ᠴᠢ ᠹᠸᠢ ᠶᠦᠨ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠲᠢᠩᠬᠢᠮ ᠳᠤ ᠰᠤᠷᠪᠤᠯᠵᠢᠯᠠᠬᠤ ᠪᠠᠷ ᠢᠷᠡᠭᠰᠡᠨ ᠣᠯᠠᠨ ᠲᠦᠮᠡᠨ ᠢ ᠬᠦᠯᠢᠶᠡᠨ ᠠᠪᠤᠪᠠ
ᠨᠡᠶᠢᠲᠡᠯᠡᠭᠰᠡᠨ ᠴᠠᠭ᠄
2024/5/24
   5 ᠰᠠᠷ᠎ᠠ ᠶᠢᠨ 22 ᠤᠨ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠸᠢ ᠶᠦᠨ ᠬᠤᠲᠠ ᠶᠢᠨ ᠵᠠᠬᠢᠳᠠᠯ ᠰᠤᠷᠪᠤᠯᠵᠢᠯᠠᠭ᠎ᠠ ᠶᠢᠨ ᠲᠢᠩᠬᠢᠮ ᠳᠤ ᠰᠤᠷᠪᠤᠯᠵᠢᠯᠠᠬᠤ ᠪᠠᠷ ᠢᠷᠡᠭᠰᠡᠨ ᠣᠯᠠᠨ ᠲᠦᠮᠡᠨ ᠢ ᠭᠥᠯᠢᠶᠡᠨ ᠠᠪᠴᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠢᠭᠤᠷᠲᠠᠨ ᠰᠣᠨᠣᠰᠴᠤ᠂ ᠲᠤᠬᠠᠶ ᠶᠢᠨ ᠲᠠᠯᠠᠪᠤᠷ ᠲᠤ ᠵᠠᠬᠢᠳᠠᠯ ᠰᠤᠷᠪᠤᠯᠵᠢᠯᠠᠭ᠎ᠠ ᠶᠢᠨ ᠠᠰᠠᠭᠤᠳᠠᠯ ᠢ ᠰᠢᠢᠳᠪᠦᠷᠢᠯᠡᠬᠦ ᠶᠢ ᠰᠤᠳᠤᠯᠤᠨ ᠠᠬᠢᠭᠤᠯᠪᠠ᠃    ᠴᠢ ᠹᠸᠢ ᠶᠦᠨ ᠤᠷᠢᠳ ᠬᠤᠵᠢᠳ ᠬᠤᠶᠠᠷ ᠪᠦᠯᠦᠭ ᠬᠡᠷ ᠪᠠᠶᠢᠰᠢᠩ ᠤᠨ ᠳᠤᠯᠠᠭᠠᠯᠠᠭ᠎ᠠ ᠶᠢᠨ ᠠᠰᠠᠭᠤᠳᠠᠯ ᠢ ᠲᠤᠰᠬᠠᠭᠰᠠᠨ ᠰᠤᠷᠪᠤᠯᠵᠢᠯᠠᠬᠤ ᠪᠠᠷ ᠢᠷᠡᠭᠰᠡᠨ ᠣᠯᠠᠨ ᠲᠦᠮᠡᠨ ᠢ ᠭᠥᠯᠢᠶᠡᠨ ᠠᠪᠴᠤ᠂ ᠪᠠᠶᠢᠳᠠᠯ ᠢ ᠨᠠᠷᠢᠨ ᠣᠶᠢᠯᠠᠭᠠᠬᠤ ᠶᠢᠨ ᠬᠠᠮᠲᠤ ᠬᠤᠯᠪᠣᠭᠳᠠᠯ ᠪᠥᠬᠦᠶ ᠰᠠᠯᠠᠭ᠎ᠠ ᠮᠥᠴᠢᠷ ᠪᠣᠯᠤᠨ ᠬᠠᠷᠢᠶ᠎ᠠ ᠭᠠᠵᠠᠷ ᠤᠨ ᠵᠠᠰᠠᠭ ᠤᠨ ᠣᠷᠳᠣᠨ ᠲᠠᠢ ᠰᠢᠢᠳᠪᠦᠷᠢᠯᠡᠬᠦ ᠠᠷᠭ᠎ᠠ ᠬᠡᠮᠵᠢᠶ᠎ᠡ ᠶᠢ ᠰᠤᠳᠤᠯᠵᠤ᠂ ᠣᠯᠠᠨ ᠲᠦᠮᠡᠨ ᠤ ᠬᠦᠰᠡᠯ ᠱᠠᠭᠠᠷᠳᠠᠯᠭ᠎ᠠ ᠶᠢ ᠨᠢᠭᠡᠳ ᠨᠢᠭᠡ ᠪᠠᠷ ᠲᠠᠶᠢᠯᠪᠤᠷᠢᠯᠠᠨ ᠲᠣᠳᠣᠷᠬᠠᠶᠢᠯᠠᠵᠤ᠂ ᠬᠠᠷᠢᠭᠤᠯᠲᠠ ᠥᠭᠪᠡ᠃ ᠴᠢ ᠹᠸᠢ ᠶᠦᠨ᠂ ︽ᠬᠠᠯᠠᠭᠤᠨ ᠳᠤᠯᠠᠭᠠᠨ ᠢᠨᠵᠧᠨᠧᠷᠢᠩ︾ ᠢ ᠠᠬᠢᠭᠤᠯᠬᠤ ᠪᠠᠷ ᠭᠠᠷᠳᠠᠴᠠ ᠪᠣᠯᠭᠠᠵᠤ᠂ ᠳᠤᠯᠠᠭᠠᠯᠭ᠎ᠠ ᠶᠢᠨ ᠠᠰᠠᠭᠤᠳᠠᠯ ᠤᠨ ᠬᠡᠮ ᠰᠣᠭᠤᠭ ᠢ ᠪᠥᠬᠦ ᠲᠠᠯ᠎ᠠ ᠪᠠᠷ ᠵᠢᠭᠰᠠᠭᠠᠨ ᠪᠠᠶᠢᠴᠠᠭᠠᠵᠤ᠂ ︽ᠡᠪᠦᠯ ᠤᠨ ᠡᠪᠡᠳᠴᠢᠨ ᠢ ᠵᠣᠨ ᠵᠠᠰᠠᠬᠤ︾ ᠠᠵᠢᠯ ᠢ ᠰᠠᠶᠢᠲᠤᠷ ᠬᠢᠵᠦ᠂ ᠬᠠᠭᠤᠴᠢᠨ ᠳᠤᠯᠠᠭᠠᠯᠭ᠎ᠠ ᠶᠢᠨ ᠬᠤᠭᠤᠯᠠᠶ ᠶᠢᠨ ᠲᠣᠤᠷ ᠪᠠ ᠳᠤᠯᠠᠭᠠᠯᠭ᠎ᠠ ᠶᠢᠨ ᠲᠥᠬᠦᠭᠡᠷᠦᠮᠵᠢ ᠶᠢ ᠰᠡᠯᠪᠢᠨ ᠵᠠᠰᠠᠵᠤ ᠥᠭᠡᠷᠡᠴᠢᠯᠡᠬᠦ ᠶᠢ ᠲᠦᠷᠭᠡᠳᠬᠡᠨ᠂ ᠣᠯᠠᠨ ᠲᠦᠮᠡᠨ ᠤ ᠳᠤᠯᠠᠭᠠᠯᠭ᠎ᠠ ᠶᠢᠨ ᠠᠰᠠᠭᠤᠳᠠᠯ ᠢ ᠪᠥᠬᠦ ᠬᠦᠴᠦᠨ ᠢᠶᠠᠷ ᠢᠶᠠᠨ ᠰᠢᠢᠳᠪᠦᠷᠢᠯᠡᠬᠦ ᠬᠡᠷᠡᠭᠲᠡᠶ ᠭᠡᠵᠦ ᠬᠡᠯᠡᠪᠡ᠃    ᠴᠢ ᠹᠸᠢ ᠶᠦᠨ᠂ ᠵᠠᠬᠢᠳᠠᠯ ᠰᠤᠷᠪᠤᠯᠵᠢᠯᠠᠭ᠎ᠠ ᠶᠢᠨ ᠠᠵᠢᠯ ᠪᠣᠯ ︽ᠬᠦᠷᠭᠡᠵᠦ ᠢᠷᠡᠭᠰᠡᠨ ᠣᠯᠠᠨ ᠲᠦᠮᠡᠨ ᠤ ᠠᠵᠢᠯ︾ ᠮᠥᠨ᠂ ᠵᠠᠬᠢᠳᠠᠯ ᠰᠤᠷᠪᠤᠯᠵᠢᠯᠠᠭ᠎ᠠ ᠶᠢ ᠣᠷᠣᠯᠠᠨ ᠭᠦᠢᠴᠡᠳᠬᠡᠬᠦ ᠲᠦᠷᠢᠮ ᠢ ᠭᠦᠨᠵᠡᠭᠡᠶ ᠬᠡᠷᠡᠭᠵᠢᠭᠦᠯᠵᠦ᠂ ᠣᠷᠣᠯᠠᠨ ᠭᠦᠢᠴᠡᠳᠬᠡᠬᠦ ᠭᠤᠤᠯ ᠴᠣᠭᠴᠠ ᠶᠢᠨ ᠬᠠᠷᠢᠭᠤᠴᠠᠯᠭ᠎ᠠ ᠶᠢ ᠤᠯᠠᠮ ᠨᠢᠭᠡ ᠠᠯᠬᠤᠮ ᠪᠣᠳᠠᠲᠠᠶᠢᠵᠢᠭᠤᠯᠤᠨ᠂ ᠵᠠᠬᠢᠳᠠᠯ ᠰᠤᠷᠪᠤᠯᠵᠢᠯᠠᠭ᠎ᠠ ᠶᠢᠨ ᠵᠦᠢᠯᠡᠰ ᠢ ᠰᠢᠢᠳᠪᠦᠷᠢᠯᠡᠬᠦ ᠶᠠᠰᠤ ᠴᠢᠨᠠᠷ ᠦᠷ᠎ᠡ ᠪᠦᠲᠦᠮᠵᠢ ᠶᠢ ᠦᠨᠡᠨ ᠬᠦ ᠳᠡᠭᠡᠭᠰᠢᠯᠡᠭᠦᠯᠵᠦ᠂ ᠣᠯᠠᠨ ᠲᠦᠮᠡᠨ ᠤ ᠪᠠᠴᠢᠮᠳᠠᠵᠤ ᠬᠦᠴᠢᠷᠳᠡᠵᠦ ᠵᠤᠪᠠᠨᠢᠵᠤ ᠬᠦᠰᠡᠵᠦ ᠪᠠᠶᠢᠭ᠎ᠠ ᠠᠰᠠᠭᠤᠳᠠᠯ ᠢ ᠰᠡᠳᠬᠢᠯ ᠳᠡᠯᠪᠢᠨ ᠰᠠᠶᠢᠲᠤᠷ ᠰᠢᠢᠳᠪᠦᠷᠢᠯᠡᠬᠦ ᠬᠡᠷᠡᠭᠲᠡᠶ ᠭᠡᠵᠦ ᠴᠢᠬᠤᠯᠠᠴᠢᠯᠠᠪᠠ᠃                                             ᠣᠷᠴᠢᠭᠤᠯᠤᠭᠴᠢ᠄ ᠭᠤᠸ᠎ᠠ                                             ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2