ᠵᠢᠨᠢᠩ ᠲᠣᠭᠤᠷᠢᠭ ᠬᠥᠳᠡᠭᠡ ᠲᠣᠰᠬᠤᠨ ᠤ ᠡᠷᠦᠬᠡ ᠶᠢᠨ ᠵᠣᠷᠯᠣᠩ ᠢ ᠥᠭᠡᠷᠡᠴᠢᠯᠡᠬᠦ ᠶᠢ ᠢᠳᠡᠪᠬᠢᠲᠡᠶ ᠠᠬᠢᠭᠤᠯᠪᠠ
ᠨᠡᠶᠢᠲᠡᠯᠡᠭᠰᠡᠨ ᠴᠠᠭ᠄
2024/5/27
     ᠵᠣᠷᠯᠣᠩ ᠤᠨ ᠬᠤᠪᠢᠰᠬᠠᠯ ᠪᠣᠯ ᠬᠥᠳᠡᠭᠡ ᠲᠣᠰᠬᠤᠨ ᠤ ᠡᠷᠡᠭᠦᠯ ᠬᠠᠮᠠᠭᠠᠯᠠᠯ ᠤᠨ ᠨᠥᠬᠦᠴᠡᠯ ᠢ ᠰᠠᠶᠢᠵᠢᠷᠠᠭᠤᠯᠬᠤ᠂ ᠤᠯᠠᠨ ᠲᠦᠮᠡᠨ ᠤ ᠠᠮᠢᠳᠤᠷᠠᠯ ᠤᠨ ᠶᠠᠰᠤ ᠴᠢᠨᠠᠷ ᠢ ᠳᠡᠭᠡᠭᠰᠢᠯᠡᠭᠦᠯᠬᠦ ᠴᠢᠬᠤᠯᠠ ᠠᠵᠢᠯ ᠪᠣᠯᠤᠨ᠎ᠠ᠂ ᠵᠢᠨᠢᠩ ᠲᠣᠭᠤᠷᠢᠭ ︽ᠵᠢᠵᠢᠭ ᠵᠣᠷᠯᠣᠩ ᠪᠤᠯ ᠶᠡᠭᠡ ᠠᠷᠠᠳ ᠤᠨ ᠠᠮᠢᠳᠤᠷᠠᠯ︾ ᠭᠡᠬᠦ ᠡᠨᠡ ᠬᠦ ᠵᠠᠩᠭᠢᠯᠠᠭ᠎ᠠ ᠶᠢ ᠴᠢᠩᠭ᠎ᠠ ᠠᠳᠬᠤᠵᠤ᠂ ᠬᠥᠳᠡᠭᠡ ᠲᠣᠰᠬᠤᠨ ᠤ ᠡᠷᠦᠬᠡ ᠶᠢᠨ ᠵᠣᠷᠯᠣᠩ ᠤᠨ ᠥᠭᠡᠷᠡᠴᠢᠯᠡᠯᠲᠡ ᠶᠢ ᠪᠦᠬᠦ ᠬᠦᠴᠦᠨ ᠢᠶᠠᠷ ᠢᠶᠠᠨ ᠠᠬᠢᠭᠤᠯᠵᠤ᠂ ᠬᠥᠳᠡᠭᠡ ᠲᠣᠰᠬᠤᠨ ᠤ ᠬᠥᠮᠦᠰ ᠤᠨ ᠣᠷᠣᠰᠢᠨ ᠰᠠᠭᠤᠬᠤ ᠣᠷᠴᠢᠨ ᠨᠥᠬᠦᠴᠡᠯ ᠢ ᠦᠷᠭᠦᠯᠵᠢᠯᠡᠨ ᠰᠠᠶᠢᠵᠢᠷᠠᠭᠤᠯᠬᠤ ᠳᠤᠲᠠᠭᠤᠳᠠᠯ ᠢ ᠨᠥᠬᠦᠪᠥᠷᠢᠯᠡᠵᠦ᠂ ᠦᠵᠡᠰᠬᠦᠯᠡᠩᠲᠦ ᠰᠠᠶᠢᠬᠠᠨ ᠬᠥᠳᠡᠭᠡ ᠲᠣᠰᠬᠤᠨ ᠤ ᠪᠦᠳᠦᠭᠡᠨ ᠪᠠᠶᠢᠭᠤᠯᠤᠯᠲᠠ ᠶᠢ ᠯᠠᠪᠳᠠᠭᠤᠨ ᠪᠠᠲᠤᠲᠠᠢ ᠠᠬᠢᠭᠤᠯᠪᠠ᠃    2024 ᠣᠨ ᠳᠤ᠂ ᠵᠢᠨᠢᠩ ᠲᠣᠭᠤᠷᠢᠭ ︽ᠵᠢᠨᠢᠩ ᠲᠣᠭᠤᠷᠢᠭ ᠤᠨ 2024 ᠣᠨ ᠤ ᠬᠥᠳᠡᠭᠡ ᠲᠣᠰᠬᠤᠨ ᠤ ᠡᠷᠦᠬᠡ ᠳᠤ ᠬᠡᠷᠡᠭᠯᠡᠬᠦ ᠵᠣᠷᠯᠣᠩ ᠢ ᠥᠭᠡᠷᠡᠴᠢᠯᠡᠨ ᠪᠠᠶᠢᠭᠤᠯᠬᠤ ᠬᠡᠷᠡᠭᠵᠢᠭᠦᠯᠬᠦ ᠲᠥᠰᠦᠯ︾ ᠢ ᠲᠣᠭᠲᠠᠭᠠᠨ ᠳᠠᠷᠤᠮᠠᠯᠯᠠᠨ ᠲᠠᠷᠬᠠᠭᠠᠵᠤ᠂ ᠮᠠᠯᠵᠢᠬᠤ ᠲᠠᠷᠢᠶᠠᠯᠠᠬᠤ ᠣᠷᠣᠨ ᠤ ᠡᠷᠦᠬᠡ ᠶᠢᠨ ᠵᠣᠷᠯᠣᠩ ᠢ ᠥᠭᠡᠷᠡᠴᠢᠯᠡᠨ ᠪᠠᠶᠢᠭᠤᠯᠬᠤ ᠳᠤ ᠨᠡᠶᠢᠲᠡ 164 ᠡᠷᠦᠬᠡ ᠬᠡᠷᠡᠭᠵᠢᠭᠦᠯᠵᠦ᠂ ᠡᠭᠦᠨ ᠳᠤ ᠤᠰᠤᠨ ᠵᠣᠷᠯᠣᠩ 108 ᠡᠷᠦᠬᠡ᠂ ᠬᠠᠭᠤᠷᠠᠶ ᠵᠣᠷᠯᠣᠩ 56 ᠡᠷᠦᠬᠡ ᠪᠣᠶ᠃ 5 ᠰᠠᠷ᠎ᠠ ᠶᠢᠨ 27 ᠤ ᠡᠳᠦᠷ ᠪᠣᠯᠲᠠᠯ᠎ᠠ᠂ ᠵᠣᠷᠯᠣᠩ ᠤᠨ ᠥᠭᠡᠷᠡᠴᠢᠯᠡᠯᠲᠡ ᠨᠢᠭᠡᠨᠲᠡ 64 ᠡᠷᠦᠬᠡ ᠶᠢ ᠪᠡᠶᠡᠯᠡᠭᠦᠯᠵᠦ᠂ ᠬᠠᠭᠤᠷᠠᠶ ᠵᠣᠷᠯᠣᠩ ᠤᠨ ᠭᠠᠵᠠᠷ ᠳᠣᠤᠷᠠᠬᠢ ᠬᠡᠰᠡᠭ 15 ᠡᠷᠦᠬᠡ ᠶᠢ ᠠᠵᠢᠯ ᠳᠠᠭᠤᠰᠬᠠᠵᠤ᠂ ᠵᠢᠱᠢᠯᠲᠡ ᠪᠠᠷ 9 ᠰᠠᠷ᠎ᠠ ᠶᠢᠨ ᠰᠡᠭᠦᠯᠴᠢ ᠠᠴᠠ ᠡᠮᠦᠨ᠎ᠡ ᠥᠭᠡᠷᠡᠴᠢᠯᠡᠬᠦ ᠡᠭᠦᠷᠭᠡ ᠶᠢ ᠪᠡᠶᠡᠯᠡᠭᠦᠯᠦᠨ᠎ᠡ᠃                         ᠤᠷᠴᠢᠭᠤᠯᠤᠭᠴᠢ᠄ ᠬᠦᠰᠡᠯ                         ᠬᠢᠨᠠᠭᠴᠢ᠄ ᠠᠷᠢᠭᠤᠨ
 
ᠢᠷᠡᠯᠲᠡ᠄ ᠤᠯᠠᠭᠠᠨᠴᠠᠪ ᠬᠤᠳᠠ ᠶᠢᠨ ᠵᠠᠰᠠᠭ ᠤᠨ ᠤᠷᠳᠤᠨ ᠤ ᠬᠢᠳᠡᠳ ᠰᠦᠯᠵᠢᠶ᠎ᠡ
 
 
ᠬᠠᠮᠢᠶ᠎ᠠ ᠪᠥᠬᠦᠢ ᠰᠤᠨᠢᠨ
 
2014-2015 ©  ᠦᠪᠦᠷ ᠮᠣᠩᠭᠤᠯ ᠤᠨ ᠮᠦᠩᠭᠡᠭᠠᠯ ᠰᠣᠹᠲ ᠤᠨ ᠬᠤᠪᠢᠴᠠᠭᠠᠨ ᠤ ᠬᠢᠵᠠᠭᠠᠷᠲᠦ ᠺᠣᠮᠫᠠᠨᠢ ᠪᠦᠬᠦ ᠵᠦᠢᠯ ᠬᠠᠤᠯᠢ ᠪᠠᠷ ᠬᠠᠮᠠᠭᠠᠯᠠᠭᠳᠠᠭᠰᠠᠨ᠂ ᠵᠦᠪᠰᠢᠶᠡᠷᠡᠯ ᠦᠭᠡᠢ ᠪᠠᠷ ᠬᠠᠭᠤᠯᠪᠤᠷᠢᠯᠠᠬᠤ ᠶᠢ ᠡᠷᠡᠰ ᠬᠤᠷᠢᠭᠯᠠᠨ᠎ᠠ 蒙ICP备05000622号-2