​ᠴᠠᠬᠠᠷ ᠪᠠᠷᠠᠭᠤᠨ ᠭᠠᠷᠤᠨ ᠬᠤᠶᠢᠲᠤ ᠬᠤᠰᠢᠭᠤᠨ ᠤ ᠰᠣᠶᠣᠯ ᠵᠢᠭᠤᠯᠴᠢᠯᠠᠯ ᠤᠨ ᠠᠵᠤ ᠦᠢᠯᠡᠰ ᠤᠨ ︽ᠭᠤᠷᠪᠠ ᠶᠢ ᠳᠠᠶᠢᠴᠢᠯᠠᠬᠤ︾ ᠠᠵᠢᠯᠯᠠᠭ᠎ᠠ ᠮᠠᠯᠴᠢᠨ ᠲᠠᠷᠢᠶᠠᠴᠢᠳ ᠤᠨ ᠣᠷᠣᠯᠭ᠎ᠠ ᠶᠢ ᠨᠡᠮᠡᠭᠳᠡᠭᠦᠯᠪᠡ
ᠨᠡᠶᠢᠲᠡᠯᠡᠭᠰᠡᠨ ᠴᠠᠭ᠄
2024/5/24
   ᠨᠢᠭᠡ ᠳᠤ᠂ ᠠᠷᠠᠳ ᠤᠨ ᠣᠷᠣᠨ ᠰᠠᠭᠤᠴᠠ ᠶᠢᠨ ᠠᠵᠤ ᠦᠢᠯᠡᠰ ᠤᠨ ᠳᠠᠶᠢᠴᠢᠯᠠᠯᠲᠠ᠃ 5 ᠳ᠋ᠤᠭᠠᠷ ᠰᠠᠷ᠎ᠠ ᠶᠢᠨ ᠳᠤᠮᠳᠠᠴᠢ ᠪᠣᠯᠲᠠᠯ᠎ᠠ᠂ ᠨᠡᠶᠢᠭᠡᠮ ᠤᠨ ᠬᠥᠷᠥᠩᠭᠡ ᠶᠢ ᠬᠥᠲᠥᠯᠦᠨ ᠵᠢᠯᠣᠭᠤᠳᠴᠤ ᠪᠠᠶᠢᠭᠠᠳ ᠨᠡᠶᠢᠲᠡ 3.5 ᠳ᠋ᠦᠩᠰᠢᠭᠤᠷ ᠲᠥᠭᠦᠷᠢᠭ ᠤᠨ ᠪᠠᠯᠠ ᠣᠷᠣᠭᠤᠯᠵᠤ᠂ 160 ᠭᠠᠷᠤᠶ ᠰᠤᠯᠠ ᠪᠠᠶᠢᠭ᠎ᠠ ᠬᠥᠳᠡᠭᠡ ᠲᠣᠰᠬᠤᠨ ᠤ ᠬᠡᠷ ᠪᠠᠶᠢᠰᠢᠩ ᠢ ᠡᠷᠬᠢᠯᠳᠡ ᠳᠤ ᠤᠷᠤᠭᠤᠯᠵᠤ᠂ ᠨᠡᠶᠢᠲᠡ 121 ᠠᠷᠠᠳ ᠤᠨ ᠣᠷᠣᠨ ᠰᠠᠭᠤᠴᠠ ᠶᠢ ᠪᠠᠶᠢᠭᠤᠯᠵᠤ᠂ ᠰᠤᠯᠠ ᠪᠠᠶᠢᠭ᠎ᠠ ᠠᠷᠠᠳ ᠤᠨ ᠣᠷᠣᠨ ᠰᠠᠭᠤᠴᠠ ᠶᠢ ᠲᠦᠷᠢᠶᠡᠰᠦᠯᠡᠭᠦᠯᠬᠦ᠂ ᠲᠣᠭᠲᠠᠮᠠᠯ ᠬᠥᠷᠥᠩᠭᠡ ᠪᠠᠷ ᠬᠤᠪᠢ ᠣᠷᠣᠭᠤᠯᠬᠤ᠂ ᠠᠵᠢᠯ ᠤᠨ ᠪᠠᠶᠢᠷᠢ ᠨᠡᠮᠡᠭᠳᠡᠬᠦᠯᠬᠦ᠂ ᠲᠠᠷᠢᠶᠠᠯᠠᠩ ᠤᠨ ᠪᠦᠲᠦᠭᠡᠭᠳᠡᠬᠦᠨ ᠮᠠᠯ ᠤᠨ ᠠᠰᠢᠭ ᠰᠢᠮ᠎ᠡ ᠶᠢ ᠬᠤᠳᠠᠯᠳᠤᠨ ᠠᠪᠬᠤ ᠵᠡᠷᠭᠡ ᠠᠷᠭ᠎ᠠ ᠮᠠᠶ᠋ᠢᠭ ᠢᠶᠠᠷ ᠳᠠᠮᠵᠢᠭᠤᠯᠤᠨ᠂ ᠡᠷᠬᠢᠨ ᠲᠣᠭᠤᠷᠢᠨ ᠤ 2000 ᠭᠠᠷᠤᠶ ᠮᠠᠯᠴᠢᠨ ᠲᠠᠷᠢᠶᠠᠴᠢᠨ ᠢ ᠳᠠᠶᠢᠴᠢᠯᠠᠨ ᠵᠢᠯ ᠪᠦᠷᠢ ᠳᠤᠮᠳᠠᠴᠢ ᠪᠠᠷ 2 ᠲᠦᠮᠡᠨ ᠲᠥᠭᠦᠷᠢᠭ ᠤᠨ ᠣᠷᠣᠯᠭ᠎ᠠ ᠨᠡᠮᠡᠭᠳᠡᠭᠦᠯᠪᠡ᠃    ᠬᠤᠶᠠᠷ ᠲᠤ᠂ ᠭᠠᠯᠲᠤ ᠠᠭᠤᠯᠠ ᠶᠢᠨ ᠳᠡᠯᠭᠡᠭᠦᠷ ᠤᠨ ᠳᠠᠶᠢᠴᠢᠯᠠᠯᠲᠠ᠃ ᠭᠠᠯᠲᠤ ᠠᠭᠤᠯᠠ ᠶᠢᠨ ᠦᠵᠡᠮᠵᠢ ᠶᠢᠨ ᠣᠷᠣᠨ ᠤ ᠳᠣᠲᠣᠷᠠᠬᠢ 3 ᠭᠠᠴᠠᠭ᠎ᠠ ᠲᠣᠰᠬᠤᠨ ᠤ 11 ᠬᠤᠲᠠ ᠶᠢᠨ 181 ᠡᠷᠦᠬᠡ ᠶᠢᠨ 452 ᠮᠠᠯᠴᠢᠨ ᠲᠠᠷᠢᠶᠠᠴᠢᠨ ᠡᠷᠦᠬᠡ ᠶᠢ ᠬᠥᠲᠥᠯᠦᠨ ᠵᠢᠯᠣᠭᠤᠳᠴᠤ ᠪᠠᠶᠢᠭᠠᠳ ᠲᠡᠵᠢᠭᠡᠨ ᠦᠷᠡᠵᠢᠭᠦᠯᠬᠦ ᠦᠢᠯᠡᠰ ᠢ ᠨᠢ ᠲᠠᠶᠠᠭᠳᠠᠭᠤᠯᠵᠤ᠂ ᠭᠠᠯᠲᠤ ᠠᠭᠤᠯᠠ ᠶᠢᠨ ᠤᠶᠢᠷ᠎ᠠ ᠬᠠᠪᠢ ᠪᠠᠷ ᠵᠢᠵᠢᠭᠯᠡᠨ ᠪᠤᠷᠤᠯᠠᠭᠤᠯᠬᠤ᠂ ᠬᠡᠭᠡᠷᠯᠡᠬᠦ ᠮᠠᠰᠢᠨ ᠲᠡᠷᠭᠡ ᠲᠦᠷᠢᠶᠡᠰᠦᠯᠡᠬᠦ᠂ ᠮᠣᠷᠢ ᠤᠨᠤᠬᠤ᠂ ᠮᠠᠯᠴᠢᠨ ᠲᠠᠷᠢᠶᠠᠴᠢᠨ ᠠᠶᠢᠯ ᠤᠨ ᠵᠢᠭᠤᠯᠴᠢᠯᠠᠯ ᠵᠡᠷᠭᠡ ᠠᠵᠢᠯ ᠲᠥᠷᠥᠯ ᠡᠷᠭᠢᠯᠡᠬᠦ  ᠶᠢ ᠨᠢ ᠬᠦᠬᠢᠬᠦᠯᠵᠤ᠂ ᠪᠠᠷᠠᠭ᠎ᠠ ᠬᠤᠳᠠᠯᠳᠤᠭᠴᠢ᠂ ᠬᠥᠲᠥᠯᠥᠭᠴᠢ᠂ ᠲᠣᠭᠤᠭᠠᠴᠢ᠂ ᠦᠢᠯᠡᠴᠢᠯᠡᠭᠴᠢ ᠶᠢᠨ ᠣᠷᠣᠯᠭ᠎ᠠ ᠶᠢ ᠨᠢ ᠨᠡᠮᠡᠭᠳᠡᠭᠦᠯᠵᠦ᠂ ᠪᠠᠶᠠᠷ ᠳᠤᠷᠠᠰᠬᠠᠯ ᠠᠮᠠᠷᠠᠯᠲᠠ ᠶᠢᠨ ᠡᠳᠦᠷ᠂ ᠵᠢᠭᠤᠯᠴᠢᠯᠠᠯ ᠤᠨ ᠬᠥᠭᠵᠢᠶᠡᠨᠲᠡᠶ ᠤᠯᠠᠷᠢᠯ ᠳᠤ ᠡᠷᠦᠬᠡ ᠪᠦᠷᠢ ᠶᠢᠨ ᠡᠳᠦᠷ ᠪᠦᠷᠢ ᠶᠢᠨ ᠳᠤᠮᠳᠠᠴᠢ ᠣᠷᠣᠯᠭ᠎ᠠ 3000 ᠲᠥᠭᠦᠷᠢᠭ ᠲᠤ ᠬᠦᠷᠪᠡ᠃    ᠭᠤᠷᠪᠠ ᠳᠤ᠂ ᠬᠠᠮᠲᠤ ᠶᠢᠨ ᠠᠵᠤ ᠠᠬᠤᠶ ᠶᠢᠨ ᠳᠠᠶᠢᠴᠢᠯᠠᠯᠲᠠ᠃ ᠤᠯᠠᠭᠠᠨᠬᠠᠳᠠ ᠰᠤᠮᠤ᠂ ᠪᠠᠶᠠᠨᠴᠠᠭᠠᠨ ᠪᠠᠯᠭᠠᠰᠤᠨ ᠤ 12 ᠭᠠᠴᠠᠭ᠎ᠠ ᠲᠣᠰᠬᠤᠨ ᠭᠠᠵᠠᠷ ᠰᠢᠷᠣᠶ ᠲᠦᠷᠢᠶᠡᠰᠦᠯᠡᠬᠦ᠂ ᠬᠤᠪᠢ ᠣᠷᠣᠭᠤᠯᠬᠤ ᠵᠡᠷᠭᠡ ᠠᠷᠭ᠎ᠠ ᠮᠠᠶ᠋ᠢᠭ ᠢᠶᠠᠷ ᠣᠷᠣᠯᠭ᠎ᠠ ᠪᠠᠨ ᠨᠡᠮᠡᠭᠳᠡᠭᠦᠯᠵᠦ᠂ ᠵᠢᠯ ᠤᠨ ᠠᠰᠢᠭ ᠣᠷᠣᠯᠭ᠎ᠠ ᠨᠢ 240 ᠲᠦᠮᠡᠨ ᠲᠥᠭᠦᠷᠢᠭ ᠲᠤ ᠬᠦᠷᠪᠡ᠃
 
ᠢᠷᠡᠯᠲᠡ᠄ ᠣᠯᠠᠭᠠᠨᠴᠠᠪ ᠬᠤᠲᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2