ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠬᠠᠮᠲᠤ ᠶᠢᠨ ᠰᠤᠷᠤᠯᠴᠠᠯᠭ᠎ᠠ ᠬᠢᠪᠡ
ᠨᠡᠶᠢᠲᠡᠯᠡᠭᠰᠡᠨ ᠴᠠᠭ᠄
2024/5/23
   5 ᠰᠠᠷ᠎ᠠ ᠶᠢᠨ 20 ᠤ ᠡᠳᠦᠷ᠂ ᠬᠤᠳᠠ ᠶᠢᠨ ᠨᠠᠮ ᠤᠨ ᠬᠤᠷᠢᠶ᠎ᠠ ᠶᠢᠨ ᠤᠨᠤᠯ ᠰᠤᠷᠤᠯᠴᠠᠬᠤ ᠭᠤᠣᠯ ᠳᠤᠭᠤᠶᠢᠯᠠᠩ ᠰᠢ ᠶᠢᠨ ᠫᠢᠩ ᠤᠨ ᠠᠮᠢ ᠠᠬᠤᠢ ᠶᠢᠨ ᠪᠣᠯᠪᠠᠰᠤᠨ ᠤ ᠦᠵᠡᠯ ᠰᠠᠨᠠᠭ᠎ᠠ ᠪᠣᠯᠤᠨ ᠶᠡᠷᠦᠩᠬᠡᠢ ᠱᠦᠵᠢ ᠰᠢ ᠶᠢᠨ ᠫᠢᠩ ᠤᠨ ᠥᠪᠥᠷ ᠮᠣᠩᠭᠤᠯ ᠤᠨ ᠲᠤᠬᠠᠢ ᠴᠢᠬᠤᠯᠠ ᠵᠢᠭᠠᠪᠤᠷᠢ ᠶᠢᠨ ᠵᠣᠷᠢᠭ ᠰᠠᠨᠠᠭ᠎ᠠ ᠶᠢ ᠭᠦᠨᠵᠡᠭᠡᠢ ᠰᠤᠷᠤᠯᠴᠠᠨ ᠲᠤᠭᠤᠰᠢᠯᠠᠭᠤᠯᠬᠤ ᠶᠢᠨ ᠲᠣᠭᠤᠷᠢᠨ ᠳᠤ ᠬᠠᠮᠲᠤ ᠶᠢᠨ ᠰᠤᠷᠤᠯᠴᠠᠯᠭ᠎ᠠ ᠬᠢᠪᠡ᠃ ᠬᠤᠲᠠ ᠶᠢᠨ ᠨᠠᠮ ᠤᠨ ᠬᠤᠷᠢᠶᠠᠨ ᠤ ᠱᠦᠵᠢ ᠰᠦᠶ ᠸᠧᠶ ᠵᠢᠶᠦ᠋ᠨ ᠬᠤᠷᠠᠯ ᠡᠷᠭᠢᠯᠡᠭᠰᠡᠨ ᠪᠥᠭᠡᠳ ᠶᠠᠷᠢᠶ᠎ᠠ ᠲᠠᠯᠪᠢᠵᠠᠶ᠃    ᠬᠤᠷᠠᠯ ᠠᠴᠠ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠤ ᠰᠡᠷᠡᠮᠵᠢ ᠶᠢᠨ ᠹᠢᠯᠢᠮ ᠢ ᠵᠣᠬᠢᠶᠠᠨ ᠪᠠᠶᠢᠭᠤᠯᠤᠨ ᠦᠵᠡᠪᠡ᠃    ᠰᠦᠢ ᠸᠧᠢ ᠵᠢᠶᠦ᠋ᠨ᠂ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠶᠢᠨ ᠬᠠᠮᠠᠭᠠᠯᠠᠯᠲᠠ ᠪᠣᠯᠤᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠨᠢ ᠴᠢᠬᠤᠯᠠ ᠶᠡᠭᠡ ᠠᠴᠢ ᠬᠤᠯᠪᠣᠭᠳᠠᠯ ᠲᠠᠢ᠂ ᠬᠠᠷᠢᠭᠤᠴᠠᠯᠭ᠎ᠠ ᠬᠦᠨᠳᠦ ᠶᠡᠭᠡ ᠶᠤᠮ᠃ ᠡᠯ᠎ᠡ ᠭᠠᠵᠠᠷ ᠡᠯ᠎ᠡ ᠰᠠᠯᠠᠭ᠎ᠠ ᠮᠥᠴᠢᠷ ᠤᠨ ᠬᠢᠨ ᠤᠯᠤᠰ ᠲᠦᠷᠦ ᠶᠢᠨ ᠵᠣᠭᠰᠣᠴᠠ ᠪᠠᠨ ᠳᠡᠭᠡᠭᠰᠢᠯᠡᠭᠦᠯᠵᠦ᠂ ᠠᠮᠢ ᠠᠬᠤᠢ ᠶᠢᠨ ᠣᠷᠴᠢᠨ ᠲᠣᠭᠤᠷᠢᠨ ᠤ ︽ᠶᠡᠭᠡ ᠬᠠᠮᠠᠭᠠᠯᠠᠯᠲᠠ︾᠂ ᠬᠥᠭᠵᠢᠯᠲᠡ ᠶᠢᠨ ᠠᠷᠭ᠎ᠠ ᠬᠡᠯᠪᠡᠷᠢ ᠶᠢᠨ ︽ᠶᠡᠭᠡ ᠬᠤᠪᠢᠷᠠᠯᠲᠠ︾᠂ ᠠᠮᠢ ᠠᠬᠤᠢ ᠶᠢᠨ ᠰᠣᠶᠣᠯ ᠤᠨ ︽ᠶᠡᠭᠡ ᠬᠥᠭᠵᠢᠯᠲᠡ︾ ᠶᠢᠨ ᠤᠢᠢᠯᠠᠭᠠᠭᠳᠠᠬᠤᠨ ᠢ ᠪᠠᠲᠤ ᠪᠤᠢ ᠪᠣᠯᠭᠠᠵᠤ᠂ ᠠᠮᠢ ᠠᠬᠤᠢ ᠶᠢᠨ ᠬᠠᠮᠠᠭᠠᠯᠠᠯᠲᠠ ᠪᠣᠯᠤᠨ ᠰᠡᠷᠭᠦᠭᠡᠯᠲᠡ ᠶᠢ ᠦᠨᠡᠨᠬᠦ ᠴᠢᠩᠭᠠᠳᠬᠠᠵᠤ᠂ ᠠᠵᠤ ᠠᠬᠤᠢ ᠶᠢᠨ ᠪᠦᠲᠦᠴᠡ ᠶᠢ ᠢᠳᠡᠪᠬᠢᠲᠡᠢ ᠲᠤᠬᠢᠷᠠᠭᠤᠯᠤᠨ ᠰᠢᠯᠢᠳᠡᠭᠵᠢᠭᠦᠯᠵᠦ᠂ ᠪᠣᠬᠢᠷᠲᠤᠯ ᠦᠭᠡᠢ ᠦᠢᠯᠡᠳᠪᠦᠷᠢᠯᠡᠯ ᠠᠮᠢᠳᠤᠷᠠᠯ ᠤᠨ ᠠᠷᠭ᠎ᠠ ᠬᠡᠯᠪᠡᠷᠢ ᠶᠢ ᠲᠦᠷᠭᠡᠨ ᠪᠤᠶᠢᠵᠢᠭᠤᠯᠵᠤ᠂ ᠠᠮᠢ ᠠᠬᠤᠢ ᠶᠢᠨ ᠪᠣᠯᠪᠠᠰᠤᠨ ᠤ ᠪᠠᠶᠢᠭᠤᠯᠤᠯᠲᠠ ᠶᠢ ᠠᠬᠢᠭᠤᠯᠬᠤ ᠬᠠᠷᠢᠭᠤᠴᠠᠯᠭᠠᠲᠤ ᠰᠡᠳᠬᠢᠯᠭᠡ ᠪᠣᠯᠤᠨ ᠡᠭᠦᠷᠭᠡᠲᠦ ᠰᠡᠳᠬᠢᠯᠭᠡ ᠪᠠᠨ ᠦᠨᠡᠨᠬᠦ ᠴᠢᠩᠭᠠᠳᠬᠠᠵᠤ᠂ ᠠᠮᠢ ᠠᠬᠤᠢ ᠶᠢ ᠤᠷᠢᠳ ᠢᠶᠠᠷ ᠪᠣᠳᠣᠯᠬᠢᠯᠠᠬᠤ᠂ ᠪᠣᠬᠢᠷᠲᠤᠯ ᠦᠭᠡᠢ ᠬᠥᠭᠵᠢᠯᠲᠡ ᠪᠠᠷ ᠤᠳᠤᠷᠢᠳᠤᠮᠵᠢ ᠪᠣᠯᠭᠠᠭᠰᠠᠨ ᠴᠢᠨᠠᠷ ᠰᠠᠶᠢᠲᠠᠢ ᠬᠥᠭᠵᠢᠯᠲᠡ ᠶᠢᠨ ᠰᠢᠨ᠎ᠡ ᠵᠠᠮ ᠢᠶᠠᠷ ᠡᠷᠡᠰ ᠰᠠᠶᠢᠲᠤᠷ ᠵᠠᠮᠨᠠᠬᠤ ᠬᠡᠷᠡᠭᠲᠡᠢ ᠭᠡᠵᠦ ᠬᠡᠯᠡᠪᠡ᠃    ᠰᠦᠢ ᠸᠧᠢ ᠵᠢᠶᠦ᠋ᠨ᠂ ᠠᠰᠠᠭᠤᠳᠠᠯ ᠢᠶᠠᠷ ᠤᠳᠤᠷᠢᠳᠤᠮᠵᠢ ᠪᠣᠯᠭᠠᠬᠤ ᠶᠢ ᠪᠠᠷᠢᠮᠲᠠᠯᠠᠵᠤ᠂ ᠨᠢᠭᠡ ᠠᠴᠠ ᠵᠦᠢᠴᠢᠯᠡᠵᠦ ᠨᠦᠬᠦᠭᠡ ᠶᠢ ᠮᠡᠳᠡᠵᠦ᠂ ᠥᠪᠡᠷ ᠢ ᠪᠠᠨ ᠪᠠᠶᠢᠴᠠᠭᠠᠵᠤ ᠥᠪᠡᠷ ᠢ ᠪᠠᠨ ᠵᠠᠯᠠᠷᠠᠭᠤᠯᠬᠤ ᠶᠢ ᠪᠦᠬᠦ ᠲᠠᠯ᠎ᠠ ᠪᠠᠷ ᠭᠦᠨᠵᠡᠭᠡᠢ ᠥᠷᠨᠢᠭᠦᠯᠵᠦ᠂ ᠡᠯ᠎ᠡ ᠲᠦᠷᠦᠯ ᠤᠨ ᠱᠠᠯᠠᠪᠳᠠᠭᠤᠯᠤᠨ ᠪᠠᠶᠢᠴᠠᠭᠠᠬᠤ᠂ ᠪᠠᠶᠢᠴᠠᠭᠠᠬᠤ ᠳᠤ ᠵᠢᠭᠠᠵᠤ ᠭᠠᠷᠭᠠᠭᠰᠠᠨ ᠪᠠ ᠥᠪᠡᠷ ᠢᠶᠠᠨ ᠪᠠᠶᠢᠴᠠᠭᠠᠵᠤ ᠢᠯᠡᠷᠡᠭᠦᠯᠦᠭᠰᠡᠨ ᠠᠰᠠᠭᠤᠳᠠᠯ ᠢ ᠡᠷᠡᠰ ᠴᠡᠭᠴᠡᠯᠡᠨ ᠰᠠᠶᠢᠵᠢᠷᠠᠭᠤᠯᠵᠤ᠂ ᠠᠰᠠᠭᠤᠳᠠᠯ ᠢ ᠴᠡᠭᠴᠡᠯᠡᠨ ᠰᠠᠶᠢᠵᠢᠷᠠᠭᠤᠯᠬᠤ ᠪᠠᠷ ᠬᠠᠳᠤᠨ ᠭᠤᠣᠯ ᠤᠨ ᠰᠠᠪᠠ ᠭᠠᠵᠠᠷ ᠤᠨ ᠠᠮᠢ ᠠᠬᠤᠢ ᠣᠷᠴᠢᠨ ᠲᠣᠭᠤᠷᠢᠨ ᠢ ᠦᠷᠭᠦᠯᠵᠢᠯᠡᠨ ᠰᠠᠶᠢᠵᠢᠷᠠᠭᠤᠯᠬᠤ ᠶᠢ ᠠᠬᠢᠭᠤᠯᠬᠤ ᠬᠡᠷᠡᠭᠲᠡᠢ᠃ ᠬᠠᠷᠢᠭᠤᠴᠠᠯᠭ᠎ᠠ ᠶᠢ ᠴᠢᠩᠭ᠎ᠠ ᠪᠣᠳᠠᠲᠠᠶᠢᠵᠢᠭᠤᠯᠵᠤ᠂ ᠡᠭᠦᠷᠭᠡ ᠠᠷᠭ᠎ᠠ ᠬᠡᠮᠵᠢᠶ᠎ᠡ ᠶᠢ ᠤᠯᠠᠮ ᠴᠢᠨᠠᠭᠰᠢᠳᠠ ᠨᠠᠷᠢᠯᠢᠬᠵᠢᠭᠤᠯᠵᠤ᠂ ᠬᠡᠯᠪᠡᠷᠢᠴᠢ ᠦᠵᠡᠯ᠂ ᠨᠣᠶᠠᠨᠴᠢ ᠰᠤᠷᠲᠠᠯ ᠢ ᠴᠢᠩᠭ᠎ᠠ ᠴᠡᠭᠡᠷᠯᠡᠵᠦ᠂ ᠥᠨᠳᠥᠷ ᠪᠠᠷᠢᠮᠵᠢᠶ᠎ᠠ ᠪᠠᠷ ᠴᠢᠨᠠᠷ ᠰᠠᠶᠢᠲᠠᠢ ᠴᠡᠭᠴᠡᠯᠡᠨ ᠰᠠᠶᠢᠵᠢᠷᠠᠭᠤᠯᠵᠤ ᠨᠠᠶᠢᠳᠠᠪᠤᠷᠢᠵᠢᠭᠤᠯᠬᠤ ᠶᠢ ᠰᠠᠶᠢᠲᠤᠷ ᠠᠳᠬᠤᠬᠤ ᠬᠡᠷᠡᠭᠲᠡᠢ ᠭᠡᠵᠦ ᠬᠡᠯᠡᠪᠡ᠃    ᠬᠤᠷᠠᠯ ᠳᠡᠭᠡᠷ᠎ᠡ᠂ ᠰᠦᠢ ᠸᠧᠢ ᠵᠢᠶᠦ᠋ᠨ ᠪᠠᠰᠠ ︽ᠤᠳᠠᠭᠠᠨ ᠤ︾ ᠠᠰᠠᠭᠤᠳᠠᠯ ᠢ ᠡᠷᠡᠰ ᠴᠡᠭᠴᠡᠯᠡᠨ ᠵᠠᠰᠠᠵᠤ ᠨᠠᠶᠢᠳᠠᠪᠤᠷᠢᠵᠢᠭᠤᠯᠬᠤ᠂ ᠵᠠᠬᠢᠳᠠᠯ ᠰᠤᠷᠪᠤᠯᠵᠢᠯᠠᠭ᠎ᠠ ᠪᠠᠷ ᠲᠣᠭᠲᠠᠭᠤᠨ ᠢ ᠬᠠᠮᠠᠭᠠᠯᠠᠬᠤ᠂ ᠠᠷᠠᠯᠵᠢᠶᠠᠴᠢᠨ ᠤᠷᠢᠵᠤ ᠪᠡᠯᠡ ᠣᠷᠣᠭᠤᠯᠬᠤ᠂ ᠭᠤᠣᠯᠳᠠᠯᠭ᠎ᠠ ᠲᠠᠢ ᠲᠦᠷᠦᠯ ᠵᠦᠢᠯ ᠤᠨ ᠪᠦᠳᠦᠭᠡᠨ ᠪᠠᠶᠢᠭᠤᠯᠤᠯᠲᠠ᠂ ᠲᠠᠪᠤᠨ ᠶᠡᠭᠡ ᠡᠭᠦᠷᠭᠡ ᠶᠢ ᠨᠠᠶᠢᠳᠠᠪᠤᠷᠢᠵᠢᠭᠤᠯᠬᠤ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠪᠣᠯᠤᠨ ᠡᠳ᠋ ᠤᠨ ᠵᠠᠰᠠᠭ ᠤᠨ ᠣᠷᠣᠯᠭ᠎ᠠ ᠶᠢ ᠨᠡᠮᠡᠭᠳᠡᠭᠦᠯᠬᠦ ᠵᠡᠷᠭᠡ ᠠᠵᠢᠯ ᠢ ᠨᠢᠭᠡᠳᠦᠯᠲᠡᠢ ᠲᠥᠯᠥᠪᠵᠢᠭᠦᠯᠦᠨ ᠰᠠᠶᠢᠲᠤᠷ ᠬᠢᠬᠦ᠂ ᠬᠤᠳᠠ ᠬᠥᠳᠡᠭᠡ ᠶᠢᠨ ᠰᠠᠭᠤᠭᠠᠯᠢ ᠠᠷᠠᠳ ᠤᠨ ᠣᠷᠣᠯᠭ᠎ᠠ ᠪᠣᠯᠤᠨ ᠡᠳ᠋ ᠤᠨ ᠵᠠᠰᠠᠭ ᠤᠨ ᠣᠷᠣᠯᠭ᠎ᠠ ᠶᠢ ᠨᠡᠮᠡᠭᠳᠡᠭᠦᠯᠬᠦ ᠵᠡᠷᠭᠡ ᠠᠵᠢᠯ ᠢ ᠲᠤᠬᠢᠷᠠᠭᠤᠯᠤᠨ ᠪᠠᠶᠢᠷᠢᠯᠠᠭᠤᠯᠵᠦ᠂ ᠡᠯ᠎ᠡ ᠵᠦᠢᠯ ᠤᠨ ᠠᠵᠢᠯ ᠤᠨ ᠶᠠᠰᠤ ᠴᠢᠨᠠᠷ ᠢ ᠳᠡᠭᠡᠭᠰᠢᠯᠡᠭᠦᠯᠵᠦ ᠦᠷ᠎ᠡ ᠠᠰᠢᠭ ᠢ ᠨᠡᠮᠡᠭᠳᠡᠭᠦᠯᠬᠦ ᠶᠢ ᠪᠦᠬᠦ ᠬᠦᠴᠦᠨ ᠢᠶᠠᠷ ᠢᠶᠠᠨ ᠠᠬᠢᠭᠤᠯᠬᠤ ᠬᠡᠷᠡᠭᠲᠡᠢ ᠭᠡᠵᠦ ᠴᠢᠬᠤᠯᠠᠴᠢᠯᠠᠪᠠ᠃    ᠡᠯ᠎ᠡ ᠬᠤᠰᠢᠭᠤ ᠰᠢᠶᠠᠨ ᠬᠤᠲᠠ ᠲᠣᠭᠤᠷᠢᠭ ᠲᠤ ᠬᠤᠪᠢᠶᠠᠷᠢ ᠬᠤᠷᠠᠯ ᠤᠨ ᠲᠠᠯᠠᠪᠠᠶ ᠭᠠᠷᠭᠠᠪᠠ᠃                                                ᠣᠷᠴᠢᠭᠤᠯᠤᠭᠴᠢ᠄ ᠭᠤᠸ᠎ᠠ                                                ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2