ᠬᠤᠸᠠᠳᠧ ᠰᠢᠶᠠᠨ ᠪᠦᠬᠦ ᠰᠢᠶᠠᠨ ᠤ ᠤᠳᠤᠷᠢᠳᠬᠤ ᠺᠠᠳ᠋ᠷᠴᠤᠳ ᠤᠨ ᠶᠠᠷᠢᠶ᠎ᠠ ᠳᠠᠶᠢᠯᠤᠮᠵᠢ ᠶᠢᠨ ᠲᠠᠩᠬᠢᠮ ︵ᠲᠠᠪᠤᠳᠤᠭᠠᠷ ᠬᠤᠭᠤᠴᠠᠭ᠎ᠠ︶ ᠡᠷᠬᠢᠯᠡᠪᠡ
ᠨᠡᠶᠢᠲᠡᠯᠡᠭᠰᠡᠨ ᠴᠠᠭ᠄
2024/5/24
       5 ᠰᠠᠷ᠎ᠠ ᠶᠢᠨ 23 ᠤ ᠡᠳᠦᠷ᠂ ᠬᠤᠸᠠᠳᠧ ᠰᠢᠶᠠᠨ ᠪᠦᠬᠦ ᠰᠢᠶᠠᠨ ᠤ ᠤᠳᠤᠷᠢᠳᠬᠤ ᠺᠠᠳ᠋ᠷ ᠤᠨ ᠶᠠᠷᠢᠶ᠎ᠠ ᠳᠠᠶᠢᠯᠤᠮᠵᠢ ᠶᠢᠨ ᠲᠠᠩᠬᠢᠮ ︵ᠲᠠᠪᠤᠳᠤᠭᠠᠷ ᠬᠤᠭᠤᠴᠠᠭ᠎ᠠ︶ ᠡᠷᠬᠢᠯᠡᠪᠡ᠃    ᠶᠠᠷᠢᠶ᠎ᠠ ᠳᠠᠶᠢᠯᠤᠮᠵᠢ ᠶᠢᠨ ᠲᠠᠩᠬᠢᠮ ᠳᠡᠭᠡᠷ᠎ᠡ᠂ ᠰᠢᠶᠠᠨ ᠤ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠡᠷᠬᠢᠯᠡᠭᠴᠢ ᠵᠧᠦ ᠶᠦᠩ ᠣᠳᠣᠬᠠᠨ ᠤ ᠠᠵᠢᠯ ᠣᠯᠭᠤᠯᠲᠠ ᠶᠢᠨ ᠪᠠᠶᠢᠳᠠᠯ᠂ ᠠᠵᠢᠯ ᠣᠯᠭᠤᠯᠲᠠ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠤᠭᠰᠠᠨ ᠪᠠᠶᠢᠳᠠᠯ᠂ ᠳᠠᠷᠠᠭᠠᠴᠢ ᠶᠢᠨ ᠠᠯᠬᠤᠮ ᠤᠨ ᠠᠵᠢᠯ ᠣᠯᠭᠤᠯᠲᠠ ᠶᠢᠨ ᠠᠵᠢᠯ ᠤᠨ ᠲᠥᠯᠥᠪᠯᠡᠭᠡ ᠵᠡᠷᠭᠡ ᠲᠠᠯ᠎ᠠ ᠠᠴᠠ ᠣᠳᠣᠬᠠᠨ ᠤ ᠪᠦᠬᠦ ᠰᠢᠶᠠᠨ ᠤ ᠠᠵᠢᠯ ᠣᠯᠭᠤᠯᠲᠠ ᠶᠢᠨ ᠪᠠᠶᠢᠳᠠᠯ ᠢ ᠨᠠᠷᠢᠨ ᠵᠠᠳᠠᠯᠵᠤ᠂ ᠠᠵᠢᠯ ᠣᠯᠭᠤᠯᠲᠠ ᠶᠢᠨ ᠦᠢᠯᠡᠴᠢᠯᠡᠭᠡᠨ ᠤ ᠲᠥᠪ ᠤᠨ ᠠᠵᠢᠯ ᠣᠯᠭᠤᠯᠲᠠ ᠶᠢᠨ ᠲᠦᠷᠦ ᠶᠢᠨ ᠪᠤᠳᠤᠯᠭ᠎ᠠ ᠶᠢ ᠨᠠᠶᠢᠳᠠᠪᠤᠷᠢᠵᠢᠭᠤᠯᠬᠤ᠂ ᠠᠵᠢᠯ ᠣᠯᠭᠤᠯᠲᠠ ᠶᠢ ᠠᠬᠢᠭᠤᠯᠬᠤ ᠲᠠᠯ᠎ᠠ ᠪᠠᠷ ᠣᠯᠤᠭᠰᠠᠨ ᠦᠷ᠎ᠡ ᠪᠦᠲᠦᠮᠵᠢ ᠶᠢ ᠬᠤᠪᠢᠶᠠᠯᠴᠠᠭᠰᠠᠨ ᠪᠥᠭᠡᠳ ᠬᠤᠸᠠᠳᠧ ᠰᠢᠶᠠᠨ ᠤ ᠪᠣᠳᠠᠲᠤ ᠪᠠᠶᠢᠳᠠᠯ ᠪᠣᠯᠤᠨ ᠬᠥᠭᠵᠢᠯᠲᠡ ᠶᠢᠨ ᠬᠡᠷᠡᠭᠴᠡᠭᠡ ᠳᠤ ᠴᠢᠭᠯᠡᠭᠦᠯᠦᠨ᠂ ᠳᠠᠷᠠᠭᠠᠴᠢ ᠶᠢᠨ ᠠᠯᠬᠤᠮ ᠤᠨ ᠠᠵᠢᠯ ᠣᠯᠭᠤᠯᠲᠠ ᠶᠢᠨ ᠠᠵᠢᠯ ᠤᠨ ᠪᠣᠳᠠᠲᠠᠢ ᠰᠡᠳᠬᠢᠴᠡ ᠪᠣᠯᠤᠨ ᠠᠷᠭ᠎ᠠ ᠬᠡᠮᠵᠢᠶ᠎ᠡ ᠶᠢ ᠳᠤᠷᠠᠳᠴᠠᠢ᠃    ᠲᠠᠶᠢᠯᠪᠤᠷᠢᠯᠠᠬᠤ ᠪᠠ ᠬᠤᠪᠢᠶᠠᠯᠴᠠᠨ ᠡᠳ᠋ᠯᠡᠬᠦ ᠪᠠᠷ ᠳᠠᠮᠵᠢᠭᠤᠯᠤᠨ᠂ ᠬᠤᠷᠠᠯ ᠳᠤ ᠣᠷᠣᠯᠴᠠᠭᠰᠠᠳ ᠲᠤ ᠣᠳᠣᠬᠠᠨ ᠤ ᠠᠵᠢᠯ ᠣᠯᠭᠤᠯᠲᠠ ᠶᠢᠨ ᠪᠠᠶᠢᠳᠠᠯ ᠪᠠ ᠲᠥᠷᠥ ᠶᠢᠨ ᠪᠣᠳᠣᠯᠭ᠎ᠠ ᠶᠢ ᠨᠠᠩ ᠭᠦᠨᠵᠡᠭᠡᠶ ᠣᠶᠢᠯᠠᠭᠠᠭᠤᠯᠵᠤ᠂ ᠪᠠᠰᠠ ᠲᠠᠷᠠᠭᠠᠴᠢ ᠶᠢᠨ ᠠᠯᠬᠤᠮ ᠤᠨ ᠠᠵᠢᠯ ᠤᠨ ᠴᠢᠭᠯᠡᠯ ᠪᠠ ᠭᠤᠤᠯᠳᠠᠯᠭ᠎ᠠ ᠶᠢ ᠨᠠᠩ ᠲᠣᠳᠣᠷᠬᠠᠶ ᠪᠣᠯᠭᠠᠭᠰᠠᠨ ᠪᠠᠶᠢᠨ᠎ᠠ᠃    ᠰᠢᠶᠠᠨ ᠤ ᠨᠠᠮ ᠤᠨ ᠬᠤᠷᠢᠶ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ᠂ ᠵᠠᠰᠠᠭ ᠤᠨ ᠣᠷᠳᠣᠨ᠂ ᠤᠯᠤᠰ ᠲᠥᠷᠥ ᠶᠢᠨ ᠵᠥᠪᠯᠡᠯᠭᠡᠨ ᠤ ᠤᠳᠤᠷᠢᠳᠬᠤ ᠪᠠᠭ ᠤᠨ ᠪᠦᠷᠢᠯᠳᠦᠬᠦᠨ᠂ ︽ᠰᠢᠭᠦᠬᠦ ᠬᠤᠷᠢᠶ᠎ᠠ ᠪᠠᠶᠢᠴᠠᠭᠠᠬᠤ ᠬᠤᠷᠢᠶ᠎ᠠ︾ ᠶᠢᠨ ᠳᠠᠷᠤᠭ᠎ᠠ᠂ ᠠᠷᠠᠳ ᠤᠨ ᠲᠥᠯᠥᠭᠡᠯᠡᠭᠴᠢᠳ ᠤᠨ ᠶᠡᠭᠡ ᠬᠤᠷᠠᠯ ᠤᠨ ᠠᠯᠪᠠᠨ ᠬᠡᠷ᠂ ᠵᠠᠰᠠᠭ ᠤᠨ ᠣᠷᠳᠣᠨ ᠤ ᠠᠯᠪᠠᠨ ᠬᠡᠷ᠂ ᠤᠯᠤᠰ ᠲᠥᠷᠥ ᠶᠢᠨ ᠵᠥᠪᠯᠡᠯᠭᠡᠨ ᠤ ᠠᠯᠪᠠᠨ ᠬᠡᠷ ᠤᠨ ᠡᠷᠬᠢᠯᠡᠭᠴᠢ᠂ ᠰᠢᠶᠠᠨ ᠤ ᠨᠠᠮ ᠤᠨ ᠬᠤᠷᠢᠶᠠᠨ ᠤ ᠡᠯ᠎ᠡ ᠰᠠᠯᠠᠭ᠎ᠠ ᠮᠥᠴᠢᠷ᠂ ᠰᠢᠶᠠᠨ ᠤ ᠰᠢᠭᠤᠳ ᠬᠠᠷᠢᠶᠠᠨ ᠤ ᠡᠯ᠎ᠡ ᠨᠢᠬᠡᠴᠢ᠂ ᠡᠯ᠎ᠡ ᠠᠷᠠᠳ ᠤᠨ ᠪᠦᠯᠬᠦᠮ᠂ ᠰᠢᠶᠠᠨ ᠤ ᠬᠠᠷᠢᠶ᠎ᠠ ᠵᠢᠴᠢ ᠰᠢᠶᠠᠨ ᠳᠤ ᠰᠠᠭᠤᠭ᠎ᠠ ᠡᠯ᠎ᠡ ᠠᠵᠤ ᠠᠬᠤᠶᠢᠯᠠᠯ ᠠᠵᠢᠯ ᠦᠢᠯᠡᠰ ᠤᠨ ᠨᠢᠬᠡᠴᠢ ᠶᠢᠨ ᠭᠤᠤᠯ ᠬᠠᠷᠢᠭᠤᠴᠠᠯᠭᠠᠲᠠᠨ᠂ ᠡᠯ᠎ᠡ ᠰᠢᠶᠠᠩ ᠪᠠᠯᠭᠠᠰᠤᠨ ᠤ ᠨᠠᠮ ᠵᠠᠰᠠᠭ ᠤᠨ ᠭᠤᠤᠯ ᠤᠳᠤᠷᠢᠳᠤᠯᠭ᠎ᠠ ᠶᠠᠷᠢᠶ᠎ᠠ ᠳᠠᠶᠢᠯᠤᠮᠵᠢ ᠶᠢᠨ ᠲᠠᠩᠬᠢᠮ ᠳᠤ ᠣᠷᠣᠯᠴᠠᠪᠠ᠃                           ᠤᠷᠴᠢᠭᠤᠯᠤᠭᠴᠢ᠄ ᠬᠦᠰᠡᠯ                           ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2