ᠪᠥᠬᠦ ᠬᠤᠲᠠ ᠶᠢᠨ ᠬᠥᠳᠡᠯᠮᠦᠷᠢ ᠬᠦᠴᠦ ᠲᠣᠮᠢᠯᠠᠬᠤ ᠨᠢᠭᠡᠴᠢ ᠳᠤ ᠵᠤᠷᠢᠭᠤᠯᠤᠭᠰᠠᠨ ᠦᠨᠡᠨᠴᠢ ᠢᠲᠡᠭᠡᠮᠵᠢᠲᠡᠶ ᠪᠠᠷ ᠥᠪᠡᠷ ᠢ ᠪᠠᠨ ᠱᠠᠭᠠᠷᠳᠠᠬᠤ ᠰᠠᠨᠠᠭᠠᠴᠢᠯᠠᠭ᠎ᠠ ᠶᠢᠨ ᠪᠢᠴᠢᠭ
ᠨᠡᠶᠢᠲᠡᠯᠡᠭᠰᠡᠨ ᠴᠠᠭ᠄
2024/5/23
ᠡᠯ᠎ᠡ ᠬᠥᠳᠡᠯᠮᠦᠷᠢ ᠬᠦᠴᠦ ᠲᠣᠮᠢᠯᠠᠬᠤ ᠨᠢᠭᠡᠴᠢ᠄    ᠮᠠᠨ ᠤ ᠬᠤᠲᠠ ᠶᠢᠨ ᠬᠥᠳᠡᠯᠮᠦᠷᠢ ᠬᠦᠴᠦ ᠲᠣᠮᠢᠯᠠᠬᠤ ᠨᠢᠭᠡᠴᠢ ᠶᠢᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠪᠠ ᠠᠵᠢᠯ ᠲᠥᠷᠥᠯ ᠤᠨ ᠡᠷᠬᠡ ᠲᠡᠭᠰᠢ ᠥᠷᠢᠰᠥᠯᠳᠦᠭᠡᠨ ᠢ ᠠᠬᠢᠭᠤᠯᠬᠤ᠂ ᠠᠵᠢᠯ ᠲᠥᠷᠥᠯ ᠤᠨ ᠡᠵᠡᠩᠨᠡᠯᠲᠡ ᠬᠠᠮᠢᠶᠠᠷᠤᠯᠲᠠ ᠶᠢᠨ ᠬᠢᠷᠢ ᠲᠦᠪᠰᠢᠨ ᠢ ᠳᠡᠭᠡᠭᠰᠢᠯᠡᠭᠦᠯᠬᠦ᠂ ᠠᠵᠢᠯ ᠲᠥᠷᠥᠯ ᠤᠨ ᠬᠥᠭᠵᠢᠯᠲᠡ ᠶᠢᠨ ᠰᠠᠶᠢᠨ ᠰᠠᠶᠢᠬᠠᠨ ᠣᠷᠴᠢᠨ ᠲᠣᠭᠤᠷᠢᠨ ᠢ ᠪᠣᠶ ᠪᠣᠯᠭᠠᠬᠤ ᠶᠢᠨ ᠲᠥᠯᠥᠭᠡ᠂ ᠪᠥᠬᠦ ᠬᠤᠲᠠ ᠶᠢᠨ ᠬᠥᠳᠡᠯᠮᠦᠷᠢ ᠬᠦᠴᠦ ᠲᠣᠮᠢᠯᠠᠬᠤ ᠨᠢᠭᠡᠴᠢ ᠳᠤ ᠳᠤᠤᠷᠠᠬᠢ ᠮᠡᠳᠦ ᠰᠠᠨᠠᠭᠠᠴᠢᠯᠠᠭ᠎ᠠ ᠭᠠᠷᠭᠠᠪᠠ᠄    ᠨᠢᠭᠡ᠂ ᠦᠨᠡᠨᠴᠢ ᠢᠲᠡᠭᠡᠮᠵᠢ ᠶᠢᠨ ᠦᠵᠡᠯ ᠤᠬᠠᠮᠰᠠᠷ ᠢ ᠪᠤᠢ ᠪᠣᠯᠭᠠᠵᠤ᠂ ᠠᠵᠢᠯ ᠲᠦᠷᠦᠯ ᠤᠨ ᠦᠢᠯᠡᠴᠢᠯᠡᠭᠡᠨ ᠤ ᠶᠠᠰᠤ ᠴᠢᠨᠠᠷ ᠢ ᠳᠡᠭᠡᠭᠰᠢᠯᠡᠭᠦᠯᠦᠨ᠎ᠡ    ︽ᠪᠥᠬᠦᠳᠡ ᠨᠠᠶᠢᠷᠠᠮᠳᠠᠬᠤ ᠳᠤᠮᠳᠠᠳᠤ ᠠᠷᠠᠳ ᠤᠯᠤᠰ ᠤᠨ ᠬᠥᠳᠡᠯᠮᠦᠷᠢ ᠶᠢᠨ ᠭᠡᠷ᠎ᠡ ᠶᠢᠨ ᠬᠠᠤᠯᠢ︾᠂ ︽ᠬᠥᠳᠡᠯᠮᠦᠷᠢ ᠬᠦᠴᠦ ᠲᠣᠮᠢᠯᠠᠬᠤ ᠲᠦᠷ ᠬᠡᠷᠡᠭᠵᠢᠭᠦᠯᠬᠦ ᠲᠣᠭᠲᠠᠭᠠᠯ︾ ᠵᠡᠷᠭᠡ ᠬᠤᠯᠪᠣᠭᠳᠠᠯ ᠪᠥᠬᠦᠶ ᠲᠣᠭᠲᠠᠭᠠᠯ ᠢ ᠴᠢᠩᠭ᠎ᠠ ᠵᠢᠷᠤᠮᠯᠠᠨ ᠬᠥᠳᠡᠯᠮᠦᠷᠢ ᠬᠦᠴᠦ ᠲᠣᠮᠢᠯᠠᠬᠤ ᠲᠤᠬᠠᠶᠢᠯᠠᠭᠰᠠᠨ ᠠᠵᠢᠯ ᠢ ᠥᠷᠨᠢᠭᠦᠯᠵᠦ᠂ ᠦᠨᠡᠨ ᠪᠣᠳᠠᠲᠠᠶ ᠪᠠᠷ ᠪᠤᠰᠤᠳᠴᠢ᠂ ᠵᠢᠷᠤᠮᠵᠢᠯ ᠲᠠᠢ ᠪᠠᠷ ᠡᠵᠡᠩᠨᠡᠬᠦ ᠬᠡᠷᠡᠭᠲᠡᠶ᠃ ᠦᠢᠯᠡᠴᠢᠯᠡᠭᠡᠨ ᠤ ᠲᠠᠯᠠᠪᠤᠷ ᠲᠤ ᠡᠵᠡᠩᠨᠡᠯᠲᠡ ᠶᠢᠨ ᠦᠨᠡᠮᠯᠡᠯ᠂ ᠬᠥᠮᠦᠨ ᠤ ᠬᠦᠴᠦᠨ ᠤ ᠡᠬᠢ ᠪᠠᠶᠠᠯᠢᠭ ᠤᠨ ᠦᠢᠯᠡᠴᠢᠯᠡᠭᠡ᠂ ᠬᠥᠳᠡᠯᠮᠦᠷᠢ ᠬᠦᠴᠦ ᠶᠢᠨ ᠲᠣᠮᠢᠯᠠᠯᠲᠠ ᠵᠡᠷᠭᠡ ᠵᠠᠰᠠᠭ ᠵᠠᠬᠢᠷᠭᠠᠨ ᠤ ᠵᠥᠪᠰᠢᠶᠡᠷᠡᠯ ᠤᠨ ᠦᠨᠡᠮᠯᠡᠯ᠂ ᠦᠢᠯᠡᠴᠢᠯᠡᠭᠡᠨ ᠤ ᠲᠥᠷᠥᠯ ᠵᠦᠢᠯ᠂ ᠰᠦᠢᠳᠬᠡᠯ ᠬᠤᠷᠢᠶᠠᠬᠤ ᠪᠠᠷᠢᠮᠵᠢᠶ᠎ᠠ᠂ ᠬᠢᠨᠠᠯᠲᠠ ᠲᠠᠯᠪᠢᠬᠤ ᠪᠠᠶᠢᠭᠤᠯᠭ᠎ᠠ ᠪᠠ ᠬᠢᠨᠠᠯᠲᠠ ᠲᠠᠯᠪᠢᠬᠤ ᠤᠲᠠᠰᠤ ᠵᠡᠷᠭᠡ ᠵᠦᠢᠯᠡᠰ ᠢ ᠲᠣᠳᠣᠷᠬᠠᠶ ᠵᠢᠭᠠᠵᠤ ᠭᠠᠷᠭᠠᠬᠤ ᠬᠡᠷᠡᠭᠳᠡᠢ᠃ ᠥᠪᠡᠷ ᠢ ᠪᠠᠨ ᠱᠠᠭᠠᠷᠳᠠᠬᠤ ᠤᠬᠠᠮᠰᠠᠷ ᠢᠶᠠᠨ ᠳᠡᠭᠡᠭᠰᠢᠯᠡᠭᠦᠯᠵᠦ᠂ ᠭᠡᠷ᠎ᠡ ᠪᠠᠨ ᠭᠦᠢᠴᠡᠳᠭᠡᠨ ᠠᠮᠠᠯᠠᠯᠲᠠ ᠪᠠᠨ ᠭᠦᠢᠴᠡᠳᠬᠡᠵᠦ᠂ ᠦᠨᠡᠨᠴᠢ ᠪᠠᠷ ᠬᠠᠮᠲᠤᠷᠠᠯᠴᠠᠵᠤ᠂ ᠬᠠᠮᠢᠶᠠᠷᠤᠯᠲᠠ ᠪᠠᠨ ᠴᠢᠩᠭᠠᠳᠬᠠᠵᠤ᠂ ᠲᠣᠭᠲᠠᠭᠠᠯ ᠠᠴᠠ ᠵᠥᠷᠢᠴᠡᠨ ᠬᠥᠮᠦᠨ ᠬᠡᠷᠡᠭᠯᠡᠬᠦ ᠨᠢᠭᠡᠴᠢ ᠶᠢᠨ ᠬᠥᠳᠡᠯᠮᠦᠷᠢᠴᠢᠨ ᠯᠦᠭᠡ ᠶᠢᠨ ᠬᠥᠳᠡᠯᠮᠦᠷᠢ ᠶᠢᠨ ᠬᠠᠷᠢᠴᠠᠭ᠎ᠠ ᠶᠢ ᠬᠤᠪᠢᠷᠠᠭᠤᠯᠵᠤ ᠪᠣᠯᠬᠤ ᠦᠭᠡᠢ᠂ ᠬᠤᠯᠪᠣᠭᠳᠠᠯ ᠪᠦᠬᠦᠢ ᠨᠢᠭᠡᠴᠢ ᠲᠠᠢ ᠰᠥᠯᠪᠡᠭᠡᠯᠳᠦᠨ ᠬᠥᠳᠡᠯᠮᠦᠷᠢᠴᠢᠳ ᠤᠨ ᠬᠠᠤᠯᠢ ᠶᠣᠰᠣᠨ ᠤ ᠡᠷᠬᠡ ᠠᠰᠢᠭ ᠲᠤ ᠬᠠᠯᠳᠠᠵᠤ ᠪᠣᠯᠬᠤ ᠦᠭᠡᠢ᠃ ᠡᠭᠦᠨ ᠤ ᠬᠠᠮᠲᠤ᠂ ᠬᠥᠳᠡᠯᠮᠦᠷᠢ ᠬᠦᠴᠦ ᠲᠣᠮᠢᠯᠠᠬᠤ ᠨᠢᠭᠡᠴᠢ ᠨᠦᠭᠦᠳ ᠳᠣᠲᠣᠭᠠᠳᠤ ᠶᠢᠨ ᠬᠠᠮᠢᠶᠠᠷᠤᠯᠲᠠ ᠪᠠᠨ ᠴᠢᠩᠭᠠᠳᠬᠠᠵᠤ᠂ ᠦᠢᠯᠡᠴᠢᠯᠡᠭᠡᠨ ᠤ ᠰᠡᠳᠬᠢᠮᠵᠢ ᠪᠠᠨ ᠳᠡᠭᠡᠭᠰᠢᠯᠡᠭᠦᠯᠦᠨ᠂ ᠦᠢᠯᠡᠴᠢᠯᠡᠭᠡᠨ ᠤ ᠶᠠᠰᠤ ᠴᠢᠨᠠᠷ ᠢᠶᠠᠨ ᠳᠡᠭᠡᠭᠰᠢᠯᠡᠭᠦᠯᠵᠦ᠂ ᠬᠥᠳᠡᠯᠮᠦᠷᠢ ᠬᠦᠴᠦ ᠲᠣᠮᠢᠯᠠᠬᠤ ᠬᠦᠷᠢᠶ᠎ᠡ ᠴᠠᠷᠠᠭ᠎ᠠ ᠶᠢ ᠦᠷᠭᠡᠳᠭᠡᠬᠦ ᠬᠡᠷᠡᠭᠲᠡᠶ᠃    ᠬᠤᠶᠠᠷ᠂ ᠭᠤᠤᠯᠴᠢ ᠪᠠᠷ ᠥᠷᠢᠰᠥᠯᠳᠦᠬᠦ ᠶᠢ ᠪᠠᠷᠢᠮᠲᠠᠯᠠᠵᠤ᠂ ᠬᠥᠳᠡᠯᠮᠦᠷᠢᠯᠡᠭᠴᠢᠳ ᠤᠨ ᠪᠠᠶᠢᠳᠠᠯ ᠤᠶᠢᠯᠠᠭᠠᠬᠤ ᠡᠷᠬᠡ ᠶᠢ ᠪᠠᠲᠤᠯᠠᠨ᠎ᠠ    ᠠᠵᠢᠯ ᠮᠡᠷᠭᠡᠵᠢᠯ ᠤᠨ ᠶᠣᠰᠣ ᠮᠣᠷᠠᠯ ᠢ ᠬᠢᠴᠢᠶᠡᠩᠭᠦ᠋ᠢᠯᠡᠨ ᠰᠠᠬᠢᠵᠤ᠂ ᠨᠡᠶᠢᠭᠡᠮ ᠤᠨ ᠬᠠᠷᠢᠭᠤᠴᠠᠯᠭ᠎ᠠ ᠪᠠᠨ ᠤᠬᠠᠮᠰᠠᠷ ᠠᠴᠠ ᠪᠠᠨ ᠭᠦᠢᠴᠡᠳᠬᠡᠵᠦ᠂ ᠡᠵᠡᠩᠨᠡᠯᠲᠡ ᠶᠢᠨ ᠠᠵᠢᠯᠯᠠᠭ᠎ᠠ ᠳᠤᠮᠳᠠ ᠬᠠᠤᠯᠢ ᠶᠢ ᠰᠠᠬᠢᠨ ᠡᠵᠡᠩᠨᠡᠵᠦ᠂ ᠲᠥᠪ ᠭᠤᠣᠯᠴᠢ ᠪᠠᠷ ᠥᠷᠢᠰᠥᠯᠳᠦᠵᠦ᠂ ᠬᠠᠤᠯᠢ ᠪᠤᠰᠤ ᠪᠠᠷ ᠭᠡᠴᠡᠭᠦᠦ ᠠᠰᠢᠭ ᠤᠯᠬᠤ ᠦᠭᠡᠢ ᠪᠠᠶᠢᠵᠤ᠂ ᠬᠥᠮᠥᠨ ᠤ ᠬᠦᠴᠦᠨ ᠤ ᠡᠬᠢ ᠪᠠᠶᠠᠯᠢᠭ ᠤᠨ ᠵᠠᠬ᠎ᠠ ᠳᠡᠯᠭᠡᠭᠦᠷ ᠤᠨ ᠡᠮᠬᠢ ᠳᠢᠭᠯᠢᠮ ᠢ ᠤᠬᠠᠮᠰᠠᠷ ᠠᠴᠠ ᠪᠠᠨ ᠬᠠᠮᠠᠭᠠᠯᠠᠨ᠎ᠠ᠃ ᠤᠯᠤᠰ ᠤᠨ ᠬᠠᠮᠢᠶ᠎ᠠ ᠪᠦᠬᠦᠢ ᠦᠨ᠎ᠡ ᠬᠠᠩᠰᠢ ᠶᠢᠨ ᠲᠥᠷᠥ ᠶᠢᠨ ᠪᠣᠳᠣᠯᠭ᠎ᠠ ᠶᠢ ᠤᠬᠠᠮᠰᠠᠷ ᠠᠴᠠ ᠪᠠᠨ ᠵᠢᠷᠤᠮᠯᠠᠨ ᠰᠠᠬᠢᠵᠤ᠂ ᠵᠠᠬ᠎ᠠ ᠳᠡᠯᠭᠡᠭᠦᠷ ᠤᠨ ᠦᠢᠯᠡᠴᠢᠯᠡᠭᠡᠨ ᠤ ᠦᠨ᠎ᠡ ᠬᠠᠩᠰᠢ ᠶᠢ ᠲᠦᠷᠬᠢᠭᠦᠯᠦᠨ ᠥᠰᠬᠡᠬᠦ ᠦᠭᠡᠶ᠂ ᠦᠢᠯᠡᠴᠢᠯᠡᠭᠡᠨ ᠤ ᠰᠦᠢᠳᠬᠡᠯ ᠬᠤᠷᠢᠶᠠᠬᠤ ᠶᠢ ᠵᠢᠷᠤᠮᠵᠢᠭᠤᠯᠬᠤ ᠬᠡᠷᠡᠭᠲᠡᠶ᠃ ᠬᠥᠮᠦᠨ ᠤ ᠬᠦᠴᠦᠨ ᠤ ᠡᠬᠢ ᠪᠠᠶᠠᠯᠢᠭ᠂ ᠭᠠᠶᠢᠯᠢ ᠶᠢᠨ ᠶᠠᠪᠤᠳᠠᠯ᠂ ᠪᠠᠴᠢᠮ ᠪᠠᠶᠢᠳᠠᠯ ᠢ ᠠᠷᠭᠠᠴᠠᠬᠤ ᠬᠠᠮᠢᠶᠠᠷᠤᠯᠲᠠ᠂ ᠵᠠᠬ᠎ᠠ ᠳᠡᠯᠭᠡᠭᠦᠷ ᠤᠨ ᠬᠢᠨᠠᠯᠲᠠ ᠬᠠᠮᠢᠶᠠᠷᠤᠯᠲᠠ ᠵᠡᠷᠭᠡ ᠵᠠᠰᠠᠭ ᠤᠨ ᠣᠷᠳᠣᠨ ᠤ ᠰᠠᠯᠠᠭ᠎ᠠ ᠮᠥᠴᠢᠷ ᠤᠨ ᠬᠢᠨᠠᠯᠲᠠ ᠬᠠᠮᠢᠶᠠᠷᠤᠯᠲᠠ ᠶᠢ ᠤᠬᠠᠮᠰᠠᠷ ᠠᠴᠠ ᠪᠠᠨ ᠬᠦᠯᠢᠶᠡᠬᠦ ᠬᠡᠷᠡᠭᠲᠡᠶ᠃ ᠬᠥᠳᠡᠯᠮᠦᠷᠢᠴᠢᠨ ᠪᠠ ᠠᠵᠢᠯᠴᠢᠨ ᠬᠡᠷᠡᠭᠯᠡᠬᠦ ᠨᠢᠭᠡᠴᠢ ᠳᠤ ᠴᠠᠭ ᠲᠤᠬᠠᠢ ᠳᠤ ᠨᠢ ᠦᠨᠡᠨ ᠪᠣᠳᠠᠲᠠᠢ᠂ ᠣᠨᠣᠪᠴᠢᠲᠠᠢ᠂ ᠪᠦᠷᠢᠨ ᠪᠦᠲᠦᠨ ᠮᠡᠳᠡᠭᠡ ᠵᠠᠩᠭᠢ ᠬᠠᠩᠭᠠᠬᠤ ᠶᠢᠨ ᠬᠠᠮᠲᠤ ᠬᠥᠳᠡᠯᠮᠦᠷᠢᠯᠡᠭᠴᠢᠳ ᠤᠨ ᠪᠠᠶᠢᠳᠠᠯ ᠣᠶᠢᠯᠠᠭᠠᠬᠤ ᠡᠷᠬᠡ ᠪᠣᠯᠤᠨ ᠰᠣᠩᠭᠤᠬᠤ ᠡᠷᠬᠡ ᠶᠢ ᠬᠦᠨᠳᠦᠳᠬᠡᠬᠦ ᠬᠡᠷᠡᠭᠲᠡᠶ᠂ ᠬᠥᠳᠡᠯᠮᠦᠷᠢᠯᠡᠭᠴᠢᠳ ᠢ ᠨᠢᠭᠤᠨ ᠳᠠᠯᠳᠠᠯᠠᠬᠤ ᠪᠤᠶᠤ ᠪᠤᠷᠤᠭᠤ ᠪᠠᠷ ᠬᠥᠲᠥᠯᠵᠦ ᠪᠣᠯᠬᠤ ᠦᠭᠡᠶ᠃    ᠭᠤᠷᠪᠠ᠂ ᠬᠠᠤᠯᠢ ᠪᠠᠷ ᠵᠠᠰᠠᠬᠤ ᠤᠬᠠᠮᠰᠠᠷ ᠢᠶᠠᠨ ᠴᠢᠩᠭᠠᠳᠬᠠᠵᠤ᠂ ᠠᠵᠢᠯ ᠲᠥᠷᠥᠯ ᠤᠨ ᠬᠥᠭᠵᠢᠯᠲᠡ ᠶᠢ ᠠᠬᠢᠭᠤᠯᠤᠨ᠎ᠠ    ᠠᠵᠢᠯᠴᠢᠨ ᠬᠡᠷᠡᠭᠯᠡᠬᠦ ᠨᠢᠭᠡᠴᠢ ᠶᠢᠨ ᠬᠠᠤᠯᠢ ᠶᠣᠰᠣᠨ ᠤ ᠡᠷᠬᠡ ᠠᠰᠢᠭ ᠢ ᠦᠨᠡᠨ ᠬᠦ ᠬᠠᠮᠠᠭᠠᠯᠠᠵᠤ᠂ ᠬᠥᠳᠡᠯᠮᠦᠷᠢ ᠬᠦᠴᠦ ᠲᠣᠮᠢᠯᠠᠨ ᠠᠵᠢᠯᠴᠢᠨ ᠤ ᠠᠵᠢᠯ ᠣᠯᠭᠤᠯᠲᠠ ᠶᠢ ᠲᠣᠭᠲᠠᠪᠤᠷᠢᠵᠢᠭᠤᠯᠬᠤ᠂ ᠨᠡᠮᠡᠭᠳᠡᠯ ᠢ ᠪᠠᠲᠤᠯᠠᠬᠤ᠂ ᠬᠥᠭᠵᠢᠯᠲᠡ ᠶᠢ ᠠᠬᠢᠭᠤᠯᠬᠤ ᠴᠢᠬᠤᠯᠠ ᠦᠢᠯᠡᠳᠦᠯ ᠢ ᠪᠠᠳᠠᠷᠠᠭᠤᠯᠤᠨ᠎ᠠ᠃ ᠠᠵᠢᠯᠲᠠᠨ ᠠᠵᠢᠯᠴᠢᠳ ᠤᠨ ᠪᠣᠯᠪᠠᠰᠤᠷᠠᠭᠤᠯᠤᠯ ᠢ ᠴᠢᠩᠭᠠᠳᠬᠠᠨ᠂ ᠠᠵᠢᠯᠳᠠᠳ ᠤᠨ ᠲᠤᠬᠠᠶᠢᠯᠠᠭᠰᠠᠨ ᠠᠵᠢᠯ ᠤᠨ ᠴᠢᠳᠠᠪᠤᠷᠢ ᠪᠣᠯᠤᠨ ᠦᠢᠯᠡᠴᠢᠯᠡᠭᠡᠨ ᠤ ᠬᠢᠷᠢ ᠬᠡᠮᠵᠢᠶ᠎ᠡ ᠶᠢ ᠨᠢ ᠲᠠᠰᠤᠷᠠᠯᠲᠠ ᠤᠢᠭᠡᠢ ᠳᠡᠭᠡᠭᠰᠢᠯᠡᠭᠦᠯᠵᠦ᠂ ᠡᠯ᠎ᠡ ᠵᠦᠢᠯ ᠤᠨ ᠠᠶᠤᠯᠬᠦᠢ ᠶᠢᠨ ᠮᠡᠳᠡᠯᠭᠡ ᠪᠣᠯᠤᠨ ᠠᠶᠤᠯᠬᠦᠢ ᠶᠢᠨ ᠮᠡᠷᠭᠡᠵᠢᠯ ᠴᠢᠳᠠᠪᠤᠷᠢ ᠶᠢ ᠰᠠᠶᠢᠳᠤᠷ ᠡᠵᠡᠮᠰᠢᠬᠦ ᠬᠡᠷᠡᠭᠲᠡᠶ᠃ ᠨᠠᠷᠠᠲᠤ ᠲᠥᠷᠥᠯ ᠲᠡᠮᠳᠡᠭᠲᠦ ᠶᠢᠨ ᠤᠬᠠᠮᠰᠠᠷ ᠢᠶᠠᠨ ᠴᠢᠩᠭᠠᠳᠬᠠᠵᠤ᠂ ᠪᠥᠬᠦ ᠬᠤᠲᠠ ᠶᠢᠨ ᠬᠥᠳᠡᠯᠮᠦᠷᠢ ᠬᠦᠴᠦ ᠲᠣᠮᠢᠯᠠᠬᠤ ᠨᠢᠭᠡᠴᠢ ᠶᠢᠨ ᠢᠲᠡᠭᠡᠮᠵᠢ ᠶᠢᠨ ᠵᠡᠷᠭᠡ ᠲᠠᠰ ᠤᠨ ᠦᠨᠡᠯᠡᠯᠲᠡ ᠳᠤ ᠢᠳᠡᠪᠬᠢᠲᠡᠶ ᠣᠷᠣᠯᠴᠠᠨ᠎ᠠ᠃    ᠲᠦᠷᠪᠡ᠂ ᠰᠠᠨᠠᠭᠠᠴᠢᠯᠠᠭ᠎ᠠ ᠠᠴᠠ ᠪᠠᠨ ᠬᠠᠷᠢᠭᠤᠴᠠᠯᠭ᠎ᠠ ᠡᠭᠦᠷᠭᠡᠯᠡᠨ ᠵᠢᠳᠬᠦᠯ ᠴᠢᠷᠮᠠᠶᠢᠯᠭ᠎ᠠ ᠭᠠᠷᠭᠠᠵᠤ᠂ ᠨᠡᠶᠢᠭᠡᠮ ᠤᠨ ᠡᠶ᠎ᠡ ᠵᠣᠬᠢᠴᠠᠯ ᠢ ᠠᠬᠢᠭᠤᠯᠤᠨ᠎ᠠ    ᠡᠵᠡᠩᠨᠡᠯᠲᠡ ᠶᠢ ᠵᠢᠷᠤᠮᠵᠢᠭᠤᠯᠬᠤ᠂ ᠦᠨᠡᠨᠴᠢ ᠢᠲᠡᠭᠡᠮᠵᠢᠲᠡᠢ ᠪᠥᠭᠡᠳ ᠬᠠᠤᠯᠢ ᠶᠢ ᠰᠠᠬᠢᠬᠤ᠂ ᠭᠤᠣᠯᠴᠢ ᠪᠠᠷ ᠥᠷᠢᠰᠥᠯᠳᠦᠬᠦ ᠡᠵᠡᠩᠨᠡᠯᠲᠡ ᠶᠢᠨ ᠣᠶᠢᠯᠠᠭᠠᠭᠳᠠᠬᠤᠨ ᠢ ᠵᠢᠷᠤᠮᠯᠠᠵᠤ᠂ ᠬᠥᠳᠡᠯᠮᠦᠷᠢ ᠬᠦᠴᠦ ᠲᠣᠮᠢᠯᠠᠬᠤ ᠵᠠᠬ᠎ᠠ ᠳᠡᠯᠭᠡᠭᠦᠷ ᠤᠨ ᠡᠮᠬᠢ ᠵᠢᠷᠤᠮ ᠢ ᠰᠠᠨᠠᠭᠠᠴᠢᠯᠠᠭ᠎ᠠ ᠠᠴᠠ ᠪᠠᠨ ᠬᠠᠮᠠᠭᠠᠯᠠᠬᠤ ᠬᠡᠷᠡᠭᠲᠡᠶ᠃ ᠬᠥᠳᠡᠯᠮᠦᠷᠢᠯᠡᠭᠴᠢᠳ ᠤᠨ ᠡᠷᠬᠡ ᠠᠰᠢᠭ ᠪᠣᠯᠤᠨ ᠬᠡᠷᠡᠭᠴᠡᠭᠡ ᠶᠢ ᠢᠳᠡᠪᠬᠢᠲᠡᠶ ᠠᠩᠬᠠᠷᠴᠤ᠂ ᠬᠥᠳᠡᠯᠮᠦᠷᠢ ᠬᠦᠴᠦᠨ ᠲᠣᠮᠢᠯᠠᠬᠤ ᠠᠵᠢᠯᠯᠠᠭ᠎ᠠ ᠶᠢ ᠠᠰᠢᠭᠯᠠᠵᠤ ᠪᠠᠶᠢᠭᠠᠳ ᠵᠦᠢ ᠶᠣᠰᠣᠨ ᠤ ᠪᠤᠰᠤ ᠠᠰᠢᠭ ᠲᠤᠰᠠ ᠣᠯᠬᠤ ᠦᠭᠡᠶ᠂ ᠵᠠᠬ᠎ᠠ ᠳᠡᠯᠭᠡᠭᠦᠷ ᠢ ᠰᠠᠮᠠᠭᠤᠷᠠᠭᠤᠯᠬᠤ ᠬᠠᠤᠯᠢ ᠲᠣᠭᠲᠠᠭᠠᠯ ᠠᠴᠠ ᠵᠥᠷᠢᠴᠡᠭᠰᠡᠨ ᠠᠵᠢᠯᠯᠠᠭ᠎ᠠ ᠬᠢᠬᠦ ᠦᠭᠡᠶ᠃ ᠰᠠᠶᠢᠨ ᠰᠠᠶᠢᠬᠠᠨ ᠲᠦᠷᠢ ᠲᠥᠷᠬᠦ ᠶᠢ ᠪᠤᠢ ᠪᠣᠯᠭᠠᠵᠤ᠂ ᠨᠥᠯᠥᠭᠡᠯᠡᠬᠦ ᠬᠦᠴᠦᠨ ᠢ ᠥᠷᠭᠡᠳᠬᠡᠵᠦ᠂ ᠬᠥᠳᠡᠯᠮᠦᠷᠢ ᠬᠦᠴᠦ ᠲᠣᠮᠢᠯᠠᠬᠤ ᠳᠠᠪᠠᠭᠤᠯᠢᠭ  ᠢ ᠭᠦᠢᠴᠡᠳ ᠪᠠᠳᠠᠷᠠᠭᠤᠯᠵᠤ᠂ ᠠᠵᠢᠯᠴᠢᠨ ᠬᠡᠷᠡᠭᠯᠡᠬᠦ ᠨᠢᠭᠡᠴᠢ ᠲᠠᠢ ᠤᠷᠳᠤ ᠬᠤᠭᠤᠴᠠᠭᠠᠨ ᠤ᠂ ᠲᠣᠭᠲᠠᠭᠤᠨ᠂ ᠢᠲᠡᠭᠡᠯ ᠲᠠᠢ ᠬᠠᠨᠢᠲᠠᠨ ᠤ ᠬᠠᠷᠢᠴᠠᠭ᠎ᠠ ᠪᠠᠶᠢᠭᠤᠯᠵᠤ᠂ ᠤᠯᠠᠨ ᠠᠷᠭ᠎ᠠ ᠵᠠᠮ ᠢᠶᠠᠷ ᠬᠥᠮᠦᠨ ᠤ ᠬᠦᠴᠦᠨ ᠤ ᠡᠬᠢ ᠪᠠᠶᠠᠯᠢᠭ ᠬᠦᠷᠭᠡᠬᠦ ᠶᠢ ᠵᠣᠬᠢᠶᠠᠨ ᠪᠠᠶᠢᠭᠤᠯᠵᠤ᠂ ᠠᠵᠤ ᠠᠬᠤᠶᠢᠯᠠᠯ ᠪᠣᠯᠤᠨ ᠬᠥᠳᠡᠯᠮᠦᠷᠢᠴᠢᠳ ᠢ ᠬᠠᠪᠰᠤᠷᠤᠨ ᠤᠨᠢᠨ ᠳᠡᠭᠡᠷ᠎ᠡ ᠨᠢ ᠬᠠᠩᠭᠠᠯᠭ᠎ᠠ ᠬᠡᠷᠡᠭᠴᠡᠭᠡ ᠶᠢ ᠵᠣᠯᠭᠠᠭᠤᠯᠬᠤ ᠶᠢ ᠪᠡᠶᠡᠯᠡᠭᠦᠯᠵᠦ᠂ ᠠᠵᠤ ᠠᠬᠤᠶᠢᠯᠠᠯ ᠤᠨ ᠦᠢᠯᠡᠳᠪᠦᠷᠢᠯᠡᠯ ᠢ ᠪᠠᠲᠤᠯᠠᠬᠤ ᠬᠡᠷᠡᠭᠲᠡᠢ᠃ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠬᠥᠳᠡᠯᠮᠦᠷᠢ ᠶᠢᠨ ᠬᠠᠷᠢᠴᠠᠭ᠎ᠠ ᠶᠢ ᠴᠢᠷᠮᠠᠶᠢᠨ ᠪᠠᠶᠢᠭᠤᠯᠵᠤ᠂ ᠨᠡᠶᠢᠭᠡᠮ ᠤᠨ ᠡᠶ᠎ᠡ ᠵᠣᠬᠢᠴᠠᠯ ᠲᠠᠢ ᠪᠥᠭᠡᠳ ᠲᠣᠭᠲᠠᠭᠤᠨ ᠪᠠᠶᠢᠬᠤ ᠳᠤ ᠬᠤᠪᠢ ᠨᠡᠮᠡᠷᠢ ᠦᠵᠡᠭᠦᠯᠦᠨ᠎ᠡ᠃                    ᠤᠯᠠᠭᠠᠨᠴᠠᠪ ᠬᠤᠳᠠ ᠶᠢᠨ ᠬᠦᠮᠦᠨ ᠤ ᠬᠦᠴᠦᠨ ᠤ ᠡᠬᠢ ᠪᠠᠶᠠᠯᠢᠭ ᠪᠠ ᠨᠡᠶᠢᠭᠡᠮ ᠤᠨ ᠪᠠᠳᠤᠯᠠᠭ᠎ᠠ ᠶᠢᠨ ᠳᠤᠪᠴᠢᠶ᠎ᠠ                                      2024 ᠤᠨ ᠤ 5 ᠰᠠᠷ᠎ᠠ ᠶᠢᠨ 21 ᠤ ᠡᠳᠦᠷ
 
ᠢᠷᠡᠯᠲᠡ᠄ ᠣᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2