡᠤᠬᠡ ᠵᠢᠴᠢ ᠬᠦᠰᠡᠯ ᠨᠠᠶᠢᠳᠠᠯᠭ᠎ᠠ ᠶᠢ ᠪᠠᠲᠤ ᠴᠡᠭᠡᠵᠢᠯᠡᠵᠦ᠂ ᠳᠤᠮᠳᠠᠳᠤ ᠤᠯᠤᠰ ᠤᠨ ᠮᠠᠶ᠋ᠢᠭ ᠤᠨ ᠣᠳᠣᠬᠢᠴᠢᠯᠠᠭᠰᠠᠨ ᠥᠪᠥᠷ ᠮᠣᠩᠭᠤᠯ ᠤᠨ ᠰᠢᠨ᠎ᠡ ᠬᠠᠭᠤᠳᠠᠰᠤ ᠶᠢ ᠴᠢᠷᠮᠠᠶᠢᠨ ᠪᠢᠴᠢᠭᠯᠡᠬᠦ ᠵᠡᠷᠭᠡ ᠬᠢᠴᠢᠶᠡᠯ ᠢ ᠭᠤᠤᠯᠳᠠᠯᠭ᠎ᠠ ᠲᠠᠢ ᠰᠤᠷᠤᠯᠴᠠᠨ ᠲᠤᠭᠤᠰᠢᠯᠠᠭᠤᠯᠪᠠ᠃    ᠲᠣᠰ ᠤᠳᠠᠭᠠᠨ ᠤ ᠪᠣᠯᠪᠠᠰᠤᠷᠠᠭᠤᠯᠤᠯ ᠤᠨ ᠠᠭᠤᠯᠭ᠎ᠠ ᠪᠠᠷ᠂ ᠰᠤᠷᠤᠭᠴᠢᠳ ᠢ ᠰᠤᠷᠤᠯᠴᠠᠬᠤ ᠠᠴᠠ ᠣᠯᠤᠯᠲᠠ ᠲᠠᠢ ᠪᠣᠯᠭᠠᠵᠤ᠂ ᠡᠭᠦᠷᠭᠡ ᠬᠠᠷᠢᠭᠤᠴᠠᠯᠭ᠎ᠠ ᠪᠠᠨ ᠭᠦᠢᠴᠡᠳᠭᠡᠬᠦ ᠦᠵᠡᠯ ᠰᠠᠨᠠᠭ᠎ᠠ ᠤᠯᠤᠰ ᠲᠥᠷᠥ ᠶᠢᠨ ᠰᠠᠭᠤᠷᠢ ᠶᠢ ᠦᠨᠡᠨ ᠬᠦ ᠪᠠᠬᠢᠵᠢᠭᠦᠯᠵᠦ᠂ ᠦᠵᠡᠯ ᠰᠠᠨᠠᠭᠠᠨ ᠤ ᠤᠬᠠᠮᠰᠠᠷ ᠪᠠ ᠦᠢᠯᠡ ᠠᠵᠢᠯᠯᠠᠭ᠎ᠠ ᠶᠢᠨ ᠤᠬᠠᠮᠰᠠᠷ ᠢᠶᠠᠨ ᠴᠢᠩᠭᠠᠳᠬᠠᠵᠤ᠂ ᠣᠶᠤᠨ ᠤᠬᠠᠭᠠᠨ ᠪᠠ ᠬᠦᠴᠦᠨ ᠴᠢᠳᠠᠯ ᠢᠶᠠᠨ ᠰᠢᠶᠠᠨ ᠤ ᠨᠠᠮ ᠤᠨ ᠬᠤᠷᠢᠶ᠎ᠠ᠂ ᠵᠠᠰᠠᠭ ᠤᠨ ᠣᠷᠳᠣᠨ ᠤ ᠡᠯ᠎ᠡ ᠵᠦᠢᠯ ᠤᠨ ᠭᠤᠤᠯ᠂ ᠭᠤᠤᠯᠳᠠᠯᠭ᠎ᠠ ᠲᠠᠢ ᠠᠵᠢᠯ ᠤᠨ ᠡᠭᠦᠷᠭᠡ ᠳᠡᠭᠡᠷ᠎ᠡ ᠨᠢᠭᠲᠠᠷᠠᠭᠤᠯᠵᠤ᠂ ᠪᠥᠬᠦ ᠰᠢᠶᠠᠨ ᠤ ᠠᠵᠤ ᠠᠬᠤᠶ ᠨᠡᠶᠢᠭᠡᠮ ᠤᠨ ᠴᠢᠨᠠᠷ ᠰᠠᠶᠢᠲᠠᠶ ᠬᠥᠭᠵᠢᠯᠲᠡ ᠶᠢᠨ ᠠᠬᠢᠴᠠ ᠳᠤ ᠬᠦᠨᠳᠦ ᠡᠭᠦᠷᠭᠡ ᠶᠢ ᠵᠣᠷᠢᠭᠲᠠᠶ ᠪᠠᠷ ᠡᠭᠦᠷᠭᠡᠯᠡᠵᠦ᠂ ᠳᠤᠷᠠᠲᠠᠶ᠎ᠠ ᠬᠤᠪᠢ ᠨᠡᠮᠡᠷᠢ ᠦᠵᠡᠭᠦᠯᠵᠦ᠂ ᠲᠣᠰ ᠲᠣᠰ ᠤᠨ ᠠᠵᠢᠯ ᠤᠨ ᠪᠠᠶᠢᠷᠢ ᠳᠡᠭᠡᠷ᠎ᠡ ᠪᠠᠨ ᠨᠠᠩ ᠶᠡᠭᠡ ᠬᠤᠪᠢ ᠨᠡᠮᠡᠷᠢ ᠦᠵᠡᠭᠦᠯᠦᠨ᠎ᠡ᠃    ᠪᠦᠬᠦ ᠰᠢᠶᠠᠨ ᠤ ᠡᠯ᠎ᠡ ᠰᠢᠶᠠᠩ ᠪᠠᠯᠭᠠᠰᠤ᠂ ᠰᠢᠶᠠᠨ ᠤ ᠰᠢᠭᠤᠳ ᠬᠠᠷᠢᠶ᠎ᠠ ᠡᠯ᠎ᠡ ᠨᠢᠭᠡᠴᠢ᠂ ᠰᠢᠶᠠᠨ ᠳᠤ ᠰᠠᠭᠤᠭ᠎ᠠ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠭᠡᠴᠢ᠂ ᠡᠯ᠎ᠡ ᠠᠷᠠᠳ ᠤᠨ ᠪᠦᠯᠬᠦᠮ ᠤᠨ ᠪᠦᠬᠦ ᠰᠠᠯᠠᠭᠠᠨ ᠲᠡᠰ ᠤᠨ ᠤᠳᠤᠷᠢᠳᠬᠤ ᠺᠠᠳ᠋ᠷ ᠪᠣᠯᠪᠠᠰᠤᠷᠠᠭᠤᠯᠤᠯ ᠳᠤ ᠣᠷᠣᠯᠴᠠᠪᠡ᠃                           ᠤᠷᠴᠢᠭᠤᠯᠤᠭᠴᠢ᠄ ᠬᠦᠰᠡᠯ                           ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2