ᠴᠢ ᠹᠸᠢ ᠶᠦᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠭᠦᠨᠵᠡᠭᠡᠶᠢᠷᠡᠨ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ ᠪᠠ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠠᠬᠢᠭᠤᠯᠬᠤ ᠵᠡᠷᠭᠡ ᠠᠵᠢᠯ ᠢ ᠪᠠᠶᠢᠴᠠᠭᠠᠨ ᠰᠤᠳᠤᠯᠪᠠ
ᠨᠡᠶᠢᠲᠡᠯᠡᠭᠰᠡᠨ ᠴᠠᠭ᠄
2024/5/27
   5 ᠰᠠᠷ᠎ᠠ ᠶᠢᠨ 23 ᠤ ᠡᠳᠦᠷ᠂ ᠬᠤᠲᠠ ᠶᠢᠨ ᠨᠠᠮ ᠤᠨ ᠬᠤᠷᠢᠶᠠᠨ ᠤ ᠳᠡᠳ᠋ ᠱᠦᠵᠢ᠂ ᠬᠤᠲᠠ ᠶᠢᠨ ᠳᠠᠷᠤᠭ᠎ᠠ ᠴᠢ ᠹᠸᠢ ᠶᠦᠨ ᠴᠠᠬᠠᠷ ᠪᠠᠷᠠᠭᠤᠨ ᠭᠠᠷᠤᠨ ᠳᠤᠮᠳᠠᠳᠤ ᠬᠤᠰᠢᠭᠤᠨ ᠳᠤ ᠭᠦᠨᠵᠡᠭᠡᠶᠢᠷᠡᠨ ᠲᠠᠷᠢᠶᠠᠯᠠᠩ ᠮᠠᠯ ᠠᠵᠤ ᠠᠬᠤᠶ ᠶᠢᠨ ᠬᠥᠭᠵᠢᠯᠲᠡ᠂ ᠬᠥᠳᠡᠭᠡ ᠲᠣᠰᠬᠤᠨ ᠢ ᠬᠥᠭᠵᠢᠭᠦᠯᠦᠨ ᠮᠠᠨᠳᠤᠭᠤᠯᠬᠤ᠂ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠠᠬᠢᠭᠤᠯᠬᠤ ᠪᠠ ᠠᠵᠤ ᠠᠬᠤᠶᠢᠯᠠᠯ ᠤᠨ ᠦᠢᠯᠡᠳᠪᠦᠷᠢᠯᠡᠯ ᠡᠵᠡᠩᠨᠡᠯᠲᠡ ᠵᠡᠷᠭᠡ ᠠᠵᠢᠯ ᠳᠤ ᠪᠠᠶᠢᠴᠠᠭᠠᠨ ᠰᠤᠳᠤᠯᠤᠯᠲᠠ ᠬᠢᠪᠠ᠃    ᠢ ᠹᠧᠩ ᠴᠠᠷᠳᠠᠭᠤᠯ ᠤᠨ ᠬᠢᠵᠠᠭᠠᠷᠲᠤ ᠺᠣᠮᠫᠠᠨᠢ᠂ ᠲᠠᠢ ᠵᠦᠩ ᠰᠢᠨ᠎ᠡ ᠡᠨᠧᠷᠭᠢ ᠶᠢᠨ ᠠᠵᠤ ᠦᠢᠯᠡᠰ ᠤᠨ ᠬᠢᠵᠠᠭᠠᠷᠲᠤ ᠺᠣᠮᠫᠠᠨᠢ᠂ ᠪᠠᠶᠠᠨ ᠰᠢᠶᠠᠩ ᠤᠨ ᠣᠷᠭᠠᠨᠢᠭ ᠪᠤᠷᠳᠤᠭᠤᠷ ᠤᠨ ᠦᠢᠯᠡᠳᠪᠦᠷᠢ ᠳᠤ᠂ ᠴᠢ ᠹᠸᠢ ᠶᠦᠨ ᠦᠢᠯᠡᠳᠪᠦᠷᠢᠯᠡᠯ ᠤᠨ ᠲᠠᠰᠤᠭ ᠲᠤ ᠭᠦᠨᠵᠡᠭᠡᠶᠢᠷᠡᠵᠦ᠂ ᠦᠢᠯᠡᠳᠪᠦᠷᠢᠯᠡᠯ ᠡᠵᠡᠩᠨᠡᠯᠲᠡ ᠵᠢᠴᠢ ᠦᠢᠯᠡᠳᠬᠦᠨ ᠤ ᠪᠣᠷᠣᠯᠠᠭᠤᠯᠭ᠎ᠠ ᠵᠡᠷᠭᠡ ᠪᠠᠶᠢᠳᠠᠯ ᠢ ᠨᠠᠷᠢᠨ ᠠᠰᠠᠭᠤᠨ ᠯᠠᠪᠯᠠᠵᠤ᠂ ᠠᠵᠤ ᠠᠬᠤᠶᠢᠯᠠᠯ ᠤᠨ ᠬᠢᠨ ᠢ ᠤᠯᠠᠨ ᠠᠷᠭ᠎ᠠ ᠬᠡᠮᠵᠢᠶ᠎ᠡ ᠶᠢ ᠵᠡᠷᠭᠡᠪᠡᠷ ᠬᠡᠷᠡᠭᠯᠡᠨ ᠥᠪᠡᠷ ᠤᠨ ᠦᠷᠳᠡᠭ ᠢ ᠪᠠᠭᠤᠷᠠᠭᠤᠯᠵᠤ᠂ ᠠᠵᠤ ᠦᠢᠯᠡᠰ ᠤᠨ ᠬᠡᠯᠬᠢᠶ᠎ᠡ ᠶᠢ ᠲᠠᠰᠤᠷᠠᠯᠳᠠ ᠦᠭᠡᠢ ᠤᠷᠲᠤᠳᠬᠠᠵᠤ᠂ ᠦᠢᠯᠡᠳᠬᠦᠨ ᠤ ᠨᠡᠮᠡᠯᠲᠡ ᠦᠷᠳᠡᠭ ᠢ ᠳᠡᠭᠡᠭᠰᠢᠯᠡᠭᠦᠯᠵᠦ᠂ ᠬᠡᠪᠴᠢᠶ᠎ᠡ ᠪᠣᠯᠤᠨ ᠦᠷ᠎ᠡ ᠠᠰᠢᠭ ᠢ ᠵᠡᠷᠭᠡᠪᠡᠷ ᠠᠬᠢᠭᠤᠯᠬᠤ ᠬᠡᠷᠡᠭᠲᠡᠢ᠃ ᠠᠶᠤᠯᠭᠦᠢ ᠦᠢᠯᠡᠳᠪᠦᠷᠢᠯᠡᠯ ᠤᠨ ᠤᠬᠠᠮᠰᠠᠷ ᠢ ᠪᠠᠲᠤ ᠪᠤᠢ ᠪᠣᠯᠭᠠᠵᠤ᠂ ᠭᠡᠮ ᠰᠣᠭᠤᠭ ᠢ ᠵᠢᠭᠰᠠᠭᠠᠨ ᠪᠠᠶᠢᠴᠠᠭᠠᠵᠤ ᠴᠡᠭᠴᠡᠯᠡᠨ ᠵᠠᠰᠠᠬᠤ ᠶᠢ ᠴᠢᠩᠭ᠎ᠠ ᠠᠳᠬᠤᠵᠤ᠂ ᠡᠯ᠎ᠡ ᠲᠦᠷᠦᠯ ᠤᠨ ᠠᠮᠤᠷ ᠲᠦᠪᠰᠢᠨ ᠤ ᠠᠳᠡᠯ ᠭᠠᠷᠬᠤ ᠶᠢ ᠡᠷᠡᠰ ᠰᠡᠷᠭᠡᠶᠢᠯᠡᠨ ᠬᠤᠷᠢᠭᠯᠠᠬᠤ ᠬᠡᠷᠡᠭᠲᠡᠢ ᠭᠡᠵᠦ ᠵᠠᠬᠢᠪᠠ᠃    ᠬᠦᠷᠢᠶ᠎ᠡ ᠰᠤᠮᠤ ᠶᠢᠨ ᠭᠡᠷ ᠳᠣᠲᠣᠷᠠᠬᠢ ᠪᠤᠭᠤᠳᠠᠢ ᠶᠢᠨ ᠨᠠᠬᠢᠶ᠎ᠠ ᠳᠠᠷᠢᠬᠤ ᠰᠠᠭᠤᠷᠢᠨ ᠭᠠᠵᠠᠷ ᠲᠤ᠂ ᠴᠢ ᠹᠸᠢ ᠶᠦᠨ ᠲᠡᠵᠢᠭᠡᠯ ᠡᠪᠡᠰᠦ ᠳᠠᠷᠢᠬᠤ ᠵᠡᠷᠭᠡ ᠪᠠᠶᠢᠳᠠᠯ ᠢ ᠨᠠᠷᠢᠨ ᠣᠶᠢᠯᠠᠭᠠᠪᠠ᠃ ᠲᠡᠷᠡ᠂ ᠴᠢᠨᠠᠷ ᠰᠠᠶᠢᠲᠠᠢ ᠲᠡᠵᠢᠭᠡᠯ ᠡᠪᠡᠰᠦ ᠲᠠᠷᠢᠬᠤ ᠶᠢ ᠢᠳᠡᠪᠬᠢᠲᠡᠢ ᠳᠡᠯᠭᠡᠷᠡᠭᠦᠯᠵᠦ᠂ ᠬᠠᠰᠢᠶᠠᠯᠠᠨ ᠲᠡᠵᠢᠭᠡᠬᠦ ᠬᠡᠪᠴᠢᠶ᠎ᠡ ᠶᠢ ᠥᠷᠭᠡᠳᠬᠡᠵᠦ᠂ ᠨᠤᠲᠤᠭ ᠪᠡᠯᠴᠢᠭᠡᠷ ᠤᠨ ᠠᠮᠢ ᠠᠬᠤᠢ ᠶᠢᠨ ᠪᠦᠳᠦᠭᠡᠨ ᠪᠠᠶᠢᠭᠤᠯᠤᠯᠲᠠ ᠪᠣᠯᠤᠨ ᠤᠳᠤ ᠦᠶ᠎ᠡ ᠶᠢᠨ ᠮᠠᠯ ᠠᠵᠤ ᠠᠬᠤᠢ ᠶᠢᠨ ᠴᠢᠨᠠᠷ ᠰᠠᠶᠢᠲᠠᠢ ᠬᠥᠭᠵᠢᠯᠲᠡ ᠶᠢ ᠠᠬᠢᠭᠤᠯᠬᠤ ᠬᠡᠷᠡᠭᠲᠡᠢ᠃ ᠬᠥᠳᠡᠭᠡ ᠠᠵᠤ ᠠᠬᠤᠢ ᠲᠠᠢ ᠬᠤᠯᠪᠣᠭᠠᠯᠠᠵᠤ ᠬᠥᠳᠡᠭᠡ ᠠᠵᠤ ᠠᠬᠤᠢ ᠶᠢ ᠳᠠᠶᠢᠴᠢᠯᠠᠬᠤ ᠠᠰᠢᠭ ᠲᠤᠰᠠ ᠶᠢ ᠬᠤᠯᠪᠣᠬᠤ ᠲᠣᠭᠲᠠᠴᠠ ᠶᠢ ᠲᠡᠭᠦᠯᠳᠡᠷᠵᠢᠭᠦᠯᠵᠦ᠂ ᠤᠨᠴᠠᠯᠢᠬᠳᠤ ᠳᠠᠪᠠᠭᠤᠯᠢᠭ ᠠᠵᠤ ᠦᠢᠯᠡᠰ ᠢ ᠬᠥᠭᠵᠢᠭᠦᠯᠦᠨ ᠪᠤᠵᠠᠭᠠᠶᠢᠷᠠᠭᠤᠯᠵᠤ᠂ ᠲᠣᠰᠬᠤᠨ ᠤ ᠬᠠᠮᠲᠤ ᠶᠢᠨ ᠠᠵᠤ ᠠᠬᠤᠢ ᠶᠢ ᠪᠤᠵᠠᠭᠠᠶᠢᠷᠠᠭᠤᠯᠤᠨ ᠬᠦᠴᠦᠷᠬᠡᠭᠵᠢᠭᠦᠯᠵᠦ᠂ ᠮᠠᠯᠴᠢᠨ ᠲᠠᠷᠢᠶᠠᠴᠢᠨ ᠤ ᠤᠯᠠᠨ ᠡᠰᠢᠴᠢᠯᠡᠭᠰᠡᠨ ᠣᠷᠣᠯᠭ᠎ᠠ ᠪᠠᠨ ᠨᠡᠮᠡᠭᠳᠡᠭᠦᠯᠦᠨ ᠪᠠᠶᠠᠵᠢᠬᠤ ᠶᠢ ᠠᠬᠢᠭᠤᠯᠬᠤ ᠬᠡᠷᠡᠭᠲᠡᠢ ᠭᠡᠵᠦ ᠬᠡᠯᠡᠪᠡ  ᠃     ᠵᠠᠰᠠᠭ ᠤᠨ ᠶᠠᠪᠤᠳᠠᠯ ᠤᠨ ᠦᠢᠯᠡᠴᠢᠯᠡᠭᠡᠨ ᠤ ᠶᠡᠭᠡ ᠲᠢᠩᠬᠢᠮ ᠳᠤ᠂ ᠴᠢ ᠹᠸᠢ ᠶᠦᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠶᠢᠨ ᠢᠨᠵᠧᠨᠧᠷᠢᠩ ᠢ ᠠᠬᠢᠭᠤᠯᠤᠭᠰᠠᠨ ᠪᠠᠶᠢᠳᠠᠯ ᠢ ᠲᠤᠬᠠᠢ ᠶᠢᠨ ᠭᠠᠵᠠᠷ ᠲᠤᠨᠢ ᠣᠶᠢᠯᠠᠭᠠᠪᠠ᠃ ᠲᠡᠷᠡ᠂ ᠵᠠᠰᠠᠭ ᠤᠨ ᠶᠠᠪᠤᠳᠠᠯ ᠤᠨ ᠦᠨᠡᠨᠴᠢ ᠢᠲᠡᠭᠡᠮᠵᠢ ᠶᠢᠨ ᠪᠠᠶᠢᠭᠤᠯᠤᠯᠲᠠ ᠪᠣᠯ ᠲᠡᠷᠢᠭᠦᠨ ᠵᠡᠷᠭᠡ ᠶᠢᠨ ᠬᠤᠳᠠᠯᠳᠤᠭ᠎ᠠ ᠡᠷᠭᠢᠯᠡᠬᠦ ᠣᠷᠴᠢᠨ ᠨᠥᠬᠦᠴᠡᠯ ᠢ ᠪᠣᠶ ᠪᠣᠯᠭᠠᠬᠤ ᠴᠢᠬᠤᠯᠠ ᠭᠠᠷᠳᠠᠴᠠ ᠪᠠ ᠪᠠᠲᠤ ᠪᠠᠬᠢ ᠲᠤᠯᠭᠠᠭᠤᠷᠢᠯᠠᠯ ᠮᠥᠨ᠂ ᠡᠬᠢ ᠪᠠᠶᠠᠯᠢᠭ ᠢ ᠤᠯᠠᠮ ᠨᠢᠭᠡ ᠠᠯᠬᠤᠮ ᠡᠮᠬᠢᠯᠡᠨ ᠨᠡᠶᠢᠯᠡᠭᠦᠯᠵᠦ᠂ ᠮᠡᠳᠡᠭᠡ ᠵᠠᠩᠭᠢ ᠶᠢ ᠬᠠᠮᠲᠤᠪᠠᠷ ᠭᠥᠷᠳᠡᠬᠦ ᠶᠢ ᠴᠢᠩᠭᠠᠳᠬᠠᠨ᠂ ᠰᠦᠯᠵᠢᠶᠡᠨ ᠳᠡᠭᠡᠷ᠎ᠡ ︽ᠨᠢᠭᠡ ᠰᠦᠯᠵᠢᠶ᠎ᠡ ᠪᠠᠷ ᠭᠦᠢᠴᠡᠳᠬᠡᠬᠦ︾᠂ ᠰᠦᠯᠵᠢᠶᠡᠨ ᠭᠠᠳᠠᠨ᠎ᠠ ︽ᠨᠢᠭᠡ ᠴᠣᠩᠬᠤᠪᠴᠢ ᠪᠠᠷ ᠭᠦᠢᠴᠡᠳᠬᠡᠬᠦ︾ ᠶᠢ ᠪᠥᠬᠦ ᠬᠦᠴᠦᠨ ᠢᠶᠠᠷ ᠢᠶᠠᠨ ᠳᠥᠯᠭᠢᠨ ᠠᠬᠢᠭᠤᠯᠬᠤ ᠬᠡᠷᠡᠭᠲᠡᠶ᠃ ︽ᠲᠦᠷᠦᠯ ᠵᠦᠢᠯ ᠤᠨ ᠬᠠᠮᠢᠶᠠᠷᠤᠭᠴᠢ︾ ᠪᠣᠯᠤᠨ ᠬᠠᠪᠰᠤᠷᠤᠨ ᠭᠦᠢᠴᠡᠳᠬᠡᠬᠦ ᠣᠷᠣᠯᠠᠨ ᠭᠦᠢᠴᠡᠳᠬᠡᠬᠦ ᠦᠢᠯᠡᠳᠦᠯ ᠢ ᠭᠦᠢᠴᠡᠳ ᠪᠠᠳᠠᠷᠠᠭᠤᠯᠵᠤ᠂ ᠠᠵᠤ ᠠᠬᠤᠶᠢᠯᠠᠯ ᠳᠤ ᠪᠦᠬᠦ ᠠᠮᠢ ᠨᠠᠰᠤᠨ ᠤ ᠦᠶᠡᠯᠡᠯ ᠤᠨ ᠬᠤᠭᠤᠴᠠᠭᠠᠨ ᠤ ᠤᠨᠢᠨ ᠳᠡᠭᠡᠷ᠎ᠡ ᠨᠢ ᠥᠨᠳᠥᠷ ᠪᠦᠲᠦᠮᠵᠢᠲᠡᠢ ᠦᠢᠯᠡᠴᠢᠯᠡᠭᠡ ᠬᠠᠩᠭᠠᠬᠤ ᠬᠡᠷᠡᠭᠲᠡᠢ ᠭᠡᠵᠦ ᠬᠡᠯᠡᠪᠡ᠃     ᠸᠠᠩ ᠵᠧᠨ ᠬᠠᠢ ᠣᠷᠣᠯᠴᠠᠵᠠᠢ᠃                                        ᠣᠷᠴᠢᠭᠤᠯᠤᠭᠴᠢ᠄ ᠭᠤᠸ᠎ᠠ                                        ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠠᠷᠠᠳ ᠤᠨ ᠵᠠᠰᠠᠭ ᠤᠨ ᠤᠷᠳᠤᠨ ᠤ ᠬᠢᠳᠠᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2