ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ︽ᠭᠤᠷᠪᠠ ᠶᠢ ᠳᠠᠶᠢᠴᠢᠯᠠᠬᠤ︾ ᠠᠵᠢᠯᠯᠠᠭ᠎ᠠ ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠪᠡ
ᠨᠡᠶᠢᠲᠡᠯᠡᠭᠰᠡᠨ ᠴᠠᠭ᠄
2024/5/23
   ᠨᠢᠭᠡ ᠳᠤ᠂ ᠠᠷᠠᠳ ᠤᠨ ᠣᠷᠣᠨ ᠰᠠᠭᠤᠴᠠ ᠶᠢᠨ ᠠᠵᠤ ᠦᠢᠯᠡᠰ ᠤᠨ ᠳᠠᠶᠢᠴᠢᠯᠠᠯᠲᠠ᠃ 5 ᠳ᠋ᠤᠭᠠᠷ ᠰᠠᠷ᠎ᠠ ᠶᠢᠨ ᠳᠤᠮᠳᠠᠴᠢ ᠪᠣᠯᠲᠠᠯ᠎ᠠ᠂ ᠨᠡᠶᠢᠭᠡᠮ ᠤᠨ ᠬᠥᠷᠥᠩᠭᠡ ᠶᠢ ᠬᠥᠲᠥᠯᠦᠨ ᠵᠢᠯᠣᠭᠤᠳᠴᠤ ᠪᠠᠶᠢᠭᠠᠳ ᠨᠡᠶᠢᠲᠡ 3.5 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ 160 ᠭᠠᠷᠤᠶ ᠰᠤᠯᠠ ᠪᠠᠶᠢᠭ᠎ᠠ ᠬᠥᠳᠡᠭᠡ ᠲᠣᠰᠬᠤᠨ ᠤ ᠬᠡᠷ ᠪᠠᠶᠢᠰᠢᠩ ᠢ ᠠᠮᠢᠳᠤᠯᠢᠭᠵᠢᠭᠤᠯᠵᠤ᠂ ᠨᠡᠶᠢᠲᠡ 121 ᠠᠷᠠᠳ ᠤᠨ ᠣᠷᠣᠨ ᠰᠠᠭᠤᠴᠠ ᠶᠢ ᠪᠠᠶᠢᠭᠤᠯᠵᠤ᠂ ᠰᠤᠯᠠ ᠪᠠᠶᠢᠭ᠎ᠠ ᠠᠷᠠᠳ ᠤᠨ ᠣᠷᠣᠨ ᠰᠠᠭᠤᠴᠠ ᠶᠢ ᠲᠦᠷᠢᠶᠡᠰᠦᠯᠡᠭᠦᠯᠬᠦ᠂ ᠲᠣᠭᠲᠠᠮᠠᠯ ᠬᠥᠷᠥᠩᠭᠡ ᠪᠠᠷ ᠬᠤᠪᠢ ᠣᠷᠣᠭᠤᠯᠬᠤ᠂ ᠠᠵᠢᠯ ᠣᠯᠭᠤᠵᠤ ᠬᠥᠯᠥᠰᠥᠨ ᠠᠵᠢᠯ ᠬᠢᠬᠦ᠂ ᠲᠠᠷᠢᠶᠠᠯᠠᠩ ᠮᠠᠯ ᠤᠨ ᠠᠰᠢᠭ ᠰᠢᠮ᠎ᠡ ᠶᠢᠨ ᠪᠦᠲᠦᠭᠡᠭᠳᠡᠬᠦᠨ ᠢ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠷᠬᠢᠨ ᠲᠣᠭᠤᠷᠢᠨ ᠤ 2000 ᠭᠠᠷᠤᠶ ᠮᠠᠯᠴᠢᠨ ᠲᠠᠷᠢᠶᠠᠴᠢᠨ ᠢ ᠳᠠᠶᠢᠴᠢᠯᠠᠨ ᠵᠢᠯ ᠪᠦᠷᠢ ᠳᠤᠮᠳᠠᠴᠢ ᠪᠠᠷ 2 ᠲᠦᠮᠡᠨ ᠲᠥᠭᠦᠷᠢᠭ ᠤᠨ ᠣᠷᠣᠯᠭ᠎ᠠ ᠨᠡᠮᠡᠭᠳᠡᠭᠦᠯᠪᠡ᠃    ᠬᠤᠶᠠᠷ ᠲᠤ᠂ ᠭᠠᠯᠲᠤ ᠠᠭᠤᠯᠠ ᠶᠢᠨ ᠳᠡᠯᠭᠡᠭᠦᠷ ᠤᠨ ᠳᠠᠶᠢᠴᠢᠯᠠᠯᠲᠠ᠃ ᠭᠠᠯᠲᠤ ᠠᠭᠤᠯᠠ ᠶᠢᠨ ᠦᠵᠡᠮᠵᠢ ᠶᠢᠨ ᠣᠷᠣᠨ ᠤ ᠳᠣᠲᠣᠷᠠᠬᠢ 3 ᠭᠠᠴᠠᠭ᠎ᠠ ᠲᠣᠰᠬᠤᠨ ᠤ 181 ᠡᠷᠦᠬᠡ ᠶᠢᠨ 452 ᠮᠠᠯᠴᠢᠨ ᠲᠠᠷᠢᠶᠠᠴᠢᠨ ᠡᠷᠦᠬᠡ ᠶᠢ ᠬᠥᠲᠥᠯᠦᠨ ᠵᠢᠯᠣᠭᠤᠳᠴᠤ ᠪᠠᠶᠢᠭᠠᠳ ᠲᠡᠵᠢᠭᠡᠨ ᠦᠷᠡᠵᠢᠭᠦᠯᠬᠦ ᠦᠢᠯᠡᠰ ᠢ ᠨᠢ ᠲᠠᠶᠠᠭᠳᠠᠭᠤᠯᠵᠤ᠂ ᠭᠠᠯᠲᠤ ᠠᠭᠤᠯᠠ ᠶᠢᠨ ᠡᠷᠬᠢᠨ ᠲᠣᠭᠤᠷᠢᠨ ᠳᠤ ᠵᠢᠵᠢᠭᠯᠡᠨ ᠬᠤᠳᠠᠯᠳᠤᠬᠤ᠂ ᠠᠭᠠᠷ ᠤᠨ ᠬᠤᠪᠴᠠᠰᠤᠨ ᠬᠡᠭᠡᠷᠯᠡᠬᠦ ᠮᠠᠰᠢᠨ ᠲᠡᠷᠭᠡ ᠲᠦᠷᠢᠶᠡᠰᠦᠯᠡᠬᠦ᠂ ᠮᠣᠷᠢ ᠤᠨᠤᠬᠤ᠂ ᠲᠠᠷᠢᠶᠠᠴᠢᠨ ᠠᠶᠢᠯ ᠤᠨ ᠵᠤᠭᠠᠴᠠᠯ᠂ ᠮᠠᠯᠴᠢᠨ ᠠᠶᠢᠯ ᠤᠨ ᠵᠢᠭᠤᠯᠴᠢᠯᠠᠯ ᠵᠡᠷᠭᠡ ᠠᠵᠢᠯ ᠲᠥᠷᠥᠯ ᠢ ᠡᠷᠭᠢᠯᠡᠨ᠂ ᠪᠠᠷᠠᠭ᠎ᠠ ᠬᠤᠳᠠᠯᠳᠤᠭᠴᠢ᠂ ᠬᠥᠲᠥᠯᠥᠭᠴᠢ᠂ ᠲᠣᠭᠤᠭᠠᠴᠢ᠂ ᠦᠢᠯᠡᠴᠢᠯᠡᠭᠴᠢ ᠪᠣᠯᠵᠣ ᠣᠷᠣᠯᠭ᠎ᠠ ᠶᠢ ᠨᠢ ᠨᠡᠮᠡᠭᠳᠡᠭᠦᠯᠵᠦ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ᠂ ᠵᠢᠭᠤᠯᠴᠢᠯᠠᠯ ᠤᠨ ᠬᠥᠭᠵᠢᠶᠡᠨᠲᠡᠶ ᠤᠯᠠᠷᠢᠯ ᠳᠤ ᠡᠷᠦᠬᠡ ᠪᠦᠷᠢ ᠶᠢᠨ ᠡᠳᠦᠷ ᠪᠦᠷᠢ ᠶᠢᠨ ᠳᠤᠮᠳᠠᠴᠢ ᠣᠷᠣᠯᠭ᠎ᠠ ᠶᠢ 3000 ᠲᠥᠭᠦᠷᠢᠭ ᠪᠣᠯᠭᠠᠪᠠ᠃    ᠭᠤᠷᠪᠠ ᠳᠤ᠂ ᠬᠠᠮᠲᠤ ᠶᠢᠨ ᠠᠵᠤ ᠠᠬᠤᠶ ᠶᠢᠨ ᠳᠠᠶᠢᠴᠢᠯᠠᠯᠲᠠ᠃ ᠤᠯᠠᠭᠠᠨᠬᠠᠳᠠ ᠰᠤᠮᠤ᠂ ᠪᠠᠶᠠᠨᠴᠠᠭᠠᠨ ᠪᠠᠯᠭᠠᠰᠤᠨ ᠤ 12 ᠭᠠᠴᠠᠭ᠎ᠠ ᠲᠣᠰᠬᠤᠨ ᠭᠠᠵᠠᠷ ᠰᠢᠷᠣᠶ ᠲᠦᠷᠢᠶᠡᠰᠦᠯᠡᠬᠦ᠂ ᠬᠤᠪᠢ ᠣᠷᠣᠭᠤᠯᠬᠤ ᠵᠡᠷᠭᠡ ᠠᠷᠭ᠎ᠠ ᠮᠠᠶ᠋ᠢᠭ ᠢᠶᠠᠷ ᠣᠷᠣᠯᠭ᠎ᠠ ᠪᠠᠨ ᠨᠡᠮᠡᠭᠳᠡᠭᠦᠯᠵᠦ᠂ ᠵᠢᠯ ᠤᠨ ᠠᠰᠢᠭ ᠣᠷᠣᠯᠭ᠎ᠠ ᠶᠢ 240 ᠲᠦᠮᠡᠨ ᠲᠥᠭᠦᠷᠢᠭ ᠲᠤ ᠬᠦᠷᠭᠡᠪᠡ᠃                       ᠵᠣᠬᠢᠶᠠᠭᠴᠢ᠄ ᠸᠧᠶ ᠫᠧᠩ                       ᠤᠷᠴᠢᠭᠤᠯᠤᠭᠴᠢ᠄ ᠬᠦᠰᠡᠯ                       ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2